ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ | ᠠᠬᠢᠭᠤᠯᠤᠶ᠎ᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 15 ᠤ ᠴᠠᠬᠢᠯᠭᠠᠨ ᠮᠡᠳᠡᠭᠡ 9 ᠰᠠᠷ᠎ᠠ ᠶᠢᠨ 16 ᠤ ᠡᠳᠦᠷ | ᠬᠡᠪᠯᠡᠭᠳᠡᠭᠰᠡᠨ 18 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠶ᠎ᠠ︾ | ᠭᠡᠬᠦ ᠴᠢᠬᠤᠯᠠ ᠵᠣᠬᠢᠶᠠᠯ ᠢ ᠨᠡᠶᠢᠲᠡᠯᠡᠪᠠ᠃ | ᠵᠣᠬᠢᠶᠠᠯ ᠳᠤ᠂ ᠰᠤᠷᠭᠠᠨ ᠬᠥᠮᠦᠵᠢᠯ ᠮᠠᠨᠳᠤᠪᠠᠯ ᠤᠯᠤᠰ ᠣᠷᠣᠨ ᠮᠠᠨᠳᠤᠵᠤ᠂ ᠰᠤᠷᠭᠠᠨ ᠬᠥᠮᠦᠵᠢᠯ ᠬᠦᠴᠦᠷᠬᠡᠭᠵᠢᠪᠡᠯ | ᠤᠯᠤᠰ ᠣᠷᠣᠨ ᠬᠦᠴᠦᠷᠬᠡᠭᠵᠢᠨ᠎ᠡ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ | ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠪᠠᠶᠢᠯᠳᠤᠬᠤ | ᠪᠣᠳᠣᠯᠭ᠎ᠠ ᠶᠢᠨ ᠤᠳᠤᠷᠢᠳᠤᠮᠵᠢ ᠮᠥᠨ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠂ ᠪᠦᠬᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠶᠢ ᠠᠬᠢᠭᠤᠯᠬᠤ ᠶᠢᠨ ᠪᠦᠲᠦᠮᠵᠢᠲᠡᠢ ᠠᠷᠭ᠎ᠠ ᠵᠠᠮ ᠮᠥᠨ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ | ᠠᠬᠢᠭᠤᠯᠬᠤ ᠶᠢᠨ ᠰᠠᠭᠤᠷᠢ ᠢᠨᠵᠧᠨᠧᠷᠢᠩ ᠮᠥᠨ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠰᠤᠷᠭᠠᠨ | ᠬᠥᠮᠦᠵᠢᠯ ᠢ ᠤᠯᠤᠰ ᠤᠨ ᠶᠡᠭᠡ ᠪᠣᠳᠣᠯᠭ᠎ᠠ᠂ ᠨᠠᠮ ᠤᠨ ᠶᠡᠭᠡ ᠪᠣᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠲᠣᠭᠲᠠᠭᠠᠵᠤ᠂ ᠰᠢᠨ᠎ᠡ ᠴᠠᠭ ᠦᠶ᠎ᠡ ᠶᠢᠨ ᠰᠤᠷᠭᠠᠨ | ᠬᠥᠮᠦᠵᠢᠯ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠪᠠᠶᠢᠷᠢᠰᠢᠯ ᠤᠨ ᠴᠢᠨᠠᠷᠲᠠᠢ ᠬᠤᠪᠢᠷᠠᠯᠲᠠ ᠭᠠᠷᠬᠤ ᠶᠢ | ᠠᠬᠢᠭᠤᠯᠪᠠ᠃ ᠮᠠᠨ ᠤ ᠤᠯᠤᠰ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠰᠤᠷᠭᠠᠨ ᠬᠥᠮᠦᠵᠢᠯ ᠤᠨ | ᠰᠢᠰᠲ᠋ᠧᠮ ᠢ ᠪᠠᠶᠢᠭᠤᠯᠵᠤ᠂ ᠰᠤᠷᠭᠠᠨ ᠬᠥᠮᠦᠵᠢᠯ ᠤᠨ ᠣᠳᠣᠬᠢᠴᠢᠯᠠᠭᠰᠠᠨ ᠬᠥᠭᠵᠢᠯᠲᠡ ᠶᠢᠨ ᠶᠡᠷᠦᠩᠬᠡᠢ ᠲᠦᠪᠰᠢᠨ | ᠳᠡᠯᠡᠬᠡᠢ ᠶᠢᠨ ᠳᠤᠮᠳᠠ ᠳᠡᠭᠡᠳᠦ ᠲᠦᠪᠰᠢᠨ ᠳᠠᠬᠢ ᠤᠯᠤᠰ ᠤᠨ ᠡᠩᠨᠡᠭᠡᠨ ᠳᠤ ᠣᠷᠣᠪᠠ᠃ ᠡᠨᠡ ᠨᠢ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠵᠠᠮ ᠪᠣᠯ ᠪᠦᠷᠢᠮᠦᠰᠦᠨ ᠵᠥᠪ ᠪᠣᠯᠬᠤ ᠶᠢ | ᠭᠦᠢᠴᠡᠳ ᠭᠡᠷᠡᠴᠢᠯᠡᠵᠦ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠰᠤᠷᠭᠠᠨ ᠬᠥᠮᠦᠵᠢᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠲᠤᠰᠠᠭᠠᠷ ᠪᠦᠯᠦᠭ ᠪᠣᠯᠭᠠᠨ ᠪᠠᠶᠢᠷᠢᠯᠠᠭᠤᠯᠵᠤ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ ᠪᠦᠷᠢᠶ᠎ᠡ ᠶᠢ ᠬᠠᠩᠭᠢᠨᠠᠭᠤᠯᠤᠭᠰᠠᠨ ᠪᠠᠶᠢᠨ᠎ᠠ᠃ | ᠪᠢᠳᠡᠨ ᠤ ᠪᠦᠲᠦᠭᠡᠨ ᠪᠠᠶᠢᠭᠤᠯᠬᠤ ᠭᠡᠵᠦ ᠪᠠᠶᠢᠭ᠎ᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠪᠣᠯ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠮᠥᠨ᠂ ᠡᠷᠬᠡᠪᠰᠢ | ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠠᠷ ᠦᠨᠳᠦᠰᠦᠨ | ᠪᠠᠲᠤᠯᠠᠭ᠎ᠠ ᠪᠣᠯᠭᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠪᠠᠷ ᠦᠨᠳᠦᠰᠦᠨ ᠡᠭᠦᠷᠭᠡ ᠪᠣᠯᠭᠠᠵᠤ᠂ ᠨᠠᠮ ᠤᠨ | ᠲᠥᠯᠥᠭᠡ ᠬᠥᠮᠥᠨ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠪᠠᠷ ᠦᠨᠳᠦᠰᠦᠨ ᠬᠠᠷᠠᠯᠲᠠ | ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠦᠢᠯᠡᠴᠢᠯᠡᠬᠦ ᠪᠠᠷ ᠴᠢᠬᠤᠯᠠ ᠡᠭᠦᠷᠭᠡ | ᠪᠣᠯᠭᠠᠵᠤ᠂ ᠰᠤᠷᠭᠠᠨ ᠬᠥᠮᠦᠵᠢᠯ ᠤᠨ ᠣᠶᠢᠯᠠᠭᠠᠭᠳᠠᠬᠤᠨ᠂ ᠰᠢᠰᠲ᠋ᠧᠮ᠂ ᠳᠦᠷᠢᠮ᠂ ᠠᠭᠤᠯᠭ᠎ᠠ᠂ ᠠᠷᠭ᠎ᠠ᠂ ᠵᠠᠰᠠᠯᠲᠠ ᠶᠢᠨ | ᠣᠳᠣᠬᠢᠴᠢᠯᠠᠯᠲᠠ ᠪᠠᠷ ᠦᠨᠳᠦᠰᠦᠨ ᠠᠷᠭ᠎ᠠ ᠵᠠᠮ ᠪᠣᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠲᠤᠯᠭᠠᠭᠤᠷᠢᠯᠠᠨ ᠳᠠᠭᠠᠭᠤᠯᠬᠤ ᠪᠠᠷ ᠭᠤᠣᠯ ᠦᠢᠯᠡᠳᠦᠯ ᠴᠢᠳᠠᠮᠵᠢ ᠪᠣᠯᠭᠠᠵᠤ᠂ ᠬᠠᠮᠤᠭ ᠤᠨ ᠡᠴᠦᠰ ᠲᠤ ᠠᠷᠠᠳ ᠲᠦᠮᠡᠨ ᠳᠤ | ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ | ᠲᠦᠮᠡᠨ ᠢᠶᠠᠷ ᠭᠤᠣᠯ ᠪᠣᠯᠭᠠᠨ ᠰᠤᠷᠭᠠᠨ ᠬᠥᠮᠦᠵᠢᠯ ᠢ ᠬᠥᠭᠵᠢᠭᠦᠯᠬᠦ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ | ᠤᠷᠢᠳᠴᠢᠯᠠᠨ ᠪᠠᠶᠢᠷᠢᠰᠢᠭᠤᠯᠵᠤ᠂ ᠬᠤᠪᠢᠰᠤᠯᠲᠠ ᠶᠢ ᠬᠦᠴᠦᠲᠡᠢ ᠠᠷᠭᠠᠴᠠᠭᠠᠵᠤ᠂ ᠰᠢᠨ᠎ᠡ ᠪᠠᠶᠢᠳᠠᠯ ᠢ ᠴᠢᠷᠮᠠᠶᠢᠨ ᠨᠡᠭᠡᠭᠡᠵᠦ᠂ | ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ᠂ ᠰᠤᠷᠭᠠᠨ ᠬᠥᠮᠦᠵᠢᠯ ᠤᠨ ᠬᠦᠴᠦᠨ ᠢᠶᠠᠷ | ᠠᠷᠠᠳ ᠲᠦᠮᠡᠨ ᠤ ᠵᠣᠯ ᠵᠢᠷᠭᠠᠯ ᠤᠨ ᠦᠨᠳᠦᠰᠦ ᠶᠢ ᠵᠤᠵᠠᠭᠠᠳᠬᠠᠵᠤ᠂ ᠰᠤᠷᠭᠠᠨ ᠬᠥᠮᠦᠵᠢᠯ ᠤᠨ ᠬᠦᠴᠦᠷᠬᠡᠭ ᠢᠶᠠᠷ | ᠤᠯᠤᠰ ᠤᠨ ᠪᠠᠶᠠᠨ ᠬᠦᠴᠦᠷᠭᠡᠭ ᠤᠨ ᠰᠠᠭᠤᠷᠢ ᠶᠢ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠨᠢᠭᠡᠳᠦᠭᠡᠷ ᠲᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠶᠡᠭᠡ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ ᠰᠢᠨ᠎ᠡ | ᠬᠥᠮᠥᠨ ᠢ ᠬᠥᠮᠥᠵᠢᠭᠦᠯᠬᠦ ᠬᠡᠷᠡᠭᠲᠡᠢ᠃ ᠶᠠᠮᠠᠷ ᠬᠥᠮᠥᠨ ᠢ ᠬᠥᠮᠥᠵᠢᠭᠦᠯᠬᠦ᠂ ᠬᠥᠮᠥᠨ ᠢ ᠬᠡᠷᠬᠢᠨ ᠬᠥᠮᠥᠵᠢᠭᠦᠯᠬᠦ᠂ ᠬᠡᠨ ᠤ | ᠲᠥᠯᠥᠭᠡ ᠬᠥᠮᠥᠨ ᠢ ᠬᠥᠮᠥᠵᠢᠭᠦᠯᠬᠦ ᠪᠣᠯ ᠰᠤᠷᠭᠠᠨ ᠬᠥᠮᠦᠵᠢᠯ ᠤᠨ ᠦᠨᠳᠦᠰᠦᠨ ᠠᠰᠠᠭᠤᠳᠠᠯ ᠮᠥᠨ᠂ ᠪᠠᠰᠠ ᠴᠤ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠭᠤᠣᠯ ᠰᠡᠳᠦᠪ ᠮᠥᠨ᠃ ᠮᠠᠨ ᠤ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠵᠣᠷᠢᠯᠭ᠎ᠠ ᠪᠣᠯ ᠳᠠᠷᠤᠢ ᠶᠣᠰᠣ ᠰᠤᠷᠲᠠᠬᠤᠨ ᠤᠶᠤᠨ | ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠦᠶ᠎ᠡ ᠦᠶ᠎ᠡ ᠶᠢᠨ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠬᠤ | ᠪᠦᠲᠦᠭᠡᠨ ᠪᠠᠶᠢᠭᠤᠯᠤᠯᠲᠠ ᠳᠤ ᠶᠡᠭᠡ ᠬᠡᠷᠡᠭᠴᠡᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠤᠯᠭᠠᠭᠤᠷᠢ ᠬᠦᠴᠦᠨ | ᠪᠣᠯᠬᠤ ᠦᠶ᠎ᠡ ᠦᠶ᠎ᠡ ᠶᠢᠨ ᠴᠢᠳᠠᠪᠤᠷᠢᠲᠠᠨ ᠢ ᠬᠥᠮᠥᠵᠢᠭᠦᠯᠵᠦ᠂ ᠨᠠᠮ ᠤᠨ ᠦᠢᠯᠡᠰ ᠪᠠ ᠨᠡᠶᠢᠭᠡᠮ ᠵᠢᠷᠤᠮ ᠤᠨ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠵᠠᠯᠭᠠᠮᠵᠢᠯᠠᠭᠴᠢ ᠲᠠᠢ ᠪᠠᠶᠢᠬᠤ ᠶᠢ ᠦᠨᠡᠨ ᠬᠦ | ᠪᠠᠲᠤᠯᠠᠬᠤ ᠶᠠᠪᠤᠳᠠᠯ ᠪᠣᠯᠣᠨ᠎ᠠ᠃ ᠬᠤᠶᠠᠳᠤᠭᠠᠷ ᠲᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ | ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠨ | ᠬᠥᠮᠦᠵᠢᠯ ᠤᠨ ᠠᠮᠢᠨ ᠰᠤᠳᠠᠰᠤ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ | ᠲᠦᠷᠭᠡᠳᠬᠡᠨ ᠪᠠᠶᠢᠭᠤᠯᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠪᠠᠷ ᠠᠵᠤ ᠠᠬᠤᠢ ᠨᠡᠶᠢᠭᠡᠮ ᠤᠨ | ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠭᠤᠷᠪᠠᠳᠤᠭᠠᠷ ᠲᠤ᠂ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠴᠢᠨᠠᠷ ᠰᠠᠶᠢᠲᠠᠢ | ᠬᠥᠭᠵᠢᠯᠲᠡ ᠳᠤ ᠦᠢᠯᠡᠴᠢᠯᠡᠬᠦ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠶᠢᠨ ᠴᠢᠬᠤᠯᠠ | ᠡᠭᠦᠷᠭᠡ ᠪᠣᠯᠭᠠᠬᠤ ᠬᠡᠷᠡᠭᠲᠡᠢ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠨᠢ ᠳᠣᠲᠣᠭᠠᠳᠤ | ᠨᠢᠭᠡᠳᠦᠯᠲᠦ ᠴᠢᠨᠠᠷ ᠪᠠ ᠬᠠᠷᠢᠯᠴᠠᠨ ᠲᠤᠯᠭᠠᠭᠤᠷᠢᠯᠠᠬᠤ ᠴᠢᠨᠠᠷ ᠲᠠᠢ ᠪᠠᠶᠢᠵᠦ᠂ ᠡᠨᠡ ᠭᠤᠷᠪᠠ ᠶᠢ ᠣᠷᠭᠠᠨᠢᠭ ᠢᠶᠠᠷ | ᠤᠶᠠᠯᠳᠤᠭᠤᠯᠵᠤ᠂ ᠨᠢᠭᠡ ᠴᠣᠭᠴᠠᠵᠢᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠠᠬᠢᠨ ᠢᠶᠠᠷ ᠨᠡᠮᠡᠭᠳᠡᠬᠦ ᠦᠢᠯᠡᠳᠦᠯ ᠢ ᠪᠦᠷᠢᠯᠳᠦᠭᠦᠯᠬᠦ ᠬᠡᠷᠡᠭᠲᠡᠢ᠃ ᠳᠥᠷᠪᠡᠳᠦᠭᠡᠷ ᠲᠤ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠳᠤᠮᠳᠠ ᠰᠤᠷᠭᠠᠨ ᠬᠥᠮᠦᠵᠢᠯ ᠤᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠰᠤᠷᠭᠠᠨ ᠬᠥᠮᠦᠵᠢᠯ ᠤᠨ ᠲᠣᠮᠣ ᠤᠯᠤᠰ ᠠᠴᠠ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠪᠣᠯᠬᠤ ᠨᠢ ᠰᠢᠰᠲ᠋ᠧᠮᠲᠦ ᠴᠢᠨᠠᠷᠲᠠᠢ ᠦᠰᠦᠷᠦᠯᠲᠡ ᠪᠠ ᠴᠢᠨᠠᠷ ᠤᠨ ᠬᠤᠪᠢᠷᠠᠯᠲᠠ | ᠪᠣᠯᠣᠨ᠎ᠠ᠂ ᠡᠷᠬᠡᠪᠰᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠬᠤ ᠬᠡᠷᠡᠭᠲᠡᠢ᠃ | ᠲᠠᠪᠤᠳᠤᠭᠠᠷ ᠲᠤ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠢ | ᠴᠢᠩᠭᠠᠷᠠᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠭᠠᠳᠠᠭᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠠᠷᠭ᠎ᠠ | ᠪᠣᠳᠣᠯᠭ᠎ᠠ ᠶᠢ ᠲᠡᠭᠦᠯᠳᠡᠷᠵᠢᠭᠦᠯᠵᠦ᠂ ︽ᠣᠷᠣᠭᠤᠯᠵᠤ ᠠᠪᠴᠢᠷᠠᠬᠤ︾ ᠪᠠ ︽ᠭᠠᠳᠠᠭᠰᠢ ᠭᠠᠷᠬᠤ︾ ᠬᠤᠶᠠᠷ ᠶᠡᠭᠡ | ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠳᠡᠯᠡᠬᠡᠢ ᠶᠢᠨ ᠲᠡᠷᠢᠭᠦᠨ ᠤ ᠰᠤᠷᠭᠠᠨ ᠬᠥᠮᠦᠵᠢᠯ ᠤᠨ ᠡᠬᠢ | ᠪᠠᠶᠠᠯᠢᠭ ᠪᠠ ᠰᠢᠨ᠎ᠡ ᠶᠢ ᠡᠭᠦᠳᠬᠦ ᠡᠯᠧᠮᠧᠨ᠋ᠲ ᠢ ᠪᠦᠲᠦᠮᠵᠢᠲᠡᠶ ᠠᠰᠢᠭᠯᠠᠵᠤ᠂ ᠮᠠᠨ ᠤ ᠤᠯᠤᠰ ᠢᠶᠠᠨ ᠬᠦᠴᠦᠷᠬᠡᠭ ᠶᠡᠭᠡ | ᠨᠥᠯᠥᠭᠡᠯᠡᠬᠦ ᠬᠦᠴᠦᠨ ᠲᠠᠢ ᠳᠡᠯᠡᠬᠡᠢ ᠶᠢᠨ ᠴᠢᠬᠤᠯᠠ ᠰᠤᠷᠭᠠᠨ ᠬᠥᠮᠦᠵᠢᠯ ᠤᠨ ᠲᠥᠪ ᠪᠣᠯᠭᠠᠬᠤ ᠬᠡᠷᠡᠭᠲᠡᠢ᠃ | ᠵᠢᠷᠭᠤᠳᠤᠭᠠᠷ ᠲᠤ᠂ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠬᠦ ᠬᠡᠷᠡᠭᠲᠡᠢ᠃ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠶᠢᠨ ᠬᠠᠮᠤᠭ ᠤᠨ ᠴᠢᠬᠤᠯᠠ ᠰᠠᠭᠤᠷᠢ ᠠᠵᠢᠯ ᠪᠣᠯᠭᠠᠨ ᠠᠳᠬᠤᠵᠤ᠂ ᠳᠤᠮᠳᠠᠳᠤ ᠤᠯᠤᠰ ᠤᠨ ᠣᠨᠴᠠᠯᠢᠭ ᠲᠠᠢ | ᠪᠠᠭᠰᠢ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠪᠦᠷᠢᠨᠰᠢᠭᠦᠯᠵᠦ᠂ ᠪᠠᠭᠰᠢ ᠶᠢᠨ ᠡᠷᠬᠢᠮ ᠳᠡᠭᠡᠳᠦ ᠶᠣᠰᠣ ᠮᠣᠷᠠᠯ ᠲᠠᠢ᠂ | ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ ᠵᠣᠬᠢᠰᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠥᠨᠳᠥᠷ | ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠶᠡᠭᠡ ᠪᠠᠷ ᠬᠥᠮᠥᠵᠢᠭᠦᠯᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠣᠯ ᠪᠥᠬᠦ ᠨᠠᠮ ᠪᠥᠬᠦ | ᠨᠡᠶᠢᠭᠡᠮ ᠤᠨ ᠬᠠᠮᠲᠤ ᠶᠢᠨ ᠡᠭᠦᠷᠭᠡ ᠮᠥᠨ᠃ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠨᠠᠮ ᠵᠠᠰᠠᠭ ᠵᠡᠷᠭᠡ ᠪᠠᠷ | ᠠᠳᠬᠤᠵᠤ ᠬᠠᠮᠲᠤ ᠪᠠᠷ ᠬᠠᠮᠢᠶᠠᠷᠬᠤ᠂ ᠰᠠᠯᠠᠭ᠎ᠠ ᠮᠥᠴᠢᠷ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠰᠤᠷᠭᠠᠨ | ᠬᠥᠮᠦᠵᠢᠯ ᠤᠨ ᠤᠳᠤᠷᠢᠳᠬᠤ ᠪᠠᠶᠢᠭᠤᠯᠤᠯ ᠢ ᠲᠠᠰᠤᠷᠠᠯᠲᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠢᠲᠡᠭᠡᠯ ᠵᠣᠷᠢᠭ ᠢᠶᠠᠨ | ᠪᠠᠲᠤᠳᠬᠠᠨ᠂ ᠤᠳᠠᠭᠠᠨ ᠳᠠᠭᠠᠭᠠᠮᠠᠭᠠᠢ ᠴᠢᠷᠮᠠᠶᠢᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠬᠠᠷᠠᠯᠲᠠ ᠶᠢ | ᠡᠷᠲᠡᠬᠡᠨ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | |