ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ2023 ᠤᠨ ᠤ ᠨᠠᠮᠤᠷ ᠤᠨ ᠤᠯᠠᠷᠢᠯ ᠤᠨ ᠮᠤᠷᠢᠨ ᠤ ᠤᠷᠤᠯᠳᠤᠭᠠᠨ ᠵᠢᠴᠢ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ᠂ ᠦᠥᠰᠢᠨ ᠬᠤᠰᠢᠭᠤᠨ ᠤ ︽ᠮᠤᠩᠭᠤᠯ ᠮᠤᠷᠢᠨ ᠤ ᠤᠷᠤᠯᠳᠤᠭᠠᠨ ᠤ ᠬᠤᠯᠪᠤᠭ᠎ᠠ ᠶᠢᠨ ᠠᠵᠢᠯᠯᠠᠭ᠎ᠠ ᠠᠮᠵᠢᠯᠳᠠ ᠲᠦᠭᠦᠷᠡᠩ ᠶᠠᠪᠤᠭᠳᠠᠯ᠎ᠠ
ᠨᠡᠶᠢᠲᠡᠯᠡᠭᠰᠡᠨ ᠴᠠᠭ᠄
2023/9/20
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠥᠪᠥᠷ ᠮᠣᠩᠭᠤᠯ ᠤᠨ ᠲᠠᠷᠢᠶᠠᠯᠠᠩ ᠰᠣᠶᠣᠯ ᠵᠢᠭᠤᠯᠴᠢᠯᠠᠯ ᠤᠨ ᠨᠡᠭᠡᠭᠡᠨ ᠬᠦᠭᠵᠢᠬᠦᠯᠦᠯᠳᠡ ᠪᠦᠲᠦᠭᠡᠨ ᠪᠠᠶᠢᠭᠤᠯᠤᠯᠳᠠ ᠶᠢᠨ ᠬᠢᠵᠠᠭᠠᠷᠲᠤ ᠺᠣᠮᠫᠠᠨᠢ ᠠᠴᠠ ᠳᠠᠭᠠᠭᠠᠴᠢᠯᠠᠨ ᠡᠷᠭᠢᠯᠡᠭᠰᠡᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2023 ᠣᠨ ᠤ ᠨᠠᠮᠤᠷ ᠤᠨ ᠤᠯᠠᠷᠢᠯ ᠤᠨ ᠮᠣᠷᠢᠨ ᠤ ᠤᠷᠤᠯᠳᠤᠭᠠᠨ ᠵᠢᠴᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ · ᠦᠦᠰᠢᠨ ᠬᠤᠰᠢᠭᠤᠨ ᠤ ︽ᠮᠣᠩᠭᠤᠯ ᠮᠣᠷᠢᠨ ᠤ ᠤᠷᠤᠯᠳᠤᠭᠠᠨ ᠤ ᠬᠤᠯᠪᠣᠭ᠎ᠠ︾ ᠶᠢᠨ ᠠᠵᠢᠯᠯᠠᠭ᠎ᠠ 9 ᠳ᠋ᠦ᠋ᠭᠡᠷ ᠰᠠᠷ᠎ᠠ ᠶᠢᠨ 18 ᠤ ᠡᠳᠦᠷ ᠂ ᠪᠠᠲᠤᠬᠠᠭᠠᠯᠭ᠎ᠠ ᠪᠠᠯᠭᠠᠰᠤᠨ ᠤ ᠨᠠᠭᠠᠳᠤᠮ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠡᠬᠢᠯᠡᠨ ᠶᠠᠪᠤᠬᠳᠠᠬᠰᠠᠨ ᠪᠠᠶᠢᠨ᠎ᠠ᠃      ᠠᠬᠤᠢ ᠲᠠᠯᠠᠪᠠᠢ ᠳᠤ᠂ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ︽ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠲᠠᠳ᠋ ᠲᠠᠷᠤᠭ᠎ᠠ ᠶᠢᠨ ᠨᠢᠭᠡᠴᠡ ᠶᠢᠨ ᠭᠡᠰᠢᠭᠦᠨ︾ ᠤ ᠫᠠᠶᠢᠰᠠ ᠣᠯᠭᠤᠵᠤ᠂ ᠪᠠᠰᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ᠂ ᠦᠦᠰᠢᠨ ᠬᠤᠰᠢᠭᠤᠨ ᠤ ︽ᠮᠣᠩᠭᠤᠯ ᠮᠤᠷᠢᠨ ᠤ ᠤᠷᠤᠯᠳᠤᠭᠠᠨ ᠤ ᠬᠤᠯᠪᠣᠭ᠎ᠠ︾ ᠶᠢᠨ ᠪᠤᠷᠤ ᠲᠦᠯᠦᠪ ᠤᠨ ᠵᠥᠪᠯᠡᠯᠴᠡᠭᠡᠷ ᠲᠤ ᠭᠠᠷ ᠤᠨ ᠦᠰᠦᠭ ᠵᠢᠷᠤᠬᠤ ᠶᠣᠰᠣᠯᠠᠯ ᠶᠠᠪᠤᠬᠳᠠᠭᠤᠯᠪᠠ᠃      ᠲᠤᠰ ᠤᠳᠠᠭᠠᠨ ᠤ ᠠᠵᠢᠯᠯᠠᠭ᠎ᠠ ᠨᠢ 400 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ᠂ 1600 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ᠂ 4800 ᠮᠧᠲᠷ ᠤᠨ ᠵᠢᠷᠤᠭ᠎ᠠ ᠮᠤᠷᠢᠨ ᠤ ᠤᠷᠤᠯᠳᠤᠭᠠᠨ᠂ ᠴᠤᠬᠤᠷ ᠮᠤᠷᠢᠨ ᠤ ᠤᠷᠤᠯᠳᠤᠭᠠᠨ ᠵᠡᠷᠭᠡ ᠤᠯᠠᠨ ᠲᠦᠷᠦᠯ ᠤᠨ ᠤᠷᠤᠯᠳᠤᠭᠠᠨ ᠢ ᠡᠷᠬᠢᠯᠡᠨ ᠶᠠᠪᠤᠬᠳᠠᠭᠤᠯᠤᠬᠰᠠᠨ ᠤ ᠬᠠᠮᠳᠤ ᠮᠣᠷᠢᠨ ᠮᠡᠷᠭᠡᠵᠢᠯ ᠤᠨ ᠲᠣᠭᠯᠠᠯᠲᠠ᠂ ᠮᠣᠷᠢᠨ ᠬᠤᠭᠤᠷ ᠤᠨ ᠨᠠᠶᠢᠷᠠᠯ ᠬᠥᠭᠵᠢᠮ ᠵᠡᠷᠭᠡ ᠥᠪᠡᠷᠮᠢᠴᠡ ᠣᠨᠴᠠᠯᠢᠭ ᠲᠠᠢ ᠲᠤᠬᠯᠠᠯᠳᠠ ᠭᠠᠷᠭᠠᠵᠤ᠂ ᠬᠦᠬᠡᠨᠠᠭᠤᠷ ᠮᠤᠵᠢ᠂ ᠰᠢᠯᠢ ᠶᠢᠨ ᠭᠤᠤᠯ ᠠᠶᠢᠮᠠᠭ᠂ ᠤᠷᠳᠤᠰ ᠬᠤᠲᠠ᠂ ᠪᠠᠶᠠᠨᠨᠠᠭᠤᠷ ᠬᠤᠳᠠ ᠵᠡᠷᠭᠡ ᠬᠤᠲᠠ ᠤᠷᠤᠨ ᠠᠴᠠ ᠤᠯᠠᠨ ᠰᠠᠶᠢᠬᠠᠨ ᠮᠤᠷᠢᠳ ᠴᠤᠬᠯᠠᠷᠠᠵᠤ᠂ ᠤᠷᠤᠯᠳᠤᠭᠠᠨ ᠨᠢᠵᠢᠭᠡᠷ ᠰᠠᠶᠢᠬᠠᠨ ᠶᠠᠪᠤᠬᠳᠠᠨ 19 ᠤ ᠡᠳᠦᠷ ᠦᠨᠳᠦᠷᠯᠡᠵᠡᠢ᠃ ᠡᠨᠡᠬᠦ ᠠᠵᠢᠯᠯᠠᠭ᠎ᠠ ᠨᠢ ᠪᠤᠭᠤᠲᠤ ᠬᠤᠲᠠ  ᠶᠢᠨ       ᠳᠤᠮᠳᠠᠳᠤ ᠤᠯᠤᠰ ᠤᠨ ᠠᠳᠤᠭᠤᠨ ᠤ ᠬᠤᠲᠠ ᠶᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠠᠳᠤᠭᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠲᠠᠯ᠎ᠠ ᠪᠠᠷ ᠬᠤᠪᠢ ᠨᠡᠮᠡᠷᠢ ᠦᠵᠡᠭᠦᠯᠦᠭᠰᠡᠨ ᠤᠳᠬ᠎ᠠ ᠠᠭᠤᠯᠭ᠎ᠠ ᠲᠠᠢ ᠠᠵᠢᠯᠯᠠᠭ᠎ᠠ ᠪᠤᠯᠤᠬᠰᠠᠨ ᠪᠠᠶᠢᠨ᠎ᠠ᠃ 
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号