ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 14 ᠤ ᠴᠠᠭᠢᠯᠭᠠᠨ ᠮᠡᠳᠡᠭᠡ 9 ᠰᠠᠷ᠎ᠠ ᠶᠢᠨ 14 ᠤ | ᠡᠳᠦᠷ᠂ ᠤᠯᠤᠰ ᠤᠨ ᠲᠡᠷᠢᠭᠦᠯᠡᠭᠴᠢ | ᠰᠢ ᠶᠢᠨ ᠫᠢᠩ 2023 ᠪᠡᠭᠡᠵᠢᠩ ᠤᠨ ᠰᠣᠶᠣᠯ ᠤᠨ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯ ᠥᠨᠢ ᠤᠳᠠᠭᠠᠨ ᠰᠢᠯᠢᠳᠡᠭ ᠤᠯᠠᠮᠵᠢᠯᠠᠯᠲᠤ ᠰᠣᠶᠣᠯ ᠲᠠᠢ | ᠪᠠᠶᠢᠵᠤ᠂ ᠡᠷᠲᠡᠨ ᠠᠴᠠ ᠠᠪᠤᠭᠠᠳ ᠨᠡᠭᠡᠭᠡᠯᠲᠡᠲᠤ ᠪᠠᠭᠲᠠᠭᠠᠮᠵᠢᠲᠠᠢ᠂ ᠪᠦᠭᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ | ᠰᠣᠶᠣᠯ ᠤᠨ ᠬᠡᠬᠦᠳᠡᠭ ᠴᠡᠭᠡᠵᠢ ᠲᠠᠢ ᠶᠤᠮ᠂ ᠳᠤᠮᠳᠠᠳᠤ ᠶᠢᠨ ᠪᠣᠯᠪᠠᠰᠤᠨ ᠶᠡᠷᠦ ᠠᠴᠠ ᠠᠳᠠᠯᠢ ᠪᠤᠰᠤ ᠪᠣᠯᠪᠠᠰᠤᠨ ᠤ | ᠬᠤᠭᠤᠷᠣᠨᠳᠣᠭᠢ ᠣᠶᠢᠯᠠᠭᠠᠯᠴᠠᠭ᠎ᠠ ᠪᠠ ᠬᠦᠨᠳᠦᠳᠬᠡᠯ ᠢ ᠮᠠᠭᠲᠠᠨ ᠰᠠᠶᠢᠰᠢᠶᠠᠭᠰᠠᠭᠠᠷ ᠢᠷᠡᠭᠰᠡᠨ ᠶᠤᠮ᠃ ᠪᠡᠭᠡᠵᠢᠩ ᠪᠣᠯ ᠥᠨᠢ | ᠤᠳᠠᠭᠠᠨ ᠲᠡᠦᠬᠡ ᠲᠠᠢ᠂ ᠥᠨᠢ ᠤᠳᠠᠭᠠᠨ ᠰᠣᠶᠣᠯ ᠤᠨ ᠰᠤᠳᠠᠰᠤ ᠲᠠᠢ ᠪᠠᠶᠢᠵᠤ᠂ ᠳᠤᠮᠳᠠᠳᠤ ᠶᠢᠨ ᠪᠣᠯᠪᠠᠰᠤᠨ ᠤ | ᠦᠷᠭᠦᠯᠵᠢᠯᠡᠬᠦ ᠴᠢᠨᠠᠷ᠂ ᠰᠢᠨ᠎ᠡ ᠶᠢ ᠡᠭᠦᠳᠬᠦ ᠴᠢᠨᠠᠷ᠂ ᠨᠢᠭᠡᠳᠦᠯᠲᠦ ᠴᠢᠨᠠᠷ᠂ ᠪᠠᠭᠲᠠᠭᠠᠮᠵᠢᠲᠤ ᠴᠢᠨᠠᠷ᠂ ᠡᠩᠬᠡ ᠲᠠᠶᠢᠪᠤᠩ | ᠴᠢᠨᠠᠷ ᠤᠨ ᠬᠦᠴᠦᠲᠡᠢ ᠭᠡᠷᠡᠴᠢᠯᠡᠯ ᠮᠥᠨ᠃ ᠳᠤᠮᠳᠠᠳᠤ ᠤᠯᠤᠰ ᠪᠡᠭᠡᠵᠢᠩ ᠤᠨ ᠲᠡᠦᠬᠡ ᠶᠢᠨ ᠡᠷᠲᠡᠨ ᠤ ᠨᠡᠶᠢᠰᠯᠡᠯ ᠪᠠ ᠪᠦᠭᠦ | ᠤᠯᠤᠰ ᠤᠨ ᠰᠣᠶᠣᠯ ᠤᠨ ᠲᠥᠪ ᠪᠣᠯᠤᠭᠰᠠᠨ ᠳᠠᠪᠠᠭᠤᠯᠢᠭ ᠢᠶᠠᠨ ᠨᠡᠩ ᠰᠠᠶᠢᠲᠤᠷ ᠪᠠᠳᠠᠷᠠᠭᠤᠯᠵᠤ᠂ ᠪᠦᠭᠦ ᠪᠥᠮᠪᠥᠷᠴᠡᠭ ᠤᠨ | ᠡᠯ᠎ᠡ ᠭᠠᠵᠠᠷ ᠯᠤᠭ᠎ᠠ ᠶᠢᠨ ᠰᠣᠶᠣᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠰᠣᠶᠣᠯ ᠤᠨ ᠴᠡᠴᠡᠭᠯᠡᠯ ᠬᠥᠭᠵᠢᠯ᠂ | ᠰᠣᠶᠣᠯ ᠤᠨ ᠥᠪ ᠤᠨ ᠬᠠᠮᠠᠭᠠᠯᠠᠯᠲᠠ᠂ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠬᠠᠮᠲᠤ ᠪᠠᠷ ᠠᠬᠢᠭᠤᠯᠵᠤ᠂ ᠪᠦᠭᠦ | ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠳᠤ ᠭᠦᠨ ᠵᠤᠵᠠᠭᠠᠨ ᠥᠨᠢ ᠤᠳᠠᠭᠠᠨ ᠤ ᠰᠣᠶᠣᠯ ᠤᠨ ᠬᠦᠴᠦᠨ ᠢ | ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃ | 2023 ᠪᠡᠭᠡᠵᠢᠩ ᠤᠨ ᠰᠣᠶᠣᠯ ᠤᠨ ᠶᠠᠷᠢᠶᠠᠨ ᠤ ᠲᠠᠪᠴᠠᠩ ᠨᠢ ︽ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠵᠤ | ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ︾ ᠪᠠᠷ ᠣᠨ ᠤ ᠭᠤᠣᠯ ᠰᠡᠳᠦᠪ ᠪᠤᠯᠭᠠᠵᠤ᠂ ᠲᠥᠪ ᠤᠨ ᠤᠬᠠᠭᠤᠯᠬᠤ | ᠬᠡᠯᠲᠡᠰ ᠪᠣᠯᠣᠨ ᠪᠡᠭᠡᠵᠢᠩ ᠬᠤᠳᠠ ᠶᠢᠨ ᠨᠠᠮ ᠤᠨ ᠬᠤᠷᠢᠶ᠎ᠠ᠂ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ | ᠣᠷᠳᠣᠨ ᠠᠴᠠ ᠬᠠᠮᠲᠤ ᠪᠠᠷ ᠭᠤᠣᠯᠯᠠᠨ ᠡᠷᠭᠢᠯᠡᠵᠦ᠂ ᠲᠤᠰ ᠡᠳᠦᠷ ᠪᠡᠭᠡᠵᠢᠩ ᠳᠤ ᠡᠬᠢᠯᠡᠪᠡ᠃ | |