ᠪᠥᠬᠦ ᠬᠤᠰᠢᠭᠤᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠴᠡᠪᠡᠷᠯᠡᠨ ᠠᠷᠢᠯᠭᠠᠭᠰᠠᠨ ᠦᠷ᠎ᠡ ᠳ᠋ᠦᠩ ᠤᠨ ᠲᠤᠬᠠᠶ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠠᠯᠪᠠᠨ ᠵᠠᠷ
ᠨᠡᠶᠢᠲᠡᠯᠡᠭᠰᠡᠨ ᠴᠠᠭ᠄
2023/9/25
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠳᠡᠩᠰᠡᠯᠡᠵᠦ ᠬᠢᠨᠠᠯᠲᠠ ᠲᠠᠯᠪᠢᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 191 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ᠤᠨ 191 ᠳ᠋ᠦ᠋ᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠥᠯᠥᠪᠯᠡᠭᠡ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠪᠠ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠵᠠᠰᠠᠭ ᠵᠠᠬᠢᠷᠭᠠᠨ ᠤ ᠰᠢᠢᠳᠬᠡᠯ᠂ ᠦᠨᠳᠦᠰᠦᠲᠡᠨ ᠤ ᠠᠵᠢᠯ᠂ ᠨᠤᠲᠤᠭ ᠪᠡᠯᠴᠢᠭᠡᠷ ᠤᠨ ᠣᠶᠢᠲᠤ ᠭᠠᠵᠠᠷ᠂ ᠲᠤᠭ᠎ᠠ ᠪᠦᠷᠢᠳᠬᠡᠯ ᠵᠡᠷᠭᠡ ᠲᠤᠰᠬᠠᠶ ᠴᠡᠭᠴᠡᠯᠡᠬᠦ ᠠᠵᠢᠯ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ 2021 ᠣᠨ ᠤ ᠪᠥᠬᠦ ᠲᠠᠯ᠎ᠠ ᠪᠠᠷ ᠢᠯᠭᠠᠷᠠᠭᠤᠯᠤᠭᠰᠠᠨ ᠤ ᠳᠠᠷᠠᠭ᠎ᠠ ᠦᠷᠭᠦᠯᠵᠢᠯᠡᠨ ᠬᠦᠴᠦᠨ ᠲᠠᠢ ᠭᠠᠷᠴᠠᠭ ᠪᠠ ᠵᠠᠰᠠᠪᠤᠷᠢ ᠣᠷᠣᠭᠤᠯᠤᠭᠰᠠᠨ ᠤ ᠳᠠᠷᠠᠭ᠎ᠠ ᠳᠠᠬᠢᠵᠤ ᠭᠠᠷᠴᠠᠭᠯᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠵᠢᠴᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2022 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠲᠣᠭᠲᠠᠭᠠᠵᠤ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠥᠪᠯᠡᠷᠡᠭᠦᠯᠦᠨ ᠡᠮᠬᠢᠯᠡᠬᠦ ᠪᠠ ᠢᠯᠭᠠᠷᠠᠭᠤᠯᠵᠤ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠡᠯ᠎ᠡ ᠬᠠᠷᠢᠭᠤᠴᠠᠯᠭᠠᠲᠤ ᠨᠢᠭᠡᠴᠡ ᠶᠢᠨ ᠢᠯᠭᠠᠷᠠᠭᠤᠯᠬᠤ ᠰᠠᠨᠠᠭᠤᠯᠭ᠎ᠠ ᠪᠠᠨ ᠮᠡᠳᠡᠭᠦᠯᠦᠨ ᠬᠦᠷᠭᠡᠭᠰᠡᠨ ᠰᠠᠭᠤᠷᠢᠨ ᠳᠡᠭᠡᠷ᠎ᠡ᠂ ᠬᠢᠨᠠᠨ ᠪᠠᠶᠢᠴᠠᠭᠠᠵᠤ ᠬᠤᠷᠢᠶᠠᠩᠭᠤᠶᠢᠯᠠᠵᠤ᠂ ᠡᠳᠦᠭᠡ ᠬᠢᠨᠠᠨ ᠪᠠᠶᠢᠴᠠᠭᠠᠵᠤ ᠬᠤᠷᠢᠶᠠᠩᠭᠤᠶᠢᠯᠠᠭᠰᠠᠨ ᠦᠷ᠎ᠡ ᠳ᠋ᠦᠩ ᠢᠶᠠᠨ ᠢᠯᠡ ᠪᠠᠷ ᠰᠠᠨᠠᠯ ᠬᠤᠷᠢᠶᠠᠪᠠ᠃ ᠬᠡᠷᠪᠡ ᠰᠠᠨᠠᠯ ᠰᠠᠨᠠᠭᠤᠯᠭ᠎ᠠ ᠲᠠᠢ ᠪᠣᠯ 2023 ᠣᠨ ᠤ 10 ᠰᠠᠷ᠎ᠠ ᠶᠢᠨ 16 ᠤ ᠡᠳᠦᠷ ᠠᠴᠠ ᠡᠮᠦᠨ᠎ᠡ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠶᠣᠰᠣᠭᠠᠷ ᠵᠠᠰᠠᠭ ᠶᠠᠪᠤᠭᠤᠯᠬᠤ ᠢᠮᠧᠯ ᠢ ᠬᠠᠷᠢᠭᠤ ᠲᠤᠰᠬᠠᠨ᠎ᠠ᠃      ᠳᠠᠭᠠᠯᠳᠤᠭᠤᠯᠤᠯ᠄ 1᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠷᠭᠦᠯᠵᠢᠯᠡᠨ ᠬᠦᠴᠦᠨ ᠪᠥᠬᠦᠶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ      2᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ᠢ ᠬᠦᠴᠦᠨ ᠥᠬᠡᠶ ᠪᠣᠯᠭᠠᠬᠤ ᠪᠠᠷ ᠪᠠᠶᠢᠨ᠎ᠠ      3᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠬᠦᠴᠦᠨ ᠦᠭᠡᠶ ᠪᠣᠯᠤᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ      ᠬᠠᠷᠢᠯᠴᠠᠬᠤ ᠬᠥᠮᠦᠨ᠄ ᠲᠡᠷᠭᠡᠯ  ᠰᠠᠴᠣᠷᠠ ᠂ ᠬᠠᠷᠢᠯᠴᠠᠬᠤ ᠤᠲᠠᠰᠤ᠄ 0472 - 8422148      ᠢᠮᠧᠯ᠄ dmsyfxz@163.com
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号