ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 9 ᠰᠠᠷ᠎ᠠ ᠶᠢᠨ 11 ᠤ ᠡᠳᠦᠷ ᠺᠦᠨᠵᠢᠷᠡᠪ ᠪᠣᠭᠤᠮᠲᠠ ᠶᠢᠨ ᠪᠦᠭᠦ | ᠠᠵᠢᠯᠲᠠᠳ ᠲᠤ ᠬᠠᠷᠢᠭᠤ ᠵᠠᠬᠢᠳᠠᠯ ᠢᠯᠡᠭᠡᠵᠦ᠂ ᠪᠣᠭᠤᠮᠲᠠ ᠶᠢᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠲᠤᠰᠢᠶᠠᠯ | ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠪᠠ᠃ | ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠲᠠ ᠨᠠᠷ ᠬᠠᠬᠢᠷ ᠬᠦᠢᠲᠡᠨ ᠠᠭᠤᠷ ᠠᠮᠢᠰᠬᠤᠯ ᠪᠠ ᠬᠦᠴᠢᠯᠲᠥ᠋ᠷᠥᠭᠴᠢ | ᠳᠤᠲᠠᠭᠳᠠᠬᠤ ᠵᠡᠷᠭᠡ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠴᠠᠰᠤᠲᠤ ᠣᠷᠣᠨ ᠳᠠᠬᠢ ᠤᠯᠤᠰ ᠤᠨ ᠡᠭᠦᠳᠡ ᠶᠢᠨ ᠡᠮᠦᠨ᠎ᠡ | ᠹᠷᠣᠨᠲ ᠲᠤ ᠦᠨᠳᠦᠰᠦᠯᠡᠵᠦ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ᠂ ᠦᠭᠡ ᠳᠠᠭᠤᠨ ᠦᠭᠡᠢ ᠪᠠᠷ ᠬᠤᠪᠢ | ᠨᠡᠮᠡᠷᠢ ᠦᠵᠡᠭᠦᠯᠵᠦ᠂ ᠶᠡᠷᠦ ᠪᠤᠰᠤ ᠶᠢᠨ ᠠᠮᠵᠢᠯᠲᠠ ᠪᠦᠲᠦᠮᠵᠢ ᠭᠠᠷᠭᠠᠵᠤ᠂ ᠰᠢᠨ᠎ᠡ ᠴᠠᠭ ᠦᠶ᠎ᠡ ᠶᠢᠨ ᠪᠣᠭᠤᠮᠲᠠ ᠶᠢᠨ | ᠬᠥᠮᠥᠰ ᠤᠨ ᠡᠷᠡᠮᠡᠬᠡᠶᠢᠯᠡᠨ ᠲᠡᠮᠡᠴᠡᠵᠦ ᠵᠢᠳᠬᠦᠯ ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ | ᠢᠯᠡᠷᠡᠭᠦᠯᠪᠡ᠃ ᠡᠨᠡ ᠵᠢᠯ ᠪᠣᠯ ᠪᠣᠭᠤᠮᠲᠠ ᠶᠢᠨ ᠪᠤᠭᠤᠮᠲᠠᠴᠢᠨ ᠤ ᠴᠣᠯᠠ ᠶᠢᠨ ᠳᠦᠷᠢᠮ ᠢ ᠬᠡᠷᠡᠭᠵᠢᠭᠦᠯᠦᠭᠰᠡᠨ 20 ᠵᠢᠯ ᠤᠨ | ᠤᠢ ᠪᠣᠯᠣᠨ᠎ᠠ᠂ ᠡᠨᠡ ᠬᠦ ᠲᠠᠰᠢᠷᠠᠮ ᠢᠶᠠᠷ ᠪᠣᠭᠤᠮᠲᠠ ᠶᠢᠨ ᠰᠢᠰᠲ᠋ᠧᠮ ᠤᠨ ᠪᠦᠭᠦ ᠨᠥᠬᠦᠳ ᠲᠤ ᠴᠢᠩ ᠰᠡᠳᠬᠢᠯ ᠤᠨ | ᠮᠡᠨᠳᠦᠴᠢᠯᠡᠯ ᠳᠡᠪᠰᠢᠭᠦᠯᠵᠦ ᠪᠠᠶᠢᠨ᠎ᠠ︕ ᠭᠡᠵᠦ ᠬᠡᠯᠡᠪᠡ᠃ | ᠰᠢ ᠶᠢᠨ ᠫᠢᠩ᠂ ᠪᠣᠭᠤᠮᠲᠠ ᠨᠢ ᠤᠯᠤᠰ ᠤᠨ ᠡᠭᠦᠳᠡ ᠪᠠᠨ ᠰᠠᠬᠢᠬᠤ᠂ ᠬᠥᠭᠵᠢᠯᠲᠡ ᠶᠢ ᠠᠬᠢᠭᠤᠯᠬᠤ ᠲᠤᠰᠢᠶᠠᠯ | ᠬᠠᠷᠢᠭᠤᠴᠠᠯᠭ᠎ᠠ ᠶᠢ ᠡᠭᠦᠷᠭᠡᠯᠡᠵᠦ᠂ ᠪᠣᠭᠤᠮᠲᠠ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ | ᠶᠤᠮ᠃ ᠨᠥᠬᠦᠳ ᠨᠠᠷ ᠤᠨ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠪᠣᠭᠤᠮᠲᠠ ᠶᠢᠨ | ᠡᠩᠨᠡᠭᠡ ᠶᠢᠨ ᠰᠢᠯᠢᠳᠡᠭ ᠰᠤᠷᠲᠠᠯ ᠢ ᠪᠠᠳᠠᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠪᠣᠯᠣᠨ | ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠤᠯᠤᠰ ᠤᠨ ᠡᠭᠦᠳᠡ ᠶᠢᠨ ᠠᠮᠤᠷ ᠲᠦᠪᠰᠢᠨ ᠤ ᠬᠠᠯᠬᠠᠪᠴᠢ ᠶᠢ | ᠪᠠᠲᠤ ᠴᠣᠭᠴᠠᠯᠠᠵᠤ᠂ ᠴᠢᠨᠠᠷ ᠰᠠᠶᠢᠲᠠᠢ ᠬᠥᠭᠵᠢᠯᠲᠡ᠂ ᠥᠨᠳᠥᠷ ᠲᠦᠪᠰᠢᠨ ᠲᠠᠢ ᠪᠠᠷ ᠨᠡᠭᠡᠭᠡᠯᠲᠡ ᠶᠢ ᠠᠬᠢᠭᠤᠯᠵᠤ᠂ | ᠨᠠᠮ ᠳᠠᠭᠠᠨ ᠨᠠᠶᠢᠳᠠᠪᠤᠷᠢᠲᠠᠢ ᠲᠠᠢ ᠤᠯᠠᠨ ᠲᠦᠮᠡᠨ ᠳᠡᠭᠡᠨ ᠬᠦᠷᠢᠶᠡᠯᠡᠯ ᠲᠠᠢ ᠤᠯᠤᠰ ᠤᠨ ᠡᠭᠦᠳᠡ ᠶᠢᠨ ᠬᠠᠮᠠᠭᠠᠯᠠᠭᠴᠢ ᠪᠣᠯᠵᠤ | ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠳᠤ | ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | ᠺᠦᠨᠵᠢᠷᠠᠪ ᠪᠣᠭᠤᠮᠲᠠ ᠨᠢ ︽ᠠᠮᠢ ᠨᠠᠰᠤᠨ ᠤ ᠬᠤᠷᠢᠭ᠎ᠠ ᠣᠷᠣᠨ︾ ᠬᠡᠮᠡᠭᠳᠡᠭᠰᠡᠨ ᠫᠠᠮᠢᠷ ᠤᠨ ᠥᠨᠳᠦᠷᠯᠢᠭ ᠲᠤ | ᠪᠠᠶᠢᠷᠢᠯᠠᠵᠤ᠂ ᠲᠡᠨᠳᠡ ᠪᠠᠶᠢᠭ᠎ᠠ ᠪᠣᠭᠤᠮᠲᠠ ᠨᠢ ᠮᠠᠨ ᠤ ᠤᠯᠤᠰ ᠪᠣᠯᠣᠨ ᠫᠠᠺᠢᠰᠲ᠋ᠠᠨ ᠤ ᠴᠣᠷ ᠤᠨ ᠭᠠᠭᠴᠠ ᠬᠠᠭᠤᠷᠠᠢ | ᠵᠠᠮ ᠤᠨ ᠬᠢᠯᠢ ᠪᠠᠷ ᠣᠷᠣᠵᠤ ᠭᠠᠷᠬᠤ ᠪᠣᠭᠤᠮᠲᠠ ᠪᠣᠯᠣᠨ᠎ᠠ᠃ 2005 ᠣᠨ ᠳᠤ᠂ ᠺᠦᠨᠵᠢᠷᠡᠪ ᠪᠣᠭᠤᠮᠲᠠ ᠳᠤ ᠲᠦᠷᠦ ᠶᠢᠨ | ᠶᠠᠪᠤᠳᠠᠯ ᠤᠨ ᠬᠤᠷᠢᠶ᠎ᠠ ᠠᠴᠠ ︽ᠲᠡᠰᠪᠦᠷᠢ ᠬᠠᠲᠠᠭᠤᠵᠢᠯᠲᠠᠢ ᠲᠡᠮᠡᠴᠡᠭᠰᠡᠨ ᠵᠢᠱᠢᠶᠡᠴᠢ ᠪᠣᠭᠤᠮᠲᠠ︾ ᠬᠡᠮᠡᠬᠦ ᠢᠷᠠᠭᠤ | ᠠᠯᠳᠠᠷ ᠤᠨ ᠴᠣᠯᠠ ᠣᠯᠭᠤᠵᠤ᠂ ᠡᠨᠡ ᠵᠢᠯ ᠪᠦᠭᠦ ᠤᠯᠤᠰ ᠤᠨ ᠪᠣᠭᠤᠮᠲᠠ ᠶᠢᠨ ᠰᠢᠰᠲ᠋ᠧᠮ ᠤᠨ ᠲᠡᠷᠢᠭᠦᠨ ᠤ ᠬᠠᠮᠲᠤ | ᠨᠢᠭᠡᠴᠢ ᠪᠠᠷ ᠦᠨᠡᠯᠡᠭᠳᠡᠪᠡ᠃ ᠪᠣᠭᠤᠮᠲᠠ ᠶᠢᠨ ᠪᠤᠭᠤᠮᠲᠠᠴᠢᠨ ᠤ ᠴᠣᠯᠠ ᠶᠢᠨ ᠳᠦᠷᠢᠮ ᠢ ᠬᠡᠷᠡᠭᠵᠢᠭᠦᠯᠦᠭᠰᠡᠨ 20 ᠵᠢᠯ ᠤᠨ | ᠤᠢ ᠶᠢᠨ ᠲᠠᠰᠢᠷᠠᠮ ᠢᠶᠠᠷ᠂ ᠺᠦᠨᠵᠢᠷᠠᠪ ᠪᠣᠭᠤᠮᠲᠠ ᠶᠢᠨ ᠪᠦᠭᠦ ᠠᠵᠢᠯᠲᠠᠨ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ | ᠪᠢᠴᠢᠵᠦ᠂ ᠤᠯᠤᠰ ᠤᠨ ᠡᠭᠦᠳᠡ ᠪᠠᠨ ᠦᠷᠭᠦᠯᠵᠢᠯᠡᠨ ᠰᠠᠬᠢᠵᠤ᠂ ᠬᠥᠭᠵᠢᠯᠲᠡ ᠳᠤ ᠦᠢᠯᠡᠴᠢᠯᠡᠵᠦ ᠪᠠᠶᠢᠭ᠎ᠠ ᠪᠠᠶᠢᠳᠠᠯ ᠢᠶᠠᠨ | ᠬᠠᠷᠢᠭᠤ ᠮᠡᠳᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ | ᠡᠷᠭᠦᠬᠦ ᠵᠣᠷᠢᠭ ᠢᠶᠠᠨ ᠢᠯᠡᠳᠬᠡᠪᠡ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 12 ᠤᠨ ᠴᠠᠭᠢᠯᠭᠠᠨ ᠮᠡᠳᠡᠭᠡ︶ | | |