ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ2023 ᠤᠨ ᠤ ︽ᠠᠷᠪᠠᠨ ᠶᠡᠭᠡ ᠦᠨᠡᠨᠴᠢ ᠢᠳᠡᠭᠡᠮᠵᠢᠳᠡᠢ ᠬᠦᠮᠦᠰ︾ ᠤᠨ ᠨᠠᠷᠡᠰ ᠨᠡᠶᠢᠳᠡᠯᠡᠭᠳᠡᠵᠦ᠂ ᠮᠠᠨ ᠤ ᠬᠤᠰᠢᠭᠤᠨ ᠤ2 ᠬᠦᠮᠦᠨ ᠠᠮᠵᠢᠯᠳᠡ  ᠲᠠᠢ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/9/19
      ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠤᠯᠠᠮ ᠨᠢᠬᠡ ᠠᠯᠬᠤᠮ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠰᠤᠷᠲᠠᠯ ᠢ ᠤᠯᠠᠮᠵᠢᠯᠠᠨ ᠠᠷᠠᠳ ᠢᠷᠭᠡᠳ ᠤᠨ ᠬᠡᠪ ᠪᠣᠯᠪᠠᠰᠤᠷᠠᠯ ᠪᠠ ᠨᠡᠶᠢᠭᠡᠮ ᠤᠨ ᠪᠣᠯᠪᠠᠰᠤᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ︽ᠢᠲᠡᠭᠡᠮᠵᠢ ᠶᠢ ᠮᠡᠳᠡᠬᠦ᠂ ᠢᠲᠡᠭᠡᠮᠵᠢ ᠶᠢ ᠰᠠᠬᠢᠬᠤ᠂ ᠢᠲᠡᠭᠡᠮᠵᠢ ᠶᠢ ᠬᠡᠷᠡᠭᠯᠡᠬᠦ᠂ ᠢᠲᠡᠭᠡᠮᠵᠢ ᠶᠢ ᠴᠢᠬᠤᠯᠠᠴᠢᠯᠠᠬᠤ︾  ᠶᠢᠨ ᠰᠠᠶᠢᠨ ᠰᠠᠶᠢᠬᠠᠨ ᠰᠠᠭᠤᠷᠢ ᠶᠢ ᠨᠠᠩ ᠰᠠᠶᠢᠨ ᠪᠣᠶ ᠪᠣᠯᠭᠠᠵᠤ᠂ ᠦᠨᠡᠨᠴᠢ ᠢᠲᠡᠭᠡᠮᠵᠢᠲᠡᠢ ᠨᠡᠶᠢᠭᠡᠮ ᠤᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠠᠶᠢᠭᠤᠯᠬᠤ ᠳᠤ ᠬᠦᠴᠦᠨ ᠨᠡᠮᠡᠷᠢᠯᠡᠬᠦ  ᠶᠢᠨ ᠲᠦᠯᠦᠭᠡ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠥᠪᠡᠷᠲᠡᠭᠡᠨ ᠵᠠᠰᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠨᠠᠮ ᠤᠨ ᠬᠤᠷᠢᠶ᠎ᠠ ᠶᠢᠨ ᠲᠤᠤᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠲᠠᠢ ᠬᠠᠮᠲᠤᠷᠠᠨ ᠪᠥᠬᠦ ᠣᠷᠣᠨ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠠᠷᠪᠠᠨ ᠶᠡᠭᠡ ᠦᠨᠡᠨᠴᠢ ᠢᠲᠡᠭᠡᠮᠵᠢᠲᠡᠢ ᠬᠥᠮᠥᠨ︾ ᠢ ᠡᠯᠰᠡᠪᠡ᠃      ᠲᠣᠰ ᠤᠳᠠᠭᠠᠨ ᠤ ᠡᠯᠰᠡᠬᠦ ᠠᠵᠢᠯᠯᠠᠭ᠎ᠠ ᠳᠤ᠂ ᠮᠠᠨ ᠤ ᠬᠤᠰᠢᠭᠤ 4 ᠨᠦᠬᠦᠳ ᠤᠨ ᠲᠡᠷᠢᠭᠦᠨ ᠤ ᠦᠶᠯᠡ ᠠᠵᠢᠯᠯᠠᠭ᠎ᠠ ᠶᠢ ᠳᠡᠭᠡᠭᠰᠢ ᠮᠡᠳᠡᠭᠦᠯᠵᠦ᠂ ᠰᠦᠯᠵᠢᠶ᠎ᠡ ᠪᠠᠷ ᠪᠢᠯᠧᠲ ᠥᠭᠬᠦ ᠪᠠ ᠲᠤᠰᠬᠠᠢ ᠮᠡᠷᠭᠡᠵᠢᠯᠲᠡᠨ ᠤ ᠰᠢᠯᠭᠠᠷᠠᠭᠤᠯᠬᠤ ᠺᠣᠮᠢᠰ ᠤᠨ ᠶᠡᠷᠦᠩᠬᠡᠶᠢᠯᠡᠭᠰᠡᠨ ᠰᠢᠯᠭᠠᠷᠠᠭᠤᠯᠤᠯᠲᠠ ᠪᠠᠷ ᠳᠡᠮᠵᠢᠨ᠂ ᠮᠠᠨ ᠤ ᠬᠤᠰᠢᠭᠤᠨ ᠤ ᠠᠳᠢᠶ᠎ᠠ ᠪᠣᠯᠣᠨ ᠸᠠᠩ ᠢᠦᠢ ᠷᠦᠩ  ᠤᠨ ᠰᠡᠳᠬᠢᠯ ᠬᠥᠳᠡᠯᠭᠡᠮ᠎ᠡ ᠦᠶᠯᠡ ᠠᠵᠢᠯᠯᠠᠭ᠎ᠠ ᠨᠢ ᠥᠪᠡᠷᠲᠡᠭᠡᠨ ᠵᠠᠰᠠᠬᠤ ᠣᠷᠣᠨ ᠳᠤ ᠶᠡᠷᠦᠩᠬᠡᠶᠢᠯᠡᠭᠰᠡᠨ ᠬᠤᠪᠢ ᠪᠠᠷ ᠨᠢᠭᠡᠳᠦᠭᠡᠷ᠂ ᠳᠥᠷᠪᠡᠳᠦᠭᠡᠷ ᠤᠨ ᠰᠢᠯᠢᠳᠡᠭ ᠬᠢᠷᠢ ᠪᠦᠲᠦᠮᠵᠢ ᠤᠯᠵᠤ᠂ ᠳᠠᠳᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ︽ᠠᠷᠪᠠᠨ ᠶᠡᠭᠡ ᠦᠨᠡᠨᠴᠢ ᠢᠲᠡᠭᠡᠮᠵᠢᠲᠡᠢ ᠬᠥᠮᠥᠨ︾ ᠢᠶᠠᠷ ᠰᠣᠩᠭᠤᠭᠳᠠᠵᠠᠢ᠃                ︵ᠨᠠᠷᠢᠨ ᠠᠭᠤᠯᠭ᠎ᠠ ᠶᠢ ᠲᠤᠤᠷᠠᠬᠢ ᠬᠤᠯᠪᠤᠭᠠᠰᠤ ᠠᠴᠠ ᠦᠵᠡᠭᠡᠷᠡᠢ︕︶                    https://mp.weixin.qq.com/s?__biz=MzA4NTc4NTEwMA==&mid=2656003727&idx=1&sn=75c3e782d84f93d7a43c0c93093fda6c&scene=21#wechat_redirect 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号