ᠰᠢᠨᠬᠤᠸᠠ ᠬᠤᠷᠢᠶ᠎ᠠ ᠶᠢᠨ ᠪᠡᠭᠡᠵᠢᠩ ᠤᠨ 9 ᠰᠠᠷ᠎ᠠ ᠶᠢᠨ 18 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ | 18 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂ ᠯᠢ | ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ | ᠬᠤᠷᠠᠯ ᠳᠤ ᠣᠷᠣᠯᠴᠠᠨ ᠪᠠᠶᠠᠷ ᠬᠦᠷᠭᠡᠵᠦ᠂ ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠪᠡ᠃ | | | 9 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠡ᠃ ᠵᠢᠷᠤᠭ ᠪᠣᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠲᠡᠷᠢᠭᠦᠯᠡᠭᠴᠢ ᠶᠢᠨ ᠲᠠᠶᠢᠰᠠᠨ ᠠᠴᠠ | ᠲᠥᠯᠥᠭᠡᠯᠡᠭᠴᠢᠳ ᠲᠤ ᠪᠠᠶᠠᠷ ᠬᠦᠷᠭᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠰᠢᠤᠸᠠᠢ ᠷᠧᠨ ᠰᠡᠭᠦᠳᠡᠷᠯᠡᠪᠡ | | | | | 9 ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠡᠬᠢᠯᠡᠪᠡ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ | ᠰᠢᠶᠠᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠤ᠂ ᠶᠡᠭᠡ | ᠬᠤᠷᠠᠯ ᠳᠤ ᠪᠠᠶᠠᠷ ᠬᠦᠷᠭᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠫᠠᠨᠭ᠌ ᠰᠢᠩ ᠯᠧᠢ ᠰᠡᠭᠦᠳᠡᠷᠯᠡᠪᠡ | | | ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠳ᠋ᠧᠩ ᠤᠨ ᠭᠡᠷᠡᠯ ᠳᠤᠸᠠᠯᠠᠵᠤ᠂ ᠠᠭᠤᠷ | ᠠᠮᠢᠰᠬᠤᠯ ᠦᠪᠡᠳᠡᠭᠰᠢ ᠶᠡᠭᠡ ᠪᠥᠭᠡᠳ ᠭᠦᠷ ᠬᠥᠭᠵᠢᠶᠡᠨ ᠲᠠᠢ ᠪᠠᠶᠢᠯ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ | ᠲᠠᠯ᠎ᠠ ᠳᠤ ︽ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ | ᠲᠥᠯᠥᠭᠡᠯᠡᠭᠴᠢᠳ ᠤᠨ ᠶᠡᠭᠡ ᠬᠤᠷᠠᠯ︾ ᠭᠡᠬᠦ ᠬᠤᠷᠠᠯ ᠤᠨ ᠲᠡᠮᠳᠡᠭ ᠢ ᠡᠯᠭᠦᠵᠦ᠂ ᠠᠷᠤ ᠬᠥᠰᠢᠭᠡ ᠶᠢᠨ ᠭᠤᠣᠯ ᠳᠤᠮᠳᠠ ᠨᠢ | ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠰᠦᠯᠳᠡ ᠲᠡᠮᠳᠡᠭ ᠤᠨᠴᠠᠭᠠᠢ ᠢᠯᠡᠲᠡᠢ ᠬᠠᠷᠠᠭᠳᠠᠵᠤ᠂ 10 | ᠤᠯᠠᠭᠠᠨ ᠲᠤᠭ ᠢ ᠬᠤᠶᠠᠷ ᠭᠠᠷᠯᠠᠨ ᠵᠢᠭᠰᠠᠭᠠᠪᠠ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ ︽ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ | ᠲᠤᠭᠤᠰᠢᠯᠠᠭᠤᠯᠵᠤ᠂ ᠥᠷᠭᠡᠨ ᠣᠯᠠᠨ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠬᠢᠴᠠ ᠳᠤᠮᠳᠠ ᠨᠠᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠶ᠎ᠠ︕︾ ᠭᠡᠬᠦ | ᠲᠣᠮᠣ ᠬᠥᠨᠳᠡᠯᠡᠨ ᠪᠢᠴᠢᠭᠡᠰᠦ ᠡᠯᠭᠦᠵᠡᠢ᠃ ᠪᠦᠭᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ 600 ᠭᠠᠷᠤᠢ | ᠲᠥᠯᠥᠭᠡᠯᠡᠭᠴᠢ᠂ 8500 ᠲᠦᠮᠡᠨ ᠵᠡᠮᠳᠡᠭᠴᠦᠳ ᠤᠨ ᠬᠦᠨᠳᠦ ᠨᠠᠶᠢᠳᠠᠯᠭ᠎ᠠ ᠶᠢ ᠠᠪᠴᠤ ᠶᠡᠭᠡ ᠬᠤᠷᠠᠯ ᠳᠤ ᠣᠷᠣᠯᠴᠠᠪᠠ᠃ | ᠦᠳᠡ ᠶᠢᠨ ᠡᠮᠦᠨᠡᠬᠢ 10 ᠴᠠᠭ ᠲᠤ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠷ ᠬᠤᠷᠠᠯ ᠤᠨ | ᠲᠠᠯᠠᠪᠠᠢ ᠳᠤ ᠠᠯᠬᠤᠨ ᠣᠷᠣᠬᠤ ᠳᠤ ᠲᠠᠯᠠᠪᠠᠢ ᠳᠠᠶᠠᠭᠠᠷ ᠬᠠᠯᠠᠭᠤᠨ ᠢᠶᠠᠷ ᠠᠯᠠᠭ᠎ᠠ ᠲᠠᠰᠢᠪᠠ᠃ | ᠶᠡᠭᠡ ᠬᠤᠷᠠᠯ ᠰᠦᠷ ᠵᠢᠪᠬᠤᠯᠠᠩᠲᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢᠨ | ᠳᠤᠮᠳᠠ ᠡᠬᠢᠯᠡᠪᠡ᠃ | ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ︽ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠵᠡᠮᠳᠡᠭᠴᠦᠳ ᠤᠨ ᠨᠠᠩ ᠵᠣᠯ ᠵᠢᠷᠭᠠᠯᠲᠤ | ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠶ᠎ᠠ︾ ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠵᠦ᠂ ᠶᠡᠭᠡ ᠬᠤᠷᠠᠯ | ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠪᠦᠭᠦ ᠤᠯᠤᠰ ᠤᠨ ᠥᠷᠭᠡᠨ ᠣᠯᠠᠨ ᠵᠡᠮᠳᠡᠭᠴᠦᠳ᠂ ᠵᠡᠮᠳᠡᠭᠴᠦᠳ ᠤᠨ | ᠲᠥᠷᠥᠯ ᠰᠠᠳᠤᠨ ᠨᠠᠶᠢᠵᠠ ᠨᠥᠬᠦᠳ᠂ ᠵᠡᠮᠳᠡᠭᠴᠦᠳ ᠤᠨ ᠠᠵᠢᠯ ᠤᠨ ᠠᠵᠢᠯᠲᠠᠨ ᠳᠤ ᠳᠣᠲᠣᠨᠣ ᠮᠡᠨᠳᠦᠴᠢᠯᠡᠯ ᠳᠡᠪᠰᠢᠭᠦᠯᠵᠦ᠂ | ᠵᠡᠮᠳᠡᠭᠴᠦᠳ ᠤᠨ ᠦᠢᠯᠡᠰ ᠢ ᠬᠠᠯᠠᠮᠵᠢᠯᠠᠨ ᠳᠡᠮᠵᠢᠵᠤ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ | ᠰᠡᠳᠬᠢᠯ ᠤᠨ ᠲᠠᠯᠠᠷᠬᠠᠯ ᠳᠡᠪᠰᠢᠭᠦᠯᠪᠡ᠃ | ᠳ᠋ᠢᠩ ᠰᠢᠤᠸᠠᠢ ᠰᠢᠶᠠᠩ ᠪᠠᠶᠠᠷ ᠤᠨ ᠦᠭᠡ ᠳᠡᠭᠡᠨ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ | ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠳᠤ ᠮᠠᠨ ᠤ ᠤᠯᠤᠰ ᠤᠨ | ᠵᠡᠮᠳᠡᠭᠴᠦᠳ ᠤᠨ ᠦᠢᠯᠡᠰ ᠥᠷᠨᠢᠨ ᠬᠥᠭᠵᠢᠭᠰᠡᠨ ᠰᠢᠨ᠎ᠡ ᠪᠠᠶᠢᠳᠠᠯ ᠢ ᠡᠭᠦᠳᠴᠦ᠂ ︽ᠴᠢᠨᠡᠭᠡᠯᠢᠭ ᠨᠡᠶᠢᠭᠡᠮ ᠢ ᠪᠦᠭᠦ | ᠲᠠᠯ᠎ᠠ ᠪᠠᠷ ᠪᠡᠶᠡᠯᠡᠭᠦᠯᠬᠦ ᠳᠤ ᠵᠡᠮᠳᠡᠭᠴᠦᠳ ᠢ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ︾ ᠬᠠᠷᠠᠯᠲᠠ ᠶᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠪᠡ᠃ ᠥᠷᠭᠡᠨ ᠤᠯᠠᠨ ᠵᠡᠮᠳᠡᠭᠴᠦᠳ ᠬᠦᠰᠡᠯ ᠵᠡᠭᠦᠳᠦ ᠪᠠᠨ ᠪᠠᠷᠢᠮᠲᠠᠯᠠᠵᠤ᠂ ᠴᠠᠭ ᠦᠶ᠎ᠡ ᠲᠠᠢ | ᠬᠠᠮᠲᠤ ᠪᠠᠷ ᠤᠷᠤᠭᠰᠢᠯᠠᠵᠤ᠂ ᠰᠢᠷᠭᠠᠭᠤ ᠲᠡᠮᠡᠴᠡᠯ ᠢᠶᠠᠷ ᠢᠶᠠᠨ ᠰᠠᠶᠢᠨ ᠰᠠᠶᠢᠬᠠᠨ ᠬᠦᠰᠡᠯ ᠵᠡᠭᠦᠳᠦ ᠪᠠᠨ ᠪᠣᠳᠠᠲᠤ ᠠᠬᠤᠢ | ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠦᠴᠦᠷᠬᠡᠭᠵᠢᠬᠦ ᠪᠠᠷ ᠴᠥᠬᠦᠷᠡᠰᠢ ᠦᠭᠡᠢ ᠴᠢᠷᠮᠠᠶᠢᠬᠤ ᠠᠭᠤᠤ | ᠶᠡᠭᠡ ᠦᠨᠳᠦᠰᠦᠲᠡᠨ ᠤ ᠵᠣᠷᠢᠭ ᠰᠠᠨᠠᠭ᠎ᠠ ᠪᠣᠯᠣᠨ ᠴᠠᠭ ᠦᠶ᠎ᠡ ᠶᠢᠨ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ | ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠡᠮᠳᠡᠭᠴᠦᠳ ᠤᠨ ᠨᠡᠶᠢᠭᠡᠮ ᠤᠨ | ᠪᠠᠲᠤᠯᠠᠭ᠎ᠠ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ | ᠳᠤᠷᠠᠳᠴᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠷᠬᠡ ᠲᠡᠭᠰᠢ᠂ | ᠠᠭᠤᠰᠤᠯᠴᠠᠬᠤ᠂ ᠬᠠᠮᠲᠤ ᠪᠠᠷ ᠡᠳ᠋ᠯᠡᠬᠦ ᠦᠷᠳᠡᠭ ᠤᠨ ᠤᠳᠤᠷᠢᠳᠤᠮᠵᠢ ᠶᠢ ᠪᠠᠲᠤ ᠡᠵᠡᠮᠳᠡᠵᠦ᠂ ᠵᠡᠮᠳᠡᠭᠴᠦᠳ ᠤᠨ | ᠦᠢᠯᠡᠰ ᠤᠨ ᠣᠳᠣᠬᠢᠴᠢᠯᠠᠯᠲᠠ ᠶᠢ ᠠᠬᠢᠭᠤᠯᠬᠤ ᠲᠡᠦᠬᠡᠲᠦ ᠡᠭᠦᠷᠭᠡ ᠶᠢ ᠪᠠᠲᠤ ᠡᠵᠡᠮᠳᠡᠵᠦ᠂ ᠵᠡᠮᠳᠡᠭᠴᠦᠳ ᠤᠨ ᠬᠠᠮᠲᠤ ᠪᠠᠷ | ᠪᠠᠶᠠᠵᠢᠬᠤ ᠶᠢ ᠠᠬᠢᠭᠤᠯᠬᠤ ᠬᠠᠷᠠᠯᠲᠠ ᠡᠭᠦᠷᠭᠡ ᠶᠢ ᠪᠠᠲᠤ ᠡᠵᠡᠮᠳᠡᠵᠦ᠂ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ | ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠮᠵᠢ ᠶᠢ ᠴᠢᠨᠠᠭᠰᠢᠳᠠ ᠪᠦᠷᠢᠨᠰᠢᠭᠦᠯᠵᠦ᠂ ᠡᠯ᠎ᠡ ᠱᠠᠲᠤᠨ ᠤ | ᠵᠠᠰᠠᠭ ᠤᠨ ᠣᠷᠳᠣᠨ ᠤ ᠵᠡᠮᠳᠡᠭᠴᠦᠳ ᠤᠨ ᠠᠵᠢᠯ ᠤᠨ ᠵᠥᠪᠯᠡᠯ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ | ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢᠭᠲᠠ ᠬᠠᠮᠵᠢᠯᠴᠠᠵᠤ᠂ ᠡᠯ᠎ᠡ ᠱᠠᠲᠤᠨ ᠤ | ᠵᠡᠮᠳᠡᠭᠴᠦᠳ ᠤᠨ ᠬᠤᠯᠪᠤᠭ᠎ᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠥᠷᠭᠡᠨ ᠤᠯᠠᠨ | ᠵᠡᠮᠳᠡᠭᠴᠦᠳ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠥᠪᠡᠷ ᠢ ᠪᠠᠨ ᠬᠦᠴᠦᠷᠬᠡᠭᠵᠢᠭᠦᠯᠬᠦ᠂ ᠪᠡᠶ᠎ᠡ ᠪᠠᠨ | ᠳᠠᠭᠠᠭᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠠᠬᠢᠴᠠ ᠳᠤᠮᠳᠠ ᠵᠡᠮᠳᠡᠭᠴᠦᠳ ᠤᠨ ᠨᠡᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠳᠤᠮᠳᠠᠳᠤ ᠶᠢᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠬᠤᠸᠠᠩ ᠰᠢᠶᠣᠣ ᠸᠧᠢ ᠳᠤᠮᠳᠠᠳᠤ ᠶᠢᠨ ᠪᠦᠭᠦ ᠤᠯᠤᠰ ᠤᠨ | ᠠᠵᠢᠯᠴᠢᠨ ᠤ ᠶᠡᠷᠦᠩᠬᠡᠢ ᠡᠪᠯᠡᠯ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ | ᠳᠤᠮᠳᠠᠳᠤ ᠶᠢᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ᠂ ᠳᠤᠮᠳᠠᠳᠤ ᠤᠯᠤᠰ ᠤᠨ ᠤᠳᠬ᠎ᠠ | ᠤᠷᠠᠯᠢᠭ ᠤᠨ ᠬᠢᠨ ᠤ ᠬᠤᠯᠪᠤᠭ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ᠂ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠨᠡᠶᠢᠭᠡᠮᠯᠢᠭ᠂ ᠳᠤᠮᠳᠠᠳᠤ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ | ᠬᠠᠷᠢᠶᠠᠲᠤ ᠨᠠᠷ ᠤᠨ ᠬᠤᠯᠪᠤᠭ᠎ᠠ᠂ ᠳᠤᠮᠳᠠᠳᠤ ᠶᠢᠨ ᠪᠦᠭᠦ ᠤᠯᠤᠰ ᠤᠨ ᠲᠠᠶᠢᠸᠠᠨ ᠤ ᠠᠬ᠎ᠠ ᠳᠡᠭᠦᠦ ᠨᠠᠷ ᠤᠨ ᠨᠥᠬᠦᠷᠯᠡᠯ ᠤᠨ | ᠬᠤᠯᠪᠤᠭ᠎ᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠬᠡᠯᠡᠪᠡ᠃ ᠪᠠᠶᠠᠷ ᠤᠨ ᠦᠭᠡᠨ ᠳᠤ᠂ ᠡᠯ᠎ᠡ ᠤᠯᠠᠨ | ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠦᠷᠭᠦᠯᠵᠢᠯᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠲᠤᠰ | ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠷᠢᠯᠴᠠᠵᠤ ᠪᠠᠶᠢᠭ᠎ᠠ ᠤᠯᠠᠨ ᠲᠦᠮᠡᠨ ᠢᠶᠠᠨ ᠳᠠᠭᠠᠭᠤᠯᠤᠨ ᠨᠡᠩ | ᠢᠲᠡᠭᠡᠯ ᠲᠡᠭᠦᠯᠳᠡᠷ᠂ ᠨᠡᠩ ᠳᠠᠶᠢᠴᠢᠨ ᠵᠣᠷᠢᠭ ᠪᠠᠳᠠᠷᠠᠩᠭᠤᠢ ᠪᠠᠷ ᠨᠠᠮ ᠢᠶᠠᠨ ᠨᠢᠭᠲᠠ ᠲᠠᠭᠠᠵᠤ ᠤᠯᠤᠰ ᠢᠶᠠᠨ | ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠷᠠᠭᠤᠯ ᠳᠠᠷᠳᠠᠩ ᠵᠠᠮ ᠢᠶᠠᠷ ᠵᠠᠮᠨᠠᠵᠤ᠂ | ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨ ᠤ ᠪᠦᠯᠭᠦᠮ ᠤᠨ ᠠᠵᠢᠯ ᠤᠨ ᠰᠢᠨ᠎ᠡ ᠬᠠᠭᠤᠳᠠᠰᠤ ᠶᠢ ᠬᠠᠮᠲᠤ ᠪᠠᠷ | ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠲᠡᠷᠢᠭᠦᠯᠡᠭᠴᠢ ᠵᠠᠩ ᠬᠠᠢ ᠳ᠋ᠢ ᠳᠤᠮᠳᠠᠳᠤ ᠤᠯᠤᠰ ᠤᠨ | ᠵᠡᠮᠳᠡᠭᠴᠦᠳ ᠤᠨ ᠬᠤᠯᠪᠤᠭ᠎ᠠ ᠶᠢᠨ ᠳᠣᠯᠣᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠭᠦᠮ ᠢ ᠲᠥᠯᠥᠭᠡᠯᠡᠨ ᠶᠡᠭᠡ | ᠬᠤᠷᠠᠯ ᠳᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢᠨ ᠵᠢᠯᠣᠭᠤᠳᠤᠯᠭ᠎ᠠ ᠳᠣᠣᠷ᠎ᠠ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ | ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠡᠰᠡᠭ ᠭᠡᠰᠢᠭᠦᠨ᠂ ᠲᠥᠪ ᠤᠨ ᠱᠦᠵᠢ | ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳ ᠤᠨ | ᠪᠦᠯᠭᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠪᠣᠯᠣᠨ ᠪᠡᠭᠡᠵᠢᠩ ᠬᠤᠲᠠ ᠶᠢᠨ ᠬᠠᠷᠢᠭᠤᠴᠠᠯᠭᠠᠲᠠᠨ ᠨᠥᠬᠦᠳ | ᠂ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠪᠣᠯᠣᠨ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠶᠢᠨ ᠬᠠᠷᠢᠭᠤᠴᠠᠯᠭᠠᠲᠠᠨ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠷ ᠡᠭᠢᠯᠡᠯᠲᠡ ᠶᠢᠨ | ᠬᠤᠷᠠᠯ ᠳᠤ ᠣᠷᠣᠯᠴᠠᠵᠠᠢ᠃ | |