ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ᠄ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠦᠵᠢᠯ ᠢ ᠴᠢᠩᠭᠠᠳᠬᠠᠵᠦ ᠪᠠᠶᠢᠨ᠎ᠠ
ᠨᠡᠶᠢᠲᠡᠯᠡᠭᠰᠡᠨ ᠴᠠᠭ᠄
2023/9/19
      ︽ᠪᠠᠭᠰᠢ ᠰᠤᠷᠤᠬᠴᠢᠳ ᠤᠨ ᠲᠣᠭᠤᠷᠢᠨ ᠦᠵᠡᠬᠦ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ᠂ ᠪᠢᠳᠠ ᠬᠠᠮᠳᠤ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠶᠢ ᠣᠶᠢᠯᠠᠭᠠᠵᠤ᠂ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠢᠷᠡᠭᠡᠳᠦᠢ ᠶᠢ ᠬᠠᠮᠠᠭᠠᠯᠠᠵᠠᠭᠠᠶ᠎ᠠ ᠁︾ ᠬᠡᠬᠦ ᠪᠢᠴᠢᠬᠠᠨ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ᠂ ᠲᠣᠭᠤᠷᠢᠨ ᠦᠵᠡᠭᠴᠢᠳ ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ ᠢᠶᠠᠷ ᠲᠤᠭᠤᠷᠢᠨ ᠬᠠᠭᠤᠴᠢᠨ ᠭᠡᠷᠡᠯ ᠵᠢᠷᠤᠭ᠂ ᠬᠠᠭᠤᠴᠢᠨ ᠡᠳ᠋ᠯᠡᠯ ᠤᠳ ᠨᠢ ᠲᠣᠭᠤᠷᠢᠨ ᠦᠵᠡᠭᠴᠢᠳ ᠲᠤ ᠴᠡᠷᠢᠭ ᠤᠨ ᠶᠠᠪᠤᠳᠠᠯ ᠤᠨ ᠮᠡᠳᠡᠯᠭᠡ ᠬᠦᠷᠳᠡᠭᠡᠵᠦ᠂ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠨᠢ ᠬᠦᠨᠵᠡᠭᠡᠶᠢᠷᠡᠭᠦᠯᠦᠭᠰᠡᠨ ᠪᠠᠶᠢᠨ᠎ᠠ᠃      ᠡᠨᠡ ᠵᠢᠯ ᠠᠴᠠ ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠬᠦᠨᠵᠡᠭᠡᠶᠢᠷᠡᠭᠦᠯᠦᠨ ᠲᠤᠭᠤᠬᠰᠢᠯᠠᠭᠤᠯᠵᠤ᠂ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ︽ᠵᠣᠷᠢᠭ ᠰᠠᠨᠠᠭ᠎ᠠ ᠪᠠᠨ ᠪᠠᠳᠤᠳᠬᠠᠵᠤ᠂ ᠪᠡᠶ᠎ᠡ ᠮᠠᠬᠠᠪᠤᠳ ᠢᠶᠠᠨ ᠴᠢᠬᠢᠷᠠᠬᠵᠢᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠲᠦᠭᠡᠮᠡᠯᠵᠢᠭᠦᠯᠬᠦ︾ ᠪᠠᠷ ᠶᠡᠷᠦᠩᠬᠡᠢ ᠬᠠᠷᠠᠯᠲᠠ ᠪᠣᠯᠭᠠᠵᠤ᠂ ᠪᠥᠬᠦ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠯᠠᠪᠳᠠᠭᠤᠨ ᠪᠦᠲᠦᠮᠵᠢᠲᠡᠶ ᠠᠬᠢᠭᠤᠯᠪᠠ᠃      ᠮᠠᠨᠳᠤᠯ ᠤᠯᠠᠨ ᠤᠯᠤᠰ ᠤᠨ ᠨᠥᠬᠦᠷᠯᠡᠯ ᠤᠨ ᠪᠠᠭ᠎ᠠ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠦᠵᠡᠭᠦᠯᠦᠯᠭᠡ ᠶᠢᠨ ᠲᠢᠩᠬᠢᠮ᠂ ᠪᠠᠲᠤᠬᠠᠭᠠᠯᠭ᠎ᠠ ᠶᠢᠨ ᠶᠠᠫᠤᠨ ᠢ ᠡᠰᠡᠷᠭᠦᠴᠡᠭᠰᠡᠨ ᠵᠡᠪᠰᠡᠭᠲᠦ ᠪᠣᠰᠣᠯᠭ᠎ᠠ ᠶᠢᠨ ᠳᠤᠷᠠᠰᠬᠠᠯ ᠤᠨ ᠦᠵᠡᠭᠦᠯᠦᠯᠭᠡ ᠶᠢᠨ ᠲᠢᠩᠬᠢᠮ᠂ ᠮᠠᠨᠳᠤᠯ ᠪᠠᠯᠭᠠᠰᠤᠨ ᠤ ᠤᠮᠠᠷᠠᠲᠤ ᠬᠢᠯᠢ ᠶᠢᠨ ᠬᠤᠪᠢᠰᠬᠠᠯ ᠤᠨ ᠰᠤᠷᠭᠠᠨ ᠬᠥᠮᠦᠵᠢᠯ ᠤᠨ ᠰᠠᠭᠤᠷᠢᠨ ᠭᠠᠵᠠᠷ᠂ ᠪᠠᠶ᠋ᠬᠠᠤᠪᠤᠭ᠎ᠠ ᠰᠤᠮᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠳᠤᠳᠬᠠᠬᠤ ᠦᠵᠡᠭᠦᠯᠦᠯᠭᠡ ᠶᠢᠨ ᠲᠢᠩᠬᠢᠮ᠂ ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠵᠡᠷᠭᠡ ᠦᠵᠡᠭᠦᠯᠦᠯᠭᠡ ᠶᠢᠨ ᠲᠢᠩᠬᠢᠮ ᠳᠤ᠂ ᠲᠠᠶᠢᠯᠪᠤᠷᠢᠯᠠᠭᠴᠢ ᠠᠴᠠ ᠲᠣᠭᠤᠷᠢᠨ ᠦᠵᠡᠭᠴᠢᠳ ᠲᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠵᠠᠭᠤ ᠭᠠᠷᠤᠢ ᠵᠢᠯ ᠤᠨ ᠲᠤᠷᠰᠢᠬᠢ ᠭᠡᠷᠡᠯ ᠰᠠᠴᠤᠷᠠᠩᠭᠤᠢ ᠥᠩᠭᠡᠷᠡᠯᠲᠡ ᠶᠢ ᠲᠡᠯᠭᠡᠨ ᠶᠠᠷᠢᠵᠤ᠂ ᠲᠡᠳᠡᠨᠤᠰ ᠤᠨ ᠰᠢᠨ᠎ᠡ ᠴᠠᠭ ᠦᠶ᠎ᠡ ᠳᠤ ᠠᠯᠬᠤᠨ ᠣᠷᠣᠬᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠣᠮᠤᠭ ᠵᠣᠷᠢᠭ ᠢ ᠨᠢ ᠤᠯᠠᠮ ᠴᠢᠨᠠᠭᠰᠢᠳᠠ ᠬᠥᠭᠵᠢᠭᠡᠵᠡᠢ᠃ ᠣᠶᠢᠷ᠎ᠠ ᠶᠢᠨ ᠵᠢᠯ ᠠᠴᠠ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠭᠠᠵᠠᠷ ᠣᠷᠣᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠬᠤᠪᠢᠰᠬᠠᠯ ᠤᠨ ᠡᠬᠢ ᠪᠠᠶᠠᠯᠢᠭ ᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠳᠠᠪᠠᠭᠤᠯᠢᠭ ᠪᠣᠯᠭᠠᠨ ᠬᠤᠪᠢᠷᠠᠭᠤᠯᠬᠤ ᠣᠶᠢᠯᠠᠭᠠᠭᠳᠠᠬᠤᠨ ᠢ ᠪᠠᠷᠢᠮᠲᠠᠯᠠᠵᠤ᠂ ᠬᠤᠪᠢᠰᠬᠠᠯ ᠤᠨ ᠦᠵᠡᠭᠦᠯᠦᠯᠭᠡ ᠶᠢᠨ ᠲᠢᠩᠬᠢᠮ ᠢᠶᠠᠷ ᠳᠠᠮᠵᠢᠨ ᠳᠠᠷᠬᠠᠨ ᠮᠤᠤᠮᠢᠩᠭᠠᠨ ᠤ ᠡᠨᠡᠬᠦ ᠪᠠᠭᠠᠲᠤᠷᠯᠢᠭ ᠲᠠᠯ᠎ᠠ ᠨᠤᠲᠤᠭ ᠤᠨ ᠦᠯᠢᠭᠡᠷ ᠢ ᠨᠢᠭᠡᠳ ᠨᠢᠭᠡ ᠪᠠᠷ ᠬᠤᠯᠪᠣᠵᠤ᠂ ᠤᠯᠠᠨ ᠲᠦᠮᠡᠨ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠣᠶᠢᠯᠠᠭᠠᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠪᠠ᠃ ᠣᠲᠣ ᠪᠣᠯᠲᠠᠯ᠎ᠠ᠂ ᠪᠥᠬᠦ ᠬᠤᠰᠢᠭᠤᠨ ᠤ ᠡᠯ᠎ᠡ ᠲᠥᠷᠥᠯ ᠤᠨ ᠬᠤᠪᠢᠰᠬᠠᠯ ᠤᠨ ᠦᠵᠡᠭᠦᠯᠦᠯᠭᠡ ᠶᠢᠨ ᠲᠢᠩᠬᠢᠮ ᠵᠡᠷᠭᠡ ᠲᠤᠬᠠᠢ ᠶᠢᠨ ᠲᠠᠯᠠᠪᠠᠶ ᠶᠢᠨ ᠵᠢᠭᠠᠨ ᠰᠤᠷᠭᠠᠯᠲᠠ ᠶᠢᠨ ᠴᠡᠭ ᠢ ᠠᠰᠢᠭᠯᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠭᠤᠣᠯ ᠰᠡᠳᠦᠪᠲᠦ ᠠᠵᠢᠯᠯᠠᠭ᠎ᠠ ᠶᠢ ᠨᠡᠶᠢᠲᠡ 40 ᠤᠳᠠᠭ᠎ᠠ ᠥᠷᠨᠢᠭᠦᠯᠪᠡ᠃
微信图片_20230919090121_2.jpg
       9 ᠰᠠᠷ᠎ᠠ ᠶᠢᠨ 14᠂ 15 ᠤ ᠡᠳᠦᠷ᠂ ︽ᠤᠯᠤᠰ ᠢᠶᠠᠨ ᠬᠠᠶᠢᠷᠠᠯᠠᠬᠤ ᠤᠯᠤᠰ ᠤᠨ ᠪᠠᠲᠤᠯᠠᠨ ᠬᠠᠮᠠᠭᠠᠯᠠᠯᠲᠠ · ᠬᠤᠶᠠᠷ ᠢ ᠬᠦᠷᠢᠶᠡᠯᠡᠨ ᠬᠠᠮᠲᠤ ᠪᠠᠷ ᠪᠦᠲᠦᠭᠡᠨ ᠪᠠᠶᠢᠭᠤᠯᠬᠤ︾ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠪᠥᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠮᠡᠳᠡᠯᠭᠡ ᠶᠢᠨ ᠤᠷᠤᠯᠳᠤᠭᠠᠨ ᠠᠮᠵᠢᠯᠲᠠ ᠲᠠᠢ ᠶᠠᠪᠤᠭᠳᠠᠵᠤ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠶᠢᠨ 30 ᠲᠦᠯᠦᠭᠡᠯᠡᠭᠴᠢ ᠶᠢᠨ ᠠᠩᠭᠢ ᠢᠳᠡᠪᠬᠢᠲᠡᠢ ᠣᠷᠣᠯᠴᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠮᠠᠭᠠᠯᠠᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠪᠠ᠃       ︽ᠠᠨᠠᠷ ᠤᠨ ᠦᠷ᠎ᠡ ᠰᠢᠭ ᠦᠨᠳᠦᠰᠦᠲᠡᠨ ᠨᠦᠭᠦᠳ ᠤᠨ ᠬᠦᠪᠡᠭᠦᠳ ᠦᠬᠢᠳ ᠨᠢᠭᠡ ᠭᠡᠷ ᠤᠨ ᠬᠥᠮᠥᠰ ᠮᠡᠳᠦ ᠰᠡᠳᠬᠢᠯ ᠵᠢᠷᠦᠬᠡ  ᠪᠠᠨ ᠬᠤᠯᠪᠤᠬᠤ︾᠂ ︽6·1︾  ᠤ ᠲᠣᠮᠣ ᠬᠡᠯᠪᠡᠷᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠶᠠᠪᠤᠳᠠᠯ ᠤᠨ︽ᠳᠠᠯᠠᠢ ᠬᠠᠭᠤᠷᠠᠢ ᠠᠭᠠᠷ︾ ᠤᠨ ᠭᠡᠷ ᠪᠦᠯᠢ ᠶᠢᠨ ᠪᠡᠶ᠎ᠡ ᠶᠢᠨ ᠲᠠᠮᠢᠷ ᠤᠨ ᠴᠤᠭᠯᠠᠭᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠷᠠᠨ ᠪᠢᠴᠢᠯᠭᠡ ᠤᠷᠠᠨ ᠵᠢᠷᠤᠭ ᠤᠨ ᠤᠷᠤᠯᠳᠤᠭᠠᠨ᠂ ᠪᠡᠶ᠎ᠡ ᠶᠢᠨ ᠲᠠᠮᠢᠷ ᠤᠨ ᠤᠷᠤᠯᠳᠤᠭᠠᠨ ᠁ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠬᠦᠰᠡᠯ ᠢᠶᠠᠨ ᠲᠡᠷᠭᠡᠯᠰᠢᠬᠦᠯᠦᠨ᠎ᠡ᠃ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠤᠯᠠᠮ ᠨᠢᠭᠡ ᠠᠯᠬᠤᠮ ᠬᠦᠨᠵᠡᠭᠡᠶᠢᠷᠡᠭᠦᠯᠵᠦ᠂ ᠵᠠᠯᠠᠭᠤ ᠪᠠᠭᠠᠴᠤᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠪᠣᠶᠢᠵᠢᠭᠤᠯᠬᠤ ᠪᠠ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠢ ᠪᠤᠶ ᠪᠣᠯᠭᠠᠵᠤ᠂ ᠦᠨᠳᠦᠰᠦᠲᠡᠨ ᠤ ᠣᠮᠣᠭᠰᠢᠯᠲᠤ ᠰᠡᠳᠬᠢᠯᠭᠡ ᠶᠢ ᠨᠡᠮᠡᠭᠳᠡᠭᠦᠯᠵᠦ᠂ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠲᠤᠰᠬᠠᠢ ᠰᠡᠳᠦᠪᠲᠦ ᠰᠤᠷᠭᠠᠨ ᠬᠥᠮᠦᠵᠢᠯ ᠤᠨ ᠬᠢᠴᠢᠶᠡᠯ ᠨᠡᠭᠡᠭᠡᠵᠦ᠂ ᠬᠡᠯᠡ ᠪᠢᠴᠢᠭ᠂ ᠲᠡᠦᠬᠡ ᠪᠠ ᠦᠵᠡᠯ ᠰᠠᠨᠠᠭ᠎ᠠ ᠤᠯᠤᠰ ᠲᠦᠷᠦ ᠵᠡᠷᠭᠡ ᠰᠢᠨᠵᠢᠯᠡᠭᠡᠨ ᠤ ᠰᠠᠯᠠᠭ᠎ᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠭᠤᠯᠭ᠎ᠠ ᠶᠢ ᠭᠦᠢᠴᠡᠳ ᠠᠭᠤᠳᠠᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠴᠢᠩᠭᠠᠳᠬᠠᠬᠤ ᠶᠢᠨ ᠬᠠᠮᠲᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ᠂ ᠡᠯ᠎ᠡ ᠲᠦᠷᠦᠯ ᠤᠨ ᠪᠠᠶᠠᠷ ᠤᠨ ᠡᠳᠦᠷ ᠢ ᠳᠤᠷᠠᠰᠬᠠᠬᠤ ᠠᠵᠢᠯᠯᠠᠭ᠎ᠠ ᠲᠠᠢ ᠤᠶᠠᠯᠳᠤᠭᠤᠯᠵᠤ᠂ ᠥᠷᠭᠡᠨ ᠤᠯᠠᠨ ᠵᠠᠯᠠᠭᠤᠴᠤᠳ ᠪᠠᠭᠠᠴᠤᠳ ᠤᠨ ᠬᠥᠮᠥᠨ ᠤ ᠠᠮᠢᠳᠤᠷᠠᠯ ᠤᠨ ᠠᠩᠬᠠᠨ ᠤ ᠵᠠᠩᠭᠢᠯᠠᠭ᠎ᠠ  ᠶᠢᠨ ᠴᠡᠭ ᠢ ᠰᠠᠶᠢᠲᠤᠷ ᠬᠤᠯᠪᠣᠵᠤ᠂ ᠰᠤᠷᠤᠭᠴᠢᠳ ᠤᠨ ᠴᠡᠷᠢᠭ ᠢ ᠳᠡᠭᠡᠳᠦᠯᠡᠨ ᠴᠡᠷᠢᠭ ᠤᠨ ᠡᠷᠳᠡᠮ ᠢ ᠡᠷᠬᠢᠮᠯᠡᠬᠦ ᠬᠠᠯᠠᠭᠤᠨ ᠰᠡᠳᠬᠢᠯᠭᠡ ᠪᠠ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠪᠡ᠃
      ᠠᠵᠢᠯ ᠤᠨ ᠤᠬᠠᠭᠤᠯᠭ᠎ᠠ ᠶᠢᠨ ᠪᠤᠯᠤᠩ᠂ ᠨᠡᠶᠢᠭᠡᠮ ᠲᠣᠭᠤᠷᠢᠭ ᠤᠨ ᠭᠤᠣᠯ ᠵᠠᠮ᠂ ᠴᠡᠴᠡᠷᠯᠢᠭ᠂ ᠠᠭᠤᠳᠠᠮ ᠲᠠᠯᠠᠪᠠᠢ᠂ ᠬᠤᠳᠠᠯᠳᠤᠭᠠᠨ ᠤ ᠲᠠᠯᠠᠪᠠᠢ ᠵᠡᠷᠭᠡ ᠭᠠᠵᠠᠷ ᠤᠨ ᠭᠤᠣᠯ ᠰᠡᠳᠦᠪ ᠢᠯᠡ ᠲᠣᠳᠣ᠂ ᠲᠣᠪᠴᠢ ᠠᠪᠰᠠᠷᠬᠠᠨ ᠬᠤᠶᠠᠷ ᠢ ᠬᠦᠷᠢᠶᠡᠯᠡᠬᠦ ᠤᠬᠠᠭᠤᠯᠭ᠎ᠠ ᠶᠢᠨ ᠤᠷᠢᠶ᠎ᠠ ᠨᠢ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ 150 ᠭᠠᠷᠤᠢ ᠤᠬᠠᠭᠤᠯᠭ᠎ᠠ ᠶᠢᠨ ᠲᠤᠰᠬᠠᠢ ᠪᠤᠯᠤᠩ ᠨᠢ ᠰᠠᠭᠤᠭᠠᠯᠢ ᠠᠷᠠᠳ ᠲᠤ ᠡᠳᠦᠷ ᠳᠤᠳᠤᠮ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ  ᠢ ᠬᠦᠷᠲᠡᠭᠡᠵᠡᠢ ︔ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠷᠢᠲᠤ ᠴᠡᠷᠢᠭ ᠤᠨ ᠰᠠᠯᠠᠭᠠᠨ ᠤ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠮᠡᠳᠡᠯᠭᠡ ᠶᠢ ᠮᠠᠯᠵᠢᠬᠤ ᠲᠠᠷᠢᠶᠠᠯᠠᠬᠤ ᠣᠷᠣᠨ ᠳᠤ ᠬᠦᠷᠭᠡᠪᠡ︔ ᠬᠤᠪᠢᠰᠬᠠᠯᠳᠤ ᠮᠣᠩᠭᠤᠯ ᠭᠡᠷ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ᠂ ᠲᠠᠷᠢᠶᠠᠨ ᠭᠠᠵᠠᠷ ᠁ ᠰᠢᠨ᠎ᠡ ᠴᠠᠭ ᠦᠶ᠎ᠡ ᠶᠢᠨ ᠪᠣᠯᠪᠠᠰᠤᠨ ᠢ ᠦᠢᠯᠡᠳᠦᠯᠭᠡᠵᠢᠬᠦᠯᠬᠦ ᠲᠥᠪ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠠ ᠤᠯᠠᠭᠠᠨᠮᠥ᠋ᠴᠢᠷ ᠤᠨ ᠭᠡᠰᠢᠭᠦᠳ ᠣᠬᠤᠷ ᠵᠦᠴᠦᠭᠡ ᠨᠠᠶᠢᠷᠠᠭᠤᠯᠬᠤ᠂ ᠰᠠᠶᠢᠨ ᠳᠤᠷ᠎ᠠ ᠶᠢᠨ ᠠᠵᠢᠯᠯᠠᠭᠴᠢᠳ ᠤᠨ ᠤᠬᠠᠭᠤᠯᠤᠨ ᠲᠠᠶᠢᠯᠪᠤᠷᠢᠯᠠᠬᠤ᠂ ᠤᠷᠠᠨ ᠪᠢᠴᠢᠯᠭᠡ ᠤᠷᠠᠨ ᠵᠢᠷᠤᠭ ᠤᠨ ᠰᠣᠯᠢᠯᠴᠠᠭ᠎ᠠ ᠬᠢᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠡᠷᠭᠡ ᠶᠢᠨ ᠦᠵᠡᠭᠦᠯᠦᠯᠭᠡ ᠨᠡᠪᠲᠡᠷᠡᠭᠦᠯᠭᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠵᠢᠵᠢᠭ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢ ᠰᠠᠭᠤᠭᠠᠯᠢ ᠠᠷᠠᠳ ᠨᠢᠭᠡᠪᠦᠷᠢ ᠶᠢᠨ ᠰᠡᠳᠬᠢᠯ ᠳᠤ ᠬᠠᠳᠠᠩᠰᠢᠭᠤᠯᠬᠤ ᠪᠠᠷ ᠮᠡᠷᠡᠶᠢᠵᠦ ᠪᠠᠶᠢᠨ᠎ᠠ᠃ ᠬᠠᠮ ᠵᠠᠭᠤᠴᠢᠯᠠᠭᠤᠷ ᠤᠨ ᠲᠠᠪᠴᠠᠩ ᠢ ᠠᠰᠢᠭᠯᠠᠵᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠭᠤᠣᠯ ᠰᠡᠳᠦᠪᠲᠦ ᠤᠬᠠᠭᠤᠯᠭ᠎ᠠ ᠶᠢᠨ ᠹᠢᠯᠢᠮ᠂ ᠣᠬᠤᠷ ᠸᠢᠳᠢᠤ᠋᠂ ᠲᠣᠮᠣ ᠰᠣᠨᠢᠨ᠂ ᠳᠠᠭᠤᠤ ᠬᠥᠭᠵᠢᠮ᠂ H5 ᠵᠡᠷᠭᠡ ᠪᠠᠷ ᠳᠠᠮᠵᠢᠭᠤᠯᠤᠨ ᠨᠠᠪᠲᠠᠷᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠠᠳᠠᠯᠢ ᠪᠤᠰᠤ ᠬᠦᠷᠢᠶ᠎ᠡ᠂ ᠠᠳᠠᠯᠢ ᠪᠤᠰᠤ ᠠᠵᠢᠯ ᠲᠦᠷᠦᠯ᠂ ᠠᠳᠠᠯᠢ ᠪᠤᠰᠤ ᠬᠥᠮᠥᠰ ᠲᠤ ᠪᠦᠬᠦᠨ ᠢ ᠪᠦᠷᠬᠦᠭᠦᠯᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠵᠤ ᠪᠤᠢ᠃ ᠣᠳᠣᠬᠠᠨ ᠳᠤ᠂ ᠪᠥᠬᠦ ᠬᠤᠰᠢᠭᠤᠨ ᠤ 6 ᠨᠡᠭᠦᠳᠡᠯ ᠺᠢᠨᠣ᠋ ᠭᠠᠷᠭᠠᠬᠤ ᠠᠩᠭᠢ ᠪᠥᠬᠦ ᠬᠤᠰᠢᠭᠤᠨ ᠤ ᠡᠯ᠎ᠡ ᠭᠠᠴᠠᠭ᠎ᠠ ᠪᠠᠯᠭᠠᠰᠤᠨ ᠳᠤ ᠭᠦᠨᠵᠡᠭᠡᠶᠢᠷᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠴᠡᠷᠢᠭ ᠤᠨ ᠶᠠᠪᠤᠳᠠᠯ ᠤᠨ ᠰᠡᠳᠦᠪᠲᠦ ᠺᠢᠨᠣ᠋ ᠶᠢ 15 ᠤᠳᠠᠭ᠎ᠠ ᠭᠠᠷᠭᠠᠵᠤ ᠪᠠᠶᠢᠨ᠎ᠠ᠃ 
      ᠳᠠᠷᠠᠭᠠᠴᠢ ᠶᠢᠨ ᠠᠯᠬᠤᠮ ᠳᠤ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠤᠨ ᠠᠮᠤᠷ ᠲᠦᠪᠰᠢᠨ ᠤ ᠶᠡᠷᠦᠩᠬᠡᠢ ᠴᠣᠭᠴᠠ ᠶᠢᠨ ᠦᠵᠡᠯᠲᠡ ᠶᠢ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ︽ᠡᠷᠴᠢ ᠵᠣᠷᠢᠭ ᠢᠶᠠᠨ ᠬᠥᠪᠴᠢᠯᠡᠨ ᠤᠯᠤᠰ ᠤᠨ ᠪᠠᠲᠤᠯᠠᠨ ᠬᠠᠮᠠᠭᠠᠯᠠᠯᠲᠠ ᠪᠠᠨ ᠬᠦᠴᠦᠷᠬᠡᠭᠵᠢᠭᠦᠯᠦᠨ ᠡᠷᠡᠯᠬᠡᠭᠯᠡᠨ ᠤᠷᠤᠭᠰᠢᠯᠠᠵᠤ ᠰᠡᠷᠭᠦᠨ ᠮᠠᠨᠳᠤᠯᠲᠠ ᠵᠦᠭ ᠤᠷᠤᠭᠰᠢᠯᠠᠬᠤ︾ ᠪᠠᠷ ᠭᠤᠣᠯ ᠰᠡᠳᠦᠪ ᠪᠣᠯᠭᠠᠨ᠂ ᠨᠡᠶᠢᠭᠡᠮ ᠳᠠᠶᠠᠭᠠᠷ ᠲᠤ ᠣᠨᠴᠠᠯᠢᠭ ᠢᠶᠠᠷ ᠢᠯᠡ ᠲᠣᠳᠣ᠂ ᠬᠡᠯᠪᠡᠷᠢ ᠮᠠᠶ᠋ᠢᠭ ᠨᠢ ᠤᠯᠠᠨ ᠶᠠᠩᠵᠤ ᠶᠢᠨ᠂ ᠠᠭᠤᠯᠭ᠎ᠠ ᠪᠠᠷ ᠪᠠᠶᠠᠯᠢᠭ ᠤᠯᠠᠨ ᠲᠦᠮᠡᠨᠴᠢ ᠴᠢᠨᠠᠷᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠷᠠᠳ ᠨᠡᠶᠢᠲᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠠᠷᠠᠳ ᠤᠯᠠᠨ ᠤ ᠰᠡᠳᠬᠢᠯ ᠳᠤ ᠭᠦᠨ ᠬᠠᠳᠠᠩᠰᠢᠭᠤᠯᠬᠤ ᠪᠠᠷ ᠪᠠᠶᠢᠨ᠎ᠠ᠃ 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号