ᠰᠢ ᠶᠢᠨ ᠫᠢᠩ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠳᠤ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠤᠯᠤᠰ ᠲᠥᠷᠥ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠨᠠᠮ ᠢ ᠰᠠᠨᠠᠭ᠎ᠠ ᠠᠮᠤᠷ ᠪᠠᠶᠢᠯᠭᠠᠬᠤ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/9/15
      ᠼᠠᠢ ᠴᠢ ᠪᠥᠬᠦ ᠤᠯᠤᠰ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ      ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 14 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠠᠵᠢᠯ ᠳᠤ ᠴᠢᠬᠤᠯᠠ ᠵᠢᠭᠠᠪᠤᠷᠢ ᠥᠭᠴᠦ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠨᠢ ᠨᠠᠮ ᠪᠣᠯᠣᠨ ᠤᠯᠤᠰ ᠤᠨ ᠵᠠᠰᠠᠯᠲᠠ ᠶᠢᠨ ᠰᠢᠰᠲ᠋ᠧᠮ ᠳᠤ ᠣᠨᠴᠠᠭᠠᠢ ᠴᠢᠬᠤᠯᠠ ᠪᠠᠶᠢᠷᠢ ᠰᠠᠭᠤᠷᠢ ᠲᠠᠢ ᠪᠠᠶᠢᠵᠤ᠂ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠪᠥᠬᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠥᠪᠯᠡᠵᠦ ᠬᠠᠪᠰᠤᠷᠬᠤ᠂ ᠱᠠᠯᠠᠪᠳᠠᠭᠤᠯᠤᠨ ᠪᠠᠶᠢᠴᠠᠭᠠᠬᠤ ᠂ ᠦᠢᠯᠡᠴᠢᠯᠡᠭᠡ ᠪᠠᠲᠤᠯᠠᠭ᠎ᠠ ᠬᠠᠩᠭᠠᠬᠤ ᠵᠡᠷᠭᠡ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠦᠲᠦᠮᠵᠢᠲᠡᠢ ᠪᠠᠳᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠰᠢ ᠣᠯᠠᠨ ᠶᠡᠭᠡ ᠳᠠᠶᠢᠯᠠᠯᠳᠤᠭᠠᠨ ᠤ ᠰᠢᠯᠭᠠᠯᠲᠠ ᠶᠢ ᠳᠠᠭᠠᠭᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠰᠢᠨ᠎ᠡ ᠠᠶᠠᠨ ᠳᠤ ᠮᠣᠷᠳᠠᠬᠤ ᠳᠠᠭᠠᠨ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠳᠦᠷᠰᠦ ᠪᠠᠶᠢᠳᠠᠯ ᠲᠠᠢ ᠪᠠᠶᠢᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠳᠡᠭᠡᠷ᠎ᠡ ᠪᠠᠨ ᠢᠮᠠᠭᠲᠠ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠵᠥᠪᠯᠡᠭᠴᠢ ᠬᠠᠪᠰᠤᠷᠤᠭᠴᠢ ᠶᠢᠨ ᠴᠢᠬᠤᠯᠠ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠵᠤ᠂ ᠨᠠᠮ ᠢ ᠰᠡᠳᠬᠢᠯ ᠠᠮᠤᠷ ᠪᠠᠶᠢᠯᠭᠠᠬᠤ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠭᠰᠠᠨ ᠵᠢᠱᠢᠶᠡᠴᠢ ᠪᠠᠶᠢᠭᠤᠯᠭ᠎ᠠ ᠶᠢ ᠪᠠᠶᠢᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠥᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠪᠥᠬᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠨᠠᠷ ᠤᠨ ᠬᠤᠷᠠᠯ 9 ᠰᠠᠷ᠎ᠠ ᠶᠢᠨ 13 ᠠᠴᠠ 14 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠬᠤᠷᠠᠯ ᠳᠤ ᠣᠷᠣᠯᠴᠠᠵᠤ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠠᠵᠢᠯ ᠢ ᠭᠦᠢᠴᠡᠳ ᠨᠤᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠠᠯᠪᠠᠨ ᠲᠢᠩᠬᠢᠮ ᠤᠨ ᠠᠵᠢᠯ ᠤᠨ ᠴᠢᠳᠠᠪᠤᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠵᠢᠯᠣᠭᠤᠳᠬᠤ ᠴᠢᠨᠠᠷ ᠪᠣᠯᠣᠨ ᠬᠠᠨᠳᠤᠯᠭᠠᠲᠤ ᠴᠢᠨᠠᠷ ᠲᠠᠢ ᠪᠠᠶᠢᠵᠤ᠂ ᠰᠢᠨ᠎ᠡ ᠠᠶᠠᠨ ᠳᠠᠬᠢ ᠠᠯᠪᠠᠨ ᠲᠢᠩᠬᠢᠮ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠪᠢᠳᠡ ᠭᠦᠨᠵᠡᠭᠡᠢ ᠰᠣᠷᠣᠯᠴᠠᠨ ᠣᠶᠢᠯᠠᠭᠠᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠨᠢ ᠰᠢᠨ᠎ᠡ ᠴᠠᠭ ᠦᠶ᠎ᠡ ᠶᠢᠨ ᠠᠯᠪᠠᠨ ᠲᠢᠩᠬᠢᠮ ᠤᠨ ᠤᠯᠤᠰ ᠲᠥᠷᠥ ᠶᠢᠨ ᠱᠠᠭᠠᠷᠳᠠᠯᠭ᠎ᠠ᠂ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ᠂ ᠭᠤᠣᠯ ᠡᠭᠦᠷᠭᠡ᠂ ᠠᠵᠢᠯ ᠤᠨ ᠪᠠᠷᠢᠮᠵᠢᠶ᠎ᠠ᠂ ᠡᠩᠨᠡᠭᠡᠨ ᠤ ᠪᠠᠶᠢᠭᠤᠯᠤᠯᠲᠠ ᠵᠡᠷᠭᠡ ᠠᠯᠢ ᠣᠯᠠᠨ ᠴᠢᠬᠤᠯᠠ ᠠᠰᠠᠭᠤᠳᠠᠯ ᠳᠤ ᠰᠢᠰᠲ᠋ᠧᠮ ᠲᠠᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠰᠢᠨ᠎ᠡ ᠠᠶᠠᠨ ᠳᠤ ︽ᠭᠤᠷᠪᠠ ᠳᠤ ᠦᠢᠯᠡᠴᠢᠯᠡᠬᠦ︾ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠮᠥᠨ᠂ ᠪᠢᠳᠡ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠠᠯᠪᠠᠨ ᠲᠢᠩᠬᠢᠮ ᠤᠨ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠤᠯᠠᠮ ᠴᠢᠨᠠᠭᠰᠢᠳᠠ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠲᠦᠷᠦᠭᠦᠯᠡᠨ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠤᠯᠤᠰ ᠲᠥᠷᠥ ᠶᠢᠨ ᠪᠣᠭᠤᠮᠲᠠ ᠰᠠᠬᠢᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠦᠨ᠂ ᠨᠠᠶᠢᠳᠠᠪᠤᠷᠢᠵᠢᠭᠤᠯᠤᠯᠲᠠ ᠶᠢ ᠠᠳᠬᠤᠬᠤ ᠦᠨᠳᠦᠰᠦᠨ ᠡᠭᠦᠷᠭᠡ ᠴᠢᠳᠠᠪᠤᠷᠢ ᠪᠠᠨ ᠨᠡᠩ ᠰᠠᠶᠢᠲᠤᠷ ᠭᠦᠢᠴᠡᠳᠬᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢᠨ᠎ᠡ ᠪᠠᠶᠢᠳᠠᠯ ᠰᠢᠨ᠎ᠡ ᠡᠭᠦᠷᠭᠡ ᠳᠤ ᠵᠣᠬᠢᠴᠠᠵᠤ᠂ ︽ᠭᠤᠷᠪᠠ ᠳᠤ ᠦᠢᠯᠡᠴᠢᠯᠡᠬᠦ︾ ᠠᠵᠢᠯ ᠤᠨ ᠴᠢᠳᠠᠪᠤᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠬᠦᠴᠦᠯᠡᠨ ᠴᠢᠷᠮᠠᠶᠢᠵᠤ᠂ ᠵᠠᠰᠠᠭ ᠤᠨ ᠵᠠᠷᠯᠢᠭ ᠤᠨ ᠳᠠᠮᠵᠢᠭᠤᠯᠭ᠎ᠠ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠬᠦᠴᠦᠯᠡᠨ ᠪᠠᠲᠤᠯᠠᠵᠤ᠂ ᠨᠢᠭᠤᠴᠠ ᠶᠢ ᠬᠠᠮᠠᠭᠠᠯᠠᠬᠤ ᠰᠡᠷᠭᠡᠶᠢᠯᠡᠯᠲᠡ ᠶᠢᠨ ᠱᠤᠭᠤᠮ ᠢ ᠬᠦᠴᠦᠯᠡᠨ ᠪᠠᠬᠢᠵᠢᠭᠦᠯᠵᠦ᠂ ᠦᠢᠯᠡᠴᠢᠯᠡᠭᠡ ᠪᠠᠲᠤᠯᠠᠭ᠎ᠠ ᠶᠢ ᠬᠦᠴᠦᠯᠡᠨ ᠰᠠᠶᠢᠲᠤᠷ ᠬᠢᠬᠦ ᠬᠡᠷᠡᠭᠲᠡᠢ᠃ ᠤᠯᠤᠰ ᠲᠥᠷᠥ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠯᠪᠠᠨ ᠲᠢᠩᠬᠢᠮ ᠤᠨ ᠲᠣᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠳᠤᠮᠳᠠ ᠬᠠᠮᠤᠭ ᠤᠨ ᠡᠮᠦᠨ᠎ᠡ ᠡᠩᠨᠡᠭᠡᠨ ᠳᠤ ᠶᠠᠪᠤᠵᠤ᠂ ᠰᠠᠶᠢᠨ ︽ᠳᠠᠭᠠᠭᠤᠯᠤᠭᠴᠢ︾ ᠪᠣᠯᠬᠤ ᠪᠠᠷ ᠴᠢᠷᠮᠠᠶᠢᠵᠤ᠂ ᠨᠠᠮ ᠢ ᠰᠠᠨᠠᠭ᠎ᠠ ᠠᠮᠤᠷ ᠪᠠᠶᠢᠯᠭᠠᠬᠤ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠥᠷᠥ ᠶᠢᠨ ᠶᠠᠪᠤᠳᠠᠯ ᠤᠨ ᠭᠡᠰᠢᠭᠦᠨ ᠪᠥᠭᠡᠳ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠡᠦ ᠵᠧᠩ ᠯᠥᠩ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃      ᠬᠤᠷᠠᠯ ᠠᠴᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢᠬᠢ ᠠᠯᠪᠠᠨ ᠲᠢᠩᠬᠢᠮ ᠤᠨ ᠠᠵᠢᠯ ᠢ ᠳ᠋ᠦᠩᠨᠡᠨ ᠰᠣᠯᠢᠯᠴᠠᠵᠤ᠂ ᠠᠯᠪᠠᠨ ᠲᠢᠩᠬᠢᠮ ᠤᠨ ᠰᠢᠰᠲ᠋ᠧᠮ ᠳᠤ ᠲᠤᠯᠭᠠᠷᠠᠵᠤ ᠪᠠᠶᠢᠭ᠎ᠠ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢ ᠭᠦᠨᠵᠡᠭᠡᠢ ᠵᠠᠳᠠᠯᠵᠤ᠂ ︽ᠭᠤᠷᠪᠠ ᠳᠤ ᠦᠢᠯᠡᠴᠢᠯᠡᠬᠦ︾ ᠠᠵᠢᠯ ᠳᠤ ᠣᠷᠣᠰᠢᠵᠤ ᠪᠠᠶᠢᠭ᠎ᠠ ᠭᠤᠣᠯᠳᠠᠯᠭ᠎ᠠ ᠲᠠᠢ ᠠᠰᠠᠭᠤᠳᠠᠯ ᠢ ᠰᠤᠳᠤᠯᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠳᠤ ᠪᠣᠳᠠᠲᠠᠢ ᠪᠠᠶᠢᠷᠢᠯᠠᠭᠤᠯᠤᠯᠲᠠ ᠬᠢᠪᠡ᠃ 
 
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号