ᠦᠪᠦᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠲᠤᠯᠠᠭᠠᠨ ᠭᠡᠷ ᠨᠡᠶᠢᠭᠡᠮ ᠲᠤᠭᠤᠷᠢᠭ ᠲᠤ ᠠᠯᠪᠠᠨ ᠵᠢᠷᠤᠮ ᠤᠨ ᠡᠮᠴᠢᠯᠡᠭᠡ ᠶᠢᠨ ᠠᠵᠢᠯᠯᠠᠭ᠎ᠠ ᠦᠷᠨᠢᠭᠦᠯᠦᠭᠰᠡᠨ
ᠨᠡᠶᠢᠲᠡᠯᠡᠭᠰᠡᠨ ᠴᠠᠭ᠄
2023/9/14
      ᠥᠪᠥᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ  ᠶᠢᠨ ᠬᠢᠨ ︽ᠰᠡᠳᠬᠢᠯ ᠢᠶᠠᠨ ᠨᠢᠭᠡᠳᠬᠡᠨ ᠰᠠᠭᠤᠷᠢ ᠪᠠᠨ ᠪᠠᠲᠤᠳᠬᠠᠵᠤ᠂ ᠪᠦᠯᠬᠦᠮᠳᠡᠨ ᠨᠢᠭᠲᠠᠷᠠᠨ ᠰᠢᠨ᠎ᠡ ᠠᠶᠠᠨ ᠳᠤ ᠪᠠᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠲᠠᠢ ᠪᠠᠨ ᠤᠶᠠᠯᠳᠤᠭᠤᠯᠵᠤ᠂ ᠳᠤᠯᠠᠭᠠᠨ ᠭᠡᠷ ᠨᠡᠶᠢᠭᠡᠮ ᠲᠤᠭᠤᠷᠢᠭ ᠲᠤ ᠡᠷᠡᠭᠦᠯ ᠮᠡᠨᠳᠦ ᠬᠦᠷᠭᠡᠬᠦ ᠠᠯᠪᠠᠨ ᠵᠢᠷᠦᠮ ᠤᠨ ᠡᠮᠴᠢᠯᠡᠭᠡ ᠶᠢᠨ ᠠᠵᠢᠯᠯᠠᠭ᠎ᠠ ᠦᠷᠨᠢᠭᠦᠯᠵᠤ᠂ ᠪᠤᠳᠠᠳᠠᠢ ᠠᠵᠢᠯᠯᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠪᠤᠢ᠃      ᠲᠤᠰ ᠤᠳᠠᠭᠠᠨ ᠤ ᠠᠯᠪᠠᠨ ᠵᠢᠷᠦᠮ ᠤᠨ ᠡᠮᠴᠢᠯᠡᠭᠡ ᠶᠢᠨ ᠠᠵᠢᠯᠯᠠᠭ᠎ᠠ ᠳᠤ ᠥᠪᠥᠷ ᠮᠤᠩᠭᠤᠯ ᠤᠨ ᠤᠯᠠᠨ ᠤᠯᠤᠰ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠴᠢᠬᠢ ᠬᠠᠮᠠᠷ ᠬᠤᠭᠤᠯᠠᠢ ᠶᠢᠨ ᠰᠠᠯᠠᠭ᠎ᠠ᠂ ᠨᠢᠳᠦᠨ ᠤ ᠰᠠᠯᠠᠭ᠎ᠠ᠂ ᠲᠠᠪᠤᠨ ᠵᠠᠰᠠᠯ ᠢᠶᠠᠷ ᠡᠷᠡᠭᠦᠯᠵᠢᠭᠦᠯᠬᠦ ᠰᠠᠯᠠᠭᠠᠨ ᠤ ᠡᠮᠴᠢ ᠨᠠᠷ ᠠᠷᠠᠳ ᠲᠤ ᠦᠨ᠎ᠡ ᠲᠦᠯᠦᠪᠦᠷᠢ ᠦᠭᠡᠢ ᠪᠠᠷ ᠤᠯᠠᠨ ᠲᠦᠷᠦᠯ ᠤᠨ ᠪᠠᠶᠢᠴᠠᠭᠠᠯᠲᠠ ᠶᠢ ᠬᠢᠵᠦ ᠦᠭᠭᠦᠨ᠂ ᠤᠳᠠᠭᠠᠨ ᠴᠢᠨᠠᠷ ᠲᠠᠢ ᠡᠪᠡᠳᠴᠢᠨ᠂ ᠦᠷᠭᠦᠯᠵᠢ ᠲᠤᠬᠢᠶᠠᠯᠳᠤᠳᠠᠭ ᠡᠪᠡᠳᠴᠢᠨ ᠢ ᠰᠡᠷᠭᠡᠶᠢᠯᠡᠨ ᠵᠠᠰᠠᠬᠤ ᠪᠠ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠲᠣᠭᠳᠠᠭᠰᠠᠨ ᠬᠤᠭᠤᠴᠠᠭᠠᠨ ᠳᠤ ᠪᠡᠶ᠎ᠡ ᠶᠢᠨ ᠪᠠᠶᠢᠴᠠᠭᠠᠯᠲᠠ ᠬᠢᠬᠦ ᠶᠢᠨ ᠴᠢᠬᠤᠯᠠ ᠴᠢᠨᠠᠷ ᠢ ᠤᠶᠢᠯᠠᠭᠠᠭᠤᠯᠤᠨ᠂ ᠢᠳᠡᠪᠬᠢ ᠪᠠᠶᠠᠰᠤᠩᠭᠤᠢ ᠣᠪᠤᠷ ᠢᠶᠠᠷ ᠡᠷᠡᠭᠦᠯ ᠴᠢᠬᠢᠷᠠᠭ ᠠᠮᠢᠳᠤᠷᠠᠯ ᠤᠨ ᠳᠠᠳᠬᠠᠯ ᠢ ᠪᠤᠢ ᠪᠤᠯᠭᠠᠬᠤ ᠶᠢ ᠤᠬᠠᠭᠤᠯᠤᠨ ᠵᠤᠷᠢᠭᠵᠢᠭᠤᠯᠤᠭᠰᠠᠨ ᠪᠠᠶᠢᠨ᠎ᠠ᠃
      ᠲᠤᠰ ᠤᠳᠠᠭᠠᠨ ᠤ ᠠᠵᠢᠯᠯᠠᠭ᠎ᠠ ᠨᠢ ᠤᠯᠠᠨ ᠲᠦᠮᠡᠨ ᠤ ᠡᠪᠡᠳᠴᠢᠨ ᠢᠶᠠᠨ ᠦᠵᠡᠭᠦᠯᠬᠦ ᠳᠤ ᠳᠦᠭᠦᠮ ᠨᠦᠬᠦᠴᠡᠯ ᠬᠠᠩᠭᠠᠵᠤ᠂ ᠲᠡᠳᠡᠨ ᠳᠤ ᠦᠨ᠎ᠡ ᠲᠦᠯᠡᠪᠦᠷᠢ ᠦᠭᠡᠢ ᠡᠮᠴᠢᠯᠡᠭᠡ ᠶᠢᠨ ᠦᠢᠯᠡᠴᠢᠯᠡᠭᠡ ᠬᠦᠷᠲᠡᠭᠡᠵᠦ᠂ ᠡᠷᠡᠭᠦᠯ ᠮᠡᠨᠳᠦ ᠶᠢᠨ ᠶᠡᠷᠦ ᠶᠢᠨ ᠮᠡᠳᠡᠯᠭᠡ ᠶᠢᠨ ᠬᠢᠷᠢ ᠲᠦᠪᠰᠢᠨ ᠢ ᠨᠢ ᠳᠡᠭᠡᠭᠰᠢᠭᠦᠯᠦᠨ᠂ ᠡᠷᠡᠭᠦᠯ ᠮᠡᠨᠳᠦ ᠪᠠᠨ ᠠᠩᠬᠠᠷᠬᠤ ᠤᠬᠠᠮᠰᠠᠷ ᠢ ᠨᠢ ᠳᠡᠭᠡᠭᠰᠢᠭᠦᠯᠵᠦ ᠤᠯᠠᠨ ᠤ ᠰᠠᠶᠢᠨ ᠦᠨᠡᠯᠡᠯᠭᠡ ᠶᠢ ᠣᠯᠤᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号