ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 13 ᠤ ᠴᠠᠭᠢᠯᠭᠠᠨ ᠮᠡᠳᠡᠭᠡ 9 ᠰᠠᠷ᠎ᠠ ᠶᠢᠨ 13 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠸᠧᠨᠧᠽᠦ᠋ᠧᠯᠠ ᠶᠢᠨ ᠶᠡᠷᠦᠩᠬᠡᠶᠢᠯᠡᠭᠴᠢ | ᠮᠠᠳᠦ᠋ᠯᠦ᠋ᠸᠧ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠸᠧᠨᠧᠽᠦ᠋ᠧᠯᠠ ᠶᠢᠨ ᠬᠠᠷᠢᠯᠴᠠᠭ᠎ᠠ ᠶᠢ | ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃ | | | 9 ᠰᠠᠷ᠎ᠠ ᠶᠢᠨ 13 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ | ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠸᠧᠨᠧᠽᠦ᠋ᠧᠯᠠ ᠶᠢᠨ ᠶᠡᠷᠦᠩᠬᠡᠶᠢᠯᠡᠭᠴᠢ ᠮᠠᠳᠦ᠋ᠯᠦ᠋ᠸᠧ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ ᠡᠮᠦᠨ᠎ᠡ | ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠮᠠᠳᠦ᠋ᠯᠥ᠋ᠸᠧ ᠪᠣᠯᠣᠨ ᠲᠡᠭᠦᠨ ᠤ ᠬᠠᠳᠤᠨ ᠹᠯᠤᠯᠸᠢᠢᠰ ᠲᠠᠢ | ᠬᠠᠮᠲᠤ ᠶᠢᠨ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | | ᠰᠢ ᠶᠢᠨ ᠫᠢᠩ᠂ ᠳᠤᠮᠳᠠᠳᠤ ᠤᠯᠤᠰ ᠪᠣᠯᠣᠨ ᠸᠧᠨᠧᠽᠦ᠋ᠧᠯᠠ ᠪᠣᠯ ᠬᠠᠷᠢᠯᠴᠠᠨ ᠢᠲᠡᠭᠡᠯᠴᠡᠭᠰᠡᠨ ᠰᠠᠶᠢᠨ ᠨᠠᠶᠢᠵᠠ᠂ | ᠬᠠᠮᠲᠤ ᠪᠠᠷ ᠬᠥᠭᠵᠢᠭᠰᠡᠨ ᠰᠠᠶᠢᠨ ᠬᠠᠨᠢᠲᠠᠨ ᠮᠥᠨ᠃ ᠣᠶᠢᠷ᠎ᠠ ᠶᠢᠨ ᠵᠢᠯ ᠠᠴᠠ᠂ ᠳᠤᠮᠳᠠᠳᠤ ᠸᠧᠨᠧᠽᠦ᠋ᠧᠯᠠ ᠬᠤᠶᠠᠷ ᠤᠯᠤᠰ | ᠴᠥᠮ ᠲᠦᠢᠯ ᠤᠨ ᠶᠡᠷᠦ ᠪᠤᠰᠤ ᠶᠢᠨ ᠬᠥᠭᠵᠢᠯᠲᠡ ᠶᠢᠨ ᠶᠠᠪᠤᠴᠠ ᠶᠢ ᠥᠩᠭᠡᠷᠡᠭᠦᠯᠵᠦ᠂ ᠬᠤᠶᠠᠷ ᠲᠠᠯ᠎ᠠ ᠪᠠᠷ ᠢᠶᠠᠨ | ᠳᠡᠯᠡᠬᠡᠢ ᠶᠢᠨ ᠤᠷᠪᠠᠭᠠᠨ ᠬᠥᠷᠪᠡᠭᠡᠨ ᠳᠤᠮᠳᠠ ᠬᠠᠷᠢᠯᠴᠠᠨ ᠳᠡᠮᠵᠢᠵᠦ᠂ ︽ᠲᠦᠢᠯ ᠤᠨ ᠨᠠᠶᠢᠳᠠᠪᠤᠷᠢᠲᠠᠢ︾ ᠨᠥᠬᠦᠷᠯᠡᠯ ᠢ | ᠪᠠᠶᠢᠭᠤᠯᠪᠠ᠃ ᠳᠤᠮᠳᠠᠳᠤ ᠤᠯᠤᠰ ᠢᠮᠠᠭᠲᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ | ᠬᠠᠷᠠᠭᠠᠰᠤ ᠠᠴᠠ ᠸᠧᠨᠧᠽᠦ᠋ᠧᠯᠠ ᠯᠤᠭ᠎ᠠ ᠶᠢᠨ ᠬᠠᠷᠢᠯᠴᠠᠭ᠎ᠠ ᠳᠤ ᠬᠠᠨᠳᠤᠵᠤ᠂ ᠸᠧᠨᠧᠽᠦ᠋ᠧᠯᠠ ᠶᠢᠨ ᠬᠢᠨ ᠤ ᠤᠯᠤᠰ ᠤᠨ ᠡᠷᠬᠡ | ᠮᠡᠳᠡᠯ᠂ ᠦᠨᠳᠦᠰᠦᠲᠡᠨ ᠤ ᠨᠡᠷ᠎ᠡ ᠬᠦᠨᠳᠦ᠂ ᠨᠡᠶᠢᠭᠡᠮ ᠤᠨ ᠲᠣᠭᠲᠠᠭᠤᠨ ᠢᠶᠠᠨ ᠬᠠᠮᠠᠭᠠᠯᠠᠬᠤ ᠴᠢᠷᠮᠠᠶᠢᠯᠭ᠎ᠠ ᠶᠢ ᠡᠷᠡᠰ ᠳᠡᠮᠵᠢᠵᠦ | ᠂ ᠸᠧᠨᠧᠽᠦ᠋ᠧᠯᠠ ᠶᠢᠨ ᠬᠢᠨ ᠤ ᠭᠠᠳᠠᠭᠠᠳᠤ ᠶᠢᠨ ᠭᠠᠷ ᠳᠦᠷᠦᠯᠲᠡ ᠶᠢ ᠡᠰᠡᠷᠭᠦᠴᠡᠬᠦ ᠰᠢᠳᠤᠷᠭᠤ ᠶᠣᠰᠣᠨ ᠤ ᠦᠢᠯᠡᠰ ᠢ ᠡᠷᠡᠰ | ᠳᠡᠮᠵᠢᠨ᠎ᠠ᠃ ᠳᠤᠮᠳᠠᠳᠤ ᠸᠧᠨᠧᠽᠦ᠋ᠧᠯᠠ ᠶᠢᠨ ᠬᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ | ᠪᠠᠶᠢᠭᠤᠯᠬᠤ ᠨᠢ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠳᠤ ᠨᠡᠶᠢᠴᠡᠵᠦ᠂ ᠲᠡᠦᠬᠡ ᠶᠢᠨ | ᠬᠥᠭᠵᠢᠯᠲᠡ ᠶᠢᠨ ᠶᠡᠭᠡ ᠬᠠᠨᠳᠤᠰᠢ ᠳᠤ ᠨᠡᠶᠢᠴᠡᠨ᠎ᠡ᠃ ᠬᠤᠶᠠᠷ ᠲᠠᠯ᠎ᠠ ᠪᠠᠷ ᠢᠶᠠᠨ ᠳᠤᠮᠳᠠᠳᠤ ᠸᠧᠨᠧᠽᠦ᠋ᠧᠯᠠ ᠶᠢᠨ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠶᠢᠨ ᠨᠡᠩ ᠤᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ᠬᠤᠶᠠᠷ ᠤᠯᠤᠰ ᠤᠨ | ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ | ᠤᠯᠠᠨ ᠢᠳᠡᠪᠬᠢ ᠬᠦᠴᠦᠨ ᠨᠡᠮᠡᠷᠢᠯᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠢᠯᠠᠩᠭᠤᠶ᠎ᠠ ᠠᠵᠤ ᠠᠬᠤᠢ ᠶᠢᠨ ᠣᠨᠴᠠᠭᠠᠶ | ᠣᠷᠣᠨ ᠤ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ᠂ ᠥᠭᠡᠷᠡᠴᠢᠯᠡᠯᠲᠡ ᠨᠡᠭᠡᠭᠡᠯᠲᠡ | ᠪᠣᠯ ᠳᠤᠮᠳᠠᠳᠤ ᠤᠯᠤᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠮᠥᠨ᠂ ᠤᠳᠤ | ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠮᠥᠨ᠂ ᠳᠤᠮᠳᠠᠳᠤ ᠤᠯᠤᠰ | ᠡᠨᠡ ᠬᠦ ᠶᠠᠪᠤᠴᠠ ᠳᠤ ᠣᠯᠣᠭᠰᠠᠨ ᠡᠷᠬᠢᠮ ᠨᠠᠨᠳᠢᠨ ᠲᠤᠷᠰᠢᠯᠭ᠎ᠠ ᠪᠠᠨ ᠨᠠᠨᠳᠢᠩᠨᠠᠵᠤ᠂ ᠥᠭᠡᠷᠡᠴᠢᠯᠡᠯᠲᠡ ᠨᠡᠭᠡᠭᠡᠯᠲᠡ ᠶᠢ | ᠦᠷᠭᠦᠯᠵᠢᠯᠡᠨ ᠤᠷᠤᠭᠰᠢ ᠠᠬᠢᠭᠤᠯᠬᠤ ᠪᠣᠯᠣᠨ᠎ᠠ᠃ ᠶᠠᠮᠠᠷ ᠴᠤ ᠬᠦᠴᠦᠨ ᠭᠡᠳ ᠳᠤᠮᠳᠠᠳᠤ ᠤᠯᠤᠰ ᠤᠨ ᠬᠥᠭᠵᠢᠯᠲᠡ | ᠳᠠᠪᠰᠢᠯᠲᠠ ᠶᠢᠨ ᠠᠯᠬᠤᠭ᠎ᠠ ᠶᠢ ᠬᠤᠷᠢᠭᠯᠠᠵᠤ ᠴᠢᠳᠠᠬᠤ ᠦᠭᠡᠢ ᠶᠤᠮ᠃ ᠳᠤᠮᠳᠠᠳᠤ ᠤᠯᠤᠰ ᠳᠤᠷᠠᠲᠠᠶ᠎ᠠ | ᠸᠧᠨᠧᠽᠦ᠋ᠧᠯᠠ ᠶᠢᠨ ᠬᠢᠨ ᠲᠠᠢ ᠲᠤᠰ ᠤᠯᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠬᠦ ᠬᠥᠭᠵᠢᠯᠲᠡ ᠶᠢᠨ ᠵᠠᠮ ᠢ | ᠬᠠᠶᠢᠨ ᠰᠦᠪᠡᠭᠴᠢᠯᠡᠬᠦ ᠶᠢ ᠡᠷᠡᠰ ᠳᠡᠮᠵᠢᠵᠦ᠂ ᠨᠠᠮ ᠢ ᠵᠠᠰᠠᠬᠤ ᠲᠦᠷᠦ ᠶᠢ ᠵᠠᠰᠠᠬᠤ ᠵᠠᠰᠠᠭ ᠢ ᠡᠷᠭᠢᠯᠡᠭᠦ ᠲᠤᠷᠰᠢᠯᠭ᠎ᠠ ᠪᠠᠨ | ᠰᠣᠯᠢᠯᠴᠠᠬᠤ ᠶᠢ ᠴᠢᠩᠭᠠᠳᠬᠠᠵᠤ᠂ ᠸᠧᠨᠧᠽᠦ᠋ᠧᠯᠠ ᠶᠢᠨ ᠠᠵᠤ ᠠᠬᠤᠢ ᠶᠢᠨ ᠣᠨᠴᠠᠭᠠᠢ ᠣᠷᠣᠨ ᠪᠠᠶᠢᠭᠤᠯᠬᠤ ᠶᠢ ᠳᠡᠮᠵᠢᠵᠦ᠂ | ᠳᠤᠷᠠᠲᠠᠶ᠎ᠠ ᠸᠧᠨᠧᠽᠦ᠋ᠧᠯᠠ ᠶᠢᠨ ᠬᠢᠨ ᠲᠠᠢ ᠬᠤᠯᠪᠣᠭᠳᠠᠯ ᠪᠦᠬᠦᠢ ᠲᠤᠷᠰᠢᠯᠭ᠎ᠠ ᠪᠠᠨ ᠬᠤᠪᠢᠶᠠᠯᠴᠠᠵᠤ᠂ | ᠸᠧᠨᠧᠽᠦ᠋ᠧᠯᠠ ᠶᠢᠨ ᠬᠢᠨ ᠢ ᠬᠠᠪᠰᠤᠷᠤᠨ ᠤᠯᠤᠰ ᠤᠨ ᠪᠦᠲᠦᠭᠡᠨ ᠪᠠᠶᠢᠭᠤᠯᠤᠯᠲᠠ ᠶᠢ ᠨᠢ ᠠᠬᠢᠭᠤᠯᠤᠨ᠎ᠠ ᠭᠡᠵᠦ ᠵᠢᠭᠠᠵᠤ | ᠭᠠᠷᠭᠠᠪᠠ᠃ | ᠰᠢ ᠶᠢᠨ ᠫᠢᠩ᠂ ᠢᠷᠡᠬᠦ ᠵᠢᠯ ᠪᠣᠯ ᠳᠤᠮᠳᠠᠳᠤ ᠸᠧᠨᠧᠽᠦ᠋ᠧᠯᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 | ᠵᠢᠯ ᠤᠨ ᠣᠶ ᠮᠥᠨ᠂ ᠬᠤᠶᠠᠷ ᠲᠠᠯ᠎ᠠ ᠪᠠᠷ ᠢᠶᠠᠨ ᠦᠪᠡᠳᠡᠭᠰᠢ ᠶᠡᠭᠡ ᠪᠠᠷ ᠪᠡᠯᠭᠡᠯᠡᠶ᠎ᠡ᠃ ᠳᠤᠮᠳᠠᠳᠤ ᠤᠯᠤᠰ ᠳᠤᠷᠠᠲᠠᠶ᠎ᠠ | ᠸᠧᠨᠧᠽᠦ᠋ᠧᠯᠠ ᠶᠢᠨ ᠬᠢᠨ ᠲᠠᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠸᠧᠨᠧᠽᠦ᠋ᠧᠯᠠ ᠳᠤ ᠬᠢᠲᠠᠳ | ᠬᠡᠯᠡᠨ ᠤ ᠵᠢᠭᠠᠨ ᠰᠤᠷᠭᠠᠯᠲᠠ ᠥᠷᠨᠢᠭᠦᠯᠵᠦ᠂ ᠺᠦᠩᠽᠢ ᠳᠡᠭᠡᠳᠦ ᠰᠤᠷᠭᠠᠭᠤᠯᠢ ᠶᠢ ᠰᠠᠶᠢᠲᠤᠷ ᠡᠷᠭᠢᠯᠡᠵᠦ᠂ | ᠵᠠᠭᠤᠴᠢᠯᠠᠭᠤᠷ ᠤᠨ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠸᠧᠨᠧᠽᠦ᠋ᠧᠯᠠ ᠶᠢᠨ ᠨᠥᠬᠦᠷᠯᠡᠯ ᠤᠨ ᠦᠯᠢᠭᠡᠷ ᠢ | ᠰᠠᠶᠢᠲᠤᠷ ᠶᠠᠷᠢᠬᠤ ᠶᠢ ᠳᠡᠮᠵᠢᠨ᠎ᠡ᠃ ᠬᠤᠶᠠᠷ ᠲᠠᠯ᠎ᠠ ᠪᠠᠷ ᠢᠶᠠᠨ ᠳᠤᠮᠳᠠᠳᠤ ᠸᠧᠨᠧᠽᠦ᠋ᠧᠯᠠ ᠶᠢᠨ ᠳᠡᠭᠡᠳᠦ ᠳᠡᠰ ᠤᠨ ᠬᠤᠯᠢᠮᠠᠭ | ᠵᠥᠪᠯᠡᠯ ᠤᠨ ᠠᠷᠪᠠᠨ ᠳᠣᠯᠣᠳᠤᠭᠠᠷ ᠤᠳᠠᠭ᠎ᠠ ᠶᠢᠨ ᠬᠤᠷᠠᠯ ᠤᠨ ᠣᠯᠣᠭᠰᠠᠨ ᠦᠷ᠎ᠡ ᠪᠦᠲᠦᠭᠡᠯ ᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠳᠠᠷᠠᠭᠠᠴᠢ ᠶᠢᠨ ᠱᠠᠲᠤᠨ ᠤ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ | ᠴᠢᠩᠭᠠᠳᠬᠠᠶ᠎ᠠ᠃ ᠳᠤᠮᠳᠠᠳᠤ ᠤᠯᠤᠰ ᠳᠤᠷᠠᠲᠠᠶ᠎ᠠ ᠸᠧᠨᠧᠽᠦ᠋ᠧᠯᠠ ᠶᠢᠨ ᠴᠢᠨᠠᠷ ᠰᠠᠶᠢᠲᠠᠢ ᠣᠨᠴᠠᠯᠢᠭᠲᠤ ᠪᠦᠲᠦᠭᠡᠭᠳᠡᠬᠦᠨ ᠢ | ᠣᠷᠣᠭᠤᠯᠤᠨ᠎ᠠ᠃ ᠸᠧᠨᠧᠽᠦ᠋ᠧᠯᠠ ᠳᠤᠮᠳᠠᠳᠤ ᠤᠯᠤᠰ ᠤᠨ ᠡᠭᠦᠰᠬᠡᠨ ᠪᠠᠶᠢᠭᠤᠯᠤᠭᠰᠠᠨ ᠳᠡᠯᠡᠬᠡᠢ ᠶᠢᠨ ᠰᠠᠷᠠᠨ | ᠪᠥᠮᠪᠥᠷᠴᠡᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷᠳᠡᠭᠡ ᠶᠢᠨ ᠬᠠᠮᠲᠤᠷᠠᠯᠴᠠᠭ᠎ᠠ ᠳᠤ ᠣᠷᠣᠯᠴᠠᠬᠰᠠᠨ ᠠᠮᠧᠷᠢᠺᠠ | ᠲᠢᠪ ᠤᠨ ᠠᠩᠬᠠᠳᠠᠭᠴᠢ ᠤᠯᠤᠰ ᠪᠣᠯᠤᠭᠰᠠᠨ ᠳᠤ ᠪᠠᠶᠠᠷ ᠬᠦᠷᠭᠡᠶ᠎ᠡ᠃ ᠬᠤᠶᠠᠷ ᠲᠠᠯ᠎ᠠ ᠪᠠᠷ ᠢᠶᠠᠨ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ᠂ ︽77 ᠤᠯᠤᠰ ᠤᠨ ᠪᠦᠯᠦᠭᠯᠡᠯ ᠪᠣᠯᠣᠨ ᠳᠤᠮᠳᠠᠳᠤ ᠤᠯᠤᠰ︾ ᠵᠡᠷᠭᠡ ᠤᠯᠠᠨ ᠲᠠᠯ᠎ᠠ ᠶᠢᠨ | ᠲᠣᠭᠲᠠᠴᠠ ᠳᠤᠮᠳᠠ ᠨᠢᠭᠲᠠ ᠬᠠᠮᠵᠢᠯᠴᠠᠵᠤ᠂ ᠪᠤᠰᠤᠳ ᠬᠥᠭᠵᠢᠵᠦ ᠪᠠᠶᠢᠭ᠎ᠠ ᠤᠯᠤᠰ ᠤᠳ ᠯᠤᠭ᠎ᠠ ᠪᠦᠯᠬᠦᠮᠳᠡᠯ | ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ | ᠵᠣᠷᠢᠯᠲᠠ ᠪᠣᠯᠣᠨ ᠵᠠᠷᠴᠢᠮ ᠢ ᠬᠠᠮᠲᠤ ᠪᠠᠷ ᠬᠠᠮᠠᠭᠠᠯᠠᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠤᠨ | ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠳᠤᠮᠳᠠᠳᠤ ᠤᠯᠤᠰ ᠳᠤᠮᠳᠠᠳᠤ ᠯᠠᠲ᠋ᠢᠨ ᠠᠮᠧᠷᠢᠺᠠ ᠶᠢᠨ ᠬᠠᠷᠢᠯᠴᠠᠭᠠᠨ ᠤ | ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠢᠷᠡᠬᠦ ᠵᠢᠯ ᠪᠣᠯ ᠳᠤᠮᠳᠠᠳᠤ ᠯᠠᠲ᠋ᠢᠨ ᠠᠮᠧᠷᠢᠺᠠ ᠶᠢᠨ | ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 10 ᠵᠢᠯ ᠤᠨ ᠤᠢ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠸᠧᠨᠧᠽᠦ᠋ᠧᠯᠠ | ᠵᠡᠷᠭᠡ ᠭᠠᠵᠠᠷ ᠣᠷᠣᠨ ᠤ ᠤᠯᠤᠰ ᠤᠳ ᠲᠠᠢ ᠬᠠᠮᠲᠤ ᠪᠠᠷ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠪᠦᠬᠦᠯᠢ | ᠴᠣᠭᠴᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠤᠨ᠎ᠠ ᠭᠡᠵᠦ ᠵᠢᠭᠠᠵᠤ ᠭᠠᠷᠭᠠᠪᠠ᠃ | ᠮᠠᠳᠦ᠋ᠯᠦ᠋ᠸᠧ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠨᠢᠭᠡᠨᠲᠡ ᠪᠦᠭᠦ | ᠬᠥᠮᠥᠨ ᠲᠥᠷᠥᠯᠬᠢᠲᠡᠨ ᠤ ᠡᠩᠬᠡ ᠲᠠᠶᠢᠪᠤᠩ᠂ ᠬᠥᠭᠵᠢᠯᠲᠡ ᠪᠣᠯᠣᠨ ᠠᠵᠠ ᠵᠢᠷᠭᠠᠯ ᠤᠨ ᠲᠥᠯᠥᠭᠡ ᠴᠢᠷᠮᠠᠶᠢᠬᠤ ᠠᠭᠤᠤ ᠶᠡᠭᠡ | ᠤᠯᠤᠰ ᠪᠣᠯᠤᠭᠰᠠᠨ ᠪᠥᠭᠡᠳ ᠪᠠᠰᠠ ᠤᠯᠠᠨ ᠲᠦᠢᠯᠵᠢᠯᠳᠤ ᠰᠢᠨ᠎ᠡ ᠳᠡᠯᠡᠬᠡᠢ ᠶᠢᠷᠲᠢᠨᠴᠦ ᠶᠢ ᠠᠬᠢᠭᠤᠯᠬᠤ ᠴᠢᠬᠤᠯᠠ | ᠬᠥᠳᠡᠯᠭᠡᠭᠦᠷ ᠪᠣᠯᠵᠠᠢ᠃ ᠮᠢᠨᠤ ᠲᠤᠰ ᠤᠳᠠᠭ᠎ᠠ ᠶᠢᠨ ᠳᠤᠮᠳᠠᠳᠤ ᠤᠯᠤᠰ ᠲᠠᠬᠢ ᠠᠶᠢᠯᠴᠢᠯᠠᠯᠲᠠ ᠶᠢᠨ ᠬᠤᠭᠤᠴᠠᠭᠠᠨ ᠳᠤ | ᠦᠵᠡᠵᠦ ᠰᠣᠨᠣᠰᠤᠭᠰᠠᠨ ᠵᠦᠢᠯ ᠪᠣᠯᠭᠠᠨ ᠳᠤᠮᠳᠠᠳᠤ ᠤᠯᠤᠰ ᠤᠨ ᠲᠠᠪᠰᠢᠯᠳᠠ ᠪᠣᠯᠣᠨ ᠬᠦᠴᠦᠨ ᠴᠢᠳᠠᠯ ᠢ ᠭᠦᠢᠴᠡᠳ | ᠢᠯᠡᠷᠡᠭᠦᠯᠵᠦ ᠪᠠᠶᠢᠨ᠎ᠠ᠂ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠯᠣᠭᠰᠠᠨ ᠠᠭᠤᠤ ᠶᠡᠭᠡ ᠠᠮᠵᠢᠯᠲᠠ ᠳᠤ ᠴᠢᠩ | ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠃ ᠸᠧᠨᠧᠽᠦ᠋ᠧᠯᠠ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ | ᠬᠠᠮᠲᠤᠷᠠᠯᠴᠠᠭᠠᠨ ᠤ ᠦᠷ᠎ᠡ ᠪᠦᠲᠦᠭᠡᠯ ᠡᠯᠪᠡᠭ ᠪᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠶᠢ ᠪᠦᠭᠦ ᠪᠥᠮᠪᠥᠷᠴᠡᠭ ᠤᠨ | ᠡᠮᠦᠨᠡᠲᠦ ᠣᠷᠣᠨ ᠤ ᠤᠯᠤᠰ ᠤᠳ ᠤᠨ ᠬᠠᠷᠢᠯᠴᠠᠭᠠᠨ ᠤ ᠬᠡᠪ ᠳᠠᠭᠤᠷᠢᠶᠠᠯ ᠭᠡᠵᠦ ᠬᠡᠯᠡᠵᠦ ᠪᠣᠯᠣᠨ᠎ᠠ᠃ ᠸᠧᠨᠧᠽᠦ᠋ᠧᠯᠠ ᠶᠢᠨ | ᠠᠷᠠᠳ ᠲᠦᠮᠡᠨ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠠᠷᠠᠳ ᠲᠦᠮᠡᠨ ᠤ ᠸᠧᠨᠧᠽᠦ᠋ᠧᠯᠠ ᠶᠢᠨ ᠬᠢᠨ ᠬᠠᠤᠯᠢ | ᠪᠤᠰᠤ ᠭᠠᠭᠴᠠ ᠲᠠᠯ᠎ᠠ ᠶᠢᠨ ᠵᠠᠯᠬᠠᠭᠠᠯ ᠪᠣᠯᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ | ᠤᠯᠠᠨ ᠳᠠᠪᠬᠤᠷ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠬᠠᠩᠭᠠᠭᠰᠠᠨ ᠡᠷᠬᠢᠮ ᠨᠠᠨᠳᠢᠨ ᠳᠡᠮᠵᠢᠯᠭᠡ ᠪᠣᠯᠣᠨ | ᠬᠠᠪᠰᠤᠷᠤᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠤᠨ ᠠᠬ᠎ᠠ ᠳᠡᠭᠦᠦ ᠨᠠᠷ ᠤᠨ | ᠬᠠᠪᠰᠤᠷᠤᠯᠭ᠎ᠠ ᠪᠠᠷ ᠸᠧᠨᠧᠽᠦ᠋ᠧᠯᠠ ᠶᠢᠨ ᠠᠷᠠᠳ ᠲᠦᠮᠡᠨ ᠰᠢᠯᠭᠠᠯᠲᠠ ᠶᠢ ᠳᠠᠭᠠᠭᠠᠵᠤ᠂ ᠤᠯᠤᠰ ᠤᠨ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠦᠢᠯᠡᠰ ᠲᠤ ᠶᠡᠷᠦ ᠪᠤᠰᠤ ᠶᠢᠨ ᠠᠮᠵᠢᠯᠲᠠ ᠣᠯᠣᠭᠰᠠᠨ ᠶᠤᠮ᠃ ᠣᠳᠣᠬᠠᠨ ᠳᠤ | ᠸᠧᠨᠧᠽᠦ᠋ᠧᠯᠠ ᠶᠢᠨ ᠤᠯᠤᠰ ᠤᠨ ᠬᠥᠭᠵᠢᠯᠲᠡ ᠪᠣᠯᠣᠨ ᠸᠧᠨᠧᠽᠦ᠋ᠧᠯᠠ ᠳᠤᠮᠳᠠᠳᠤ ᠶᠢᠨ ᠬᠠᠷᠢᠯᠴᠠᠭ᠎ᠠ ᠴᠥᠮ ᠴᠢᠬᠤᠯᠠ ᠴᠠᠭ | ᠦᠶ᠎ᠡ ᠳᠤ ᠣᠷᠣᠰᠢᠵᠤ ᠪᠠᠶᠢᠨ᠎ᠠ᠂ ᠪᠢ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠶᠢᠨ ᠬᠠᠮᠲᠤ | ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠸᠧᠨᠧᠽᠦ᠋ᠧᠯᠠ ᠳᠤᠮᠳᠠᠳᠤ ᠶᠢᠨ ᠬᠠᠷᠢᠯᠴᠠᠭ᠎ᠠ ᠶᠢ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠭᠦ ᠪᠠᠷ ᠨᠡᠶᠢᠲᠡᠯᠡᠭᠰᠡᠨ ᠨᠢ ᠲᠡᠦᠬᠡᠲᠦ ᠠᠴᠢ | ᠬᠤᠯᠪᠣᠭᠳᠠᠯ ᠲᠠᠢ ᠶᠤᠮ᠂ ᠡᠨᠡ ᠨᠢ ᠯᠠᠪᠲᠠᠢ ᠸᠧᠨᠧᠽᠦ᠋ᠧᠯᠠ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠴᠠᠭ ᠦᠶ᠎ᠡ ᠶᠢ | ᠨᠡᠭᠡᠭᠡᠬᠦ ᠪᠣᠯᠣᠨ᠎ᠠ᠃ ᠸᠧᠨᠧᠽᠦ᠋ᠧᠯᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠠᠵᠤ ᠠᠬᠤᠢ ᠶᠢᠨ ᠣᠨᠴᠠᠭᠠᠢ | ᠣᠷᠣᠨ ᠢ ᠪᠠᠶᠢᠭᠤᠯᠤᠭᠰᠠᠨ ᠲᠤᠷᠰᠢᠯᠭ᠎ᠠ ᠶᠢ ᠰᠤᠷᠤᠯᠴᠠᠨ ᠲᠣᠯᠢᠳᠠᠵᠤ᠂ ᠬᠤᠶᠠᠷ ᠤᠯᠤᠰ ᠤᠨ ᠬᠥᠳᠡᠭᠡ ᠠᠵᠤ ᠠᠬᠤᠢ᠂ | ᠪᠡᠯᠡ ᠣᠷᠣᠭᠤᠯᠤᠯᠲᠠ᠂ ᠰᠤᠷᠭᠠᠨ ᠬᠥᠮᠦᠵᠢᠯ᠂ ᠵᠢᠭᠤᠯᠴᠢᠯᠠᠯ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠸᠧᠨᠧᠽᠦ᠋ᠧᠯᠠ ᠶᠢᠨ ᠬᠢᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠶᠢ ᠢᠳᠡᠪᠬᠢᠲᠡᠢ ᠳᠡᠮᠵᠢᠵᠦ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠵᠦ᠂ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ᠂ ᠠᠯᠲᠠᠨ ᠲᠣᠭᠤᠰᠭ᠋᠎ᠠ ᠤᠯᠤᠰ ᠤᠳ ᠤᠨ ᠲᠣᠭᠲᠠᠴᠠ ᠵᠡᠷᠭᠡ ᠣᠯᠠᠨ ᠲᠠᠯ᠎ᠠ ᠶᠢᠨ ᠪᠣᠷᠣ | ᠲᠥᠯᠥᠪ ᠤᠨ ᠳᠣᠲᠣᠷᠠᠬᠢ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠣᠯᠠᠨ ᠲᠠᠯᠠᠲᠤ ᠦᠵᠡᠯ ᠪᠣᠯᠣᠨ ᠬᠥᠭᠵᠢᠵᠦ | ᠪᠠᠶᠢᠭ᠎ᠠ ᠤᠯᠤᠰ ᠤᠳ ᠤᠨ ᠵᠦᠢ ᠶᠣᠰᠣᠨ ᠤ ᠠᠰᠢᠭ ᠲᠤᠰᠠ ᠶᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠸᠧᠨᠧᠽᠦ᠋ᠧᠯᠠ ᠶᠢᠨ ᠬᠢᠨ ᠳᠤᠷᠠᠲᠠᠶ᠎ᠠ ᠯᠠᠲ᠋ᠢᠨ | ᠠᠮᠧᠷᠢᠺᠠ ᠲᠢᠪ ᠤᠨ ᠬᠠᠮᠲᠤ ᠶᠢᠨ ᠴᠣᠭᠴᠠ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠴᠢᠨᠠᠭᠰᠢᠳᠠ ᠶᠢᠨ | ᠬᠥᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ᠂ ᠠᠵᠤ ᠠᠬᠤᠢ ᠠᠷᠠᠯᠵᠢᠶ᠎ᠠ᠂ ᠰᠤᠷᠭᠠᠨ ᠬᠥᠮᠦᠵᠢᠯ᠂ ᠵᠢᠭᠤᠯᠴᠢᠯᠠᠯ᠂ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ᠂ ᠡᠷᠡᠭᠦᠯ ᠬᠠᠮᠠᠭᠠᠯᠠᠯ᠂ ᠰᠠᠨᠰᠠᠷ ᠤᠨ ᠠᠶᠠᠯᠠᠯ᠂ ᠠᠷᠠᠳ ᠤᠨ ᠠᠭᠠᠷ ᠤᠨ ᠠᠶᠠᠯᠠᠯ ᠵᠡᠷᠭᠡ | ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ | ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠬᠤᠶᠠᠷ ᠲᠠᠯ᠎ᠠ ᠪᠠᠷ ᠢᠶᠠᠨ ︽ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ | ᠲᠤᠬᠠᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠸᠧᠨᠧᠽᠦ᠋ᠧᠯᠠ ᠪᠤᠯᠢᠸᠠᠷ | ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠶᠢ ᠨᠡᠶᠢᠲᠡᠯᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ | ᠭᠠᠳᠠᠨᠠᠬᠢ ᠠᠭᠤᠳᠠᠮ ᠲᠠᠯᠠᠪᠠᠢ ᠳᠤ ᠮᠠᠳᠦ᠋ᠯᠦ᠋ᠸᠧ ᠶᠢ ᠤᠭᠲᠤᠬᠤ ᠶᠣᠰᠣᠯᠠᠯ ᠶᠠᠪᠤᠭᠤᠯᠪᠠ᠃ | ᠮᠠᠳᠦ᠋ᠯᠦ᠋ᠸᠧ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠠᠩᠭᠢ ᠮᠥᠷᠯᠡᠨ ᠵᠣᠭᠰᠣᠵᠤ ᠶᠣᠰᠣᠯᠠᠪᠠ᠃ | ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ | ᠸᠧᠨᠧᠽᠦ᠋ᠧᠯᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ ᠲᠢᠶᠠᠨ ᠠᠨ ᠮᠧᠨ ᠠᠭᠤᠳᠠᠮ ᠲᠠᠯᠠᠪᠠᠢ ᠳᠤ | ᠶᠣᠰᠣᠯᠠᠯ ᠤᠨ ᠫᠤᠤ ᠶᠢ 21 ᠳᠤᠤᠭᠠᠷᠭᠠᠪᠠ᠃ ᠮᠠᠳᠦ᠋ᠯᠦ᠋ᠸᠧ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ | ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ | ᠰᠣᠨᠢᠷᠬᠠᠪᠠ᠃ | ᠰᠢ ᠶᠢᠨ ᠫᠢᠩ ᠤᠨ ᠬᠠᠳᠤᠨ ᠫᠧᠩ ᠯᠢ ᠶᠤᠸᠠᠨ ᠪᠣᠯᠣᠨ ᠮᠠᠳᠥ᠋ᠯᠦ᠋ᠸᠧ ᠶᠢᠨ ᠬᠠᠳᠤᠨ ᠹᠯᠤᠯᠦ᠋ᠢᠰ ᠪᠠᠷ᠎ᠠ ᠪᠣᠯᠵᠤ | ᠤᠭᠲᠤᠬᠤ ᠶᠣᠰᠣᠯᠠᠯ ᠳᠤ ᠣᠷᠣᠯᠴᠠᠪᠠ᠃ ᠲᠤᠰ ᠣᠷᠣᠢ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ | ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠮᠠᠳᠦ᠋ᠯᠦ᠋ᠸᠧ ᠪᠣᠯᠣᠨ ᠹᠯᠤᠯᠦ᠋ᠢᠰ ᠢ ᠤᠭᠲᠤᠬᠤ ᠳᠠᠶᠢᠯᠠᠯᠭ᠎ᠠ | ᠬᠢᠪᠡ᠃ | ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |