︽ᠠᠶᠢᠪᠠᠭ᠎ᠠ ᠶᠢᠨ ᠤᠶᠠᠩᠭ᠎ᠠ︾ ᠰᠢᠵᠢᠷ ᠨᠠᠮᠤᠷ ᠤᠨ ᠰᠢᠯᠦᠭ ᠤᠨ ᠨᠠᠶᠢᠷ ᠠᠮᠵᠢᠯᠳᠠ ᠲᠠᠢ ᠶᠠᠪᠤᠭᠳᠠᠯ᠎ᠠ
ᠨᠡᠶᠢᠲᠡᠯᠡᠭᠰᠡᠨ ᠴᠠᠭ᠄
2023/9/26
      ᠪᠤᠭᠤᠲᠤ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠣᠯᠣᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠲᠠᠭᠠᠭᠠᠴᠢᠯᠠᠨ ᠡᠷᠬᠢᠯᠡᠭᠰᠡᠨ ᠪᠤᠭᠤᠲᠤ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠷᠪᠠᠨ ᠵᠢᠷᠭᠤᠳᠤᠭᠠᠷ ᠬᠤᠭᠤᠴᠠᠭᠠᠨ ᠤ ︽ᠠᠶᠢᠪᠠᠭ᠎ᠠ ᠶᠢᠨ ᠤᠶᠠᠩᠭ᠎ᠠ︾ ᠰᠢᠵᠢᠷ ᠨᠠᠮᠤᠷ ᠤᠨ ᠰᠢᠯᠦᠭ ᠤᠨ ᠨᠠᠶᠢᠷ ᠪᠤᠭᠤᠳᠤ ᠬᠤᠳᠠ ᠶᠢᠨ ᠲᠦᠴᠢᠳᠦᠭᠡᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠶᠢᠨ 24  ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠲᠣᠭᠯᠠᠯᠲᠠ ᠶᠢᠨ ᠲᠢᠩᠬᠢᠮ ᠳᠤ ᠶᠠᠪᠤᠭᠳᠠᠪᠠ᠃
微信图片_20230926091603.jpg
      ᠲᠤᠰ ᠤᠳᠠᠭᠠᠨ ᠤ ᠰᠢᠯᠤᠭ᠌ ᠤᠨ ᠨᠠᠶᠢᠷ ᠨᠢ 8 ᠰᠠᠷ᠎ᠡ ᠶᠢᠨ 16 ᠤ ᠡᠳᠤᠷ ᠠᠴᠠ ᠡᠬᠢᠯᠡᠨ ᠪᠦᠳᠤᠭᠡᠯ ᠡᠯᠰᠡᠵᠤ ᠂ ᠪᠦᠬᠦ ᠤᠷᠤᠨ ᠤ ᠬᠡᠪᠴᠢᠶᠡᠨ ᠠᠴᠠ ᠳᠠᠯᠠᠭᠠᠳ ᠪᠦᠳᠤᠭᠡᠯ ᠴᠤᠭᠯᠠᠭᠤᠯᠵᠤ᠂ ᠠᠩᠬᠠᠨ ᠤ ᠰᠢᠭᠰᠢᠯᠳᠡ ᠪᠠ ᠬᠤᠶᠠᠳᠤᠭᠠᠷ ᠰᠢᠭᠰᠢᠯᠳᠡ ᠪᠠᠷ ᠲᠠᠮᠵᠢᠨ 16 ᠪᠦᠳᠤᠭᠡᠯ ᠢ ᠰᠢᠢᠳᠪᠤᠷᠢᠳᠤ ᠤᠷᠤᠯᠳᠤᠭᠠᠨ ᠳᠤ ᠡᠯᠰᠡᠨ 9 ᠰᠠᠷ᠎ᠠ ᠶᠢᠨ 24 ᠤ ᠡᠳᠦᠷ ᠰᠢᠢᠳᠪᠦᠷᠢᠳᠦ ᠤᠷᠤᠯᠳᠤᠭᠠᠨ ᠢ ᠡᠷᠬᠢᠯᠡᠨ ᠶᠠᠪᠤᠬᠳᠠᠭᠤᠯᠵᠤ᠂ ᠰᠢᠢᠳᠪᠦᠷᠢᠳᠦ ᠤᠷᠤᠯᠳᠤᠭᠠᠨ ᠳᠤ ᠤᠷᠤᠯᠴᠠᠬᠰᠠᠨ16 ᠢᠷᠠᠭᠤ ᠨᠠᠶᠢᠷᠠᠬᠴᠢᠳ ᠲᠠᠶᠢᠰᠠᠨ ᠳᠤ ᠪᠦᠳᠦᠭᠡᠯ ᠢᠶᠠᠨ ᠤᠶᠠᠩᠭᠠᠯᠠᠬᠰᠠᠨ ᠤ ᠳ᠋ᠦᠩ ᠳᠤ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠵᠠᠯᠠᠭᠤ ᠢᠷᠠᠭᠤ ᠨᠠᠶᠢᠷᠠᠭᠴᠢ ᠤᠶᠠᠩᠭ᠎ᠠ ︽ᠰᠡᠬᠦᠳᠡᠷ ᠲᠠᠯ᠎ᠠ︾ ᠬᠡᠬᠦ ᠪᠦᠳᠦᠭᠡᠯ ᠢᠶᠠᠷ ᠢᠶᠠᠨ ᠮᠠᠩᠯᠠᠶᠢᠯᠠᠵᠤ᠂ ᠠᠯᠠᠱᠠ ᠵᠡᠬᠦᠨ ᠬᠤᠰᠢᠭᠤᠨ ᠤ ᠢᠷᠠᠭᠤ ᠨᠠᠶᠢᠷᠠᠬᠴᠢ ᠠᠯᠳᠠᠨᠪᠠᠶᠠᠷ ︽ᠠᠮᠠᠷᠠᠭ ᠮᠠᠨᠠᠨ︾ ᠭᠡᠬᠦ ᠪᠦᠲᠦᠭᠡᠯ ᠢᠶᠠᠷ᠂ ᠤᠯᠠᠭᠠᠨᠬᠠᠳᠠ ᠬᠤᠳᠠ ᠶᠢᠨ ᠤᠩᠨᠢᠭᠤᠳ ᠬᠤᠰᠢᠭᠤᠨ ᠤ ᠮᠦᠩᠭᠡᠪᠡᠶᠠᠷ ︽ᠨᠠᠢᠮᠠᠳᠤᠭᠠᠷ ᠰᠠᠷ᠎ᠠ︾ ᠬᠡᠬᠦ ᠪᠦᠳᠦᠭᠡᠯ ᠢᠶᠠᠷ ᠢᠶᠠᠨ ᠲᠡᠳ᠋ᠯᠡᠵᠤ᠂ ᠠᠯᠠᠱᠠ ᠵᠡᠬᠦᠨ ᠬᠤᠰᠢᠭᠤᠨ ᠤ ᠨᠠᠶᠠᠨᠳᠠᠢ᠂ ᠬᠦᠪᠡᠭᠡᠳᠦ ᠰᠢᠷ᠎ᠠ ᠬᠤᠰᠢᠭᠤᠨ ᠤ ᠲ᠊ ᠰᠠᠴᠠᠨᠬᠤᠸᠠᠷ᠂ ᠵᠢᠷᠢᠮ ᠠᠶᠢᠮᠠᠭ ᠤᠨ ᠵ᠊ ᠬᠠᠶᠢᠷ᠎ᠠ ᠲᠤᠰ ᠲᠤᠰ ᠭᠤᠷᠪᠠ ᠳᠤ ᠲᠤᠳᠤᠷᠠᠵᠤ᠂ ᠪ ᠦᠯᠵᠡᠶᠢᠮᠦ᠋ᠷᠡᠨ᠂ ᠨᠠ᠊ ᠵᠠᠶᠠᠭᠠᠳᠤ᠂ ᠪᠤᠶᠠᠨᠳᠤ ᠵᠡᠷᠭᠡ 10 ᠰᠤᠳᠤᠨ ᠨᠠᠶᠢᠷᠠᠭᠴᠢᠳ ᠰᠢᠯᠢᠳᠡᠭ ᠲᠡᠰ ᠲᠤ ᠲᠤᠳᠤᠷᠠᠬᠰᠠᠨ ᠪᠠᠶᠢᠨ᠎ᠠ᠃       ᠦᠳᠡ ᠶᠢᠨ ᠬᠤᠶᠢᠨ᠎ᠠ ᠨᠢ ᠰᠢᠯᠦᠭ ᠤᠨ ᠨᠠᠶᠢᠷ ᠨᠢ ᠰᠢᠯᠦᠭ ᠤᠷᠠᠨ ᠪᠦᠳᠦᠭᠡᠯ ᠤᠨ ᠲᠤᠭᠤᠷᠢᠨ ᠳᠤ ᠰᠤᠳᠣᠯᠤᠨ ᠶᠠᠷᠢᠯᠴᠠᠬᠤ ᠬᠤᠷᠠᠯ ᠬᠤᠷᠠᠯᠳᠤᠵᠤ᠂ ᠬᠢᠨᠠᠭᠴᠢᠳ ᠠᠴᠠ ᠢᠷᠠᠭᠤ ᠨᠠᠶᠢᠷᠠᠬᠴᠢᠳ ᠲᠤ ᠤᠷᠤᠯᠳᠤᠭᠠᠨ ᠤ ᠲᠤᠬᠠᠢ ᠰᠠᠨᠠᠯ ᠵᠦᠪᠯᠡᠯᠭᠡ ᠲᠡᠪᠰᠢᠬᠦᠯᠦᠨ ᠬᠠᠮᠲᠤᠪᠡᠷ ᠲᠤᠰ ᠤᠳᠠᠭᠠᠨ ᠤ ᠰᠢᠵᠢᠷ ᠨᠠᠮᠤᠷ ᠤᠨ ᠰᠢᠯᠦᠭ ᠤᠨ ᠨᠠᠶᠢᠷ ᠤᠨ ᠲᠤᠬᠠᠢ ᠬᠠᠯᠠᠭᠤᠨ ᠶᠠᠷᠢᠯᠴᠠᠭ᠎ᠠ ᠦᠷᠨᠢᠭᠦᠯᠪᠡ᠃
微信图片_20230926091603_2.jpg
      ᠪᠤᠭᠤᠳᠤ ᠬᠤᠳᠠ ᠶᠢᠨ ︽ᠠᠶᠢᠪᠠᠭ᠎ᠠ ᠶᠢᠨ ᠤᠶᠠᠩᠭ᠎ᠠ︾ ᠰᠢᠵᠢᠷ ᠨᠠᠮᠤᠷ ᠤᠨ ᠢᠷᠠᠭᠤ ᠨᠠᠶᠢᠷᠠᠭ ᠤᠨ ᠨᠠᠭᠠᠳᠤᠮ  ᠨᠢ 2008 ᠤᠨ ᠳᠤ ᠡᠬᠢᠯᠡᠨ ᠶᠠᠪᠤᠬᠳᠠᠬᠰᠠᠨ ᠠᠴᠠ ᠪᠠᠨ ᠨᠠᠭᠠᠰᠢ ᠠᠯᠭᠠᠰᠠᠯ ᠦᠬᠡᠢ ᠶᠠᠪᠤᠬᠳᠠᠵᠤ᠂ ᠤᠳᠤ ᠠᠷᠪᠠᠨ ᠵᠢᠷᠭᠤᠭᠠᠳᠡᠬᠢ ᠤᠳᠠᠭ᠎ᠠ ᠪᠠᠨ ᠠᠮᠵᠢᠯᠳᠠ ᠲᠠᠢ ᠡᠷᠬᠢᠯᠡᠨ ᠶᠠᠪᠤᠬᠳᠠᠭᠤᠯᠤᠬᠰᠠᠨ ᠨᠢ ᠡᠨᠡ ᠪᠢᠯᠡ᠃ ᠡᠨᠡᠬᠦ ᠰᠢᠯᠦᠭ ᠤᠨ ᠨᠠᠭᠠᠳᠤᠮ ᠨᠢ ᠵᠢᠯ ᠪᠤᠯᠭᠠᠨ ᠤ ᠠᠯᠳᠠᠨ ᠨᠠᠮᠤᠷ ᠤᠨ ᠰᠠᠶᠢᠬᠠᠨ ᠴᠠᠭ ᠲᠤ ᠠᠶᠢᠪᠠᠭ᠎ᠠ ᠶᠢᠨ ᠬᠦᠪᠡᠭᠡᠨ ᠠᠴᠠ ᠪᠤᠯᠵᠤᠭ᠎ᠠ ᠶᠤᠰᠤ ᠪᠠᠷ ᠤᠶᠠᠩᠭᠠᠷᠠᠨ ᠡᠭᠡᠰᠢᠭᠯᠡᠭᠳᠡᠳᠡᠭ ᠢᠶᠠᠷ ᠢᠶᠠᠨ ᠪᠦᠬᠦ ᠤᠷᠤᠨ ᠤ ᠤᠯᠠᠨ ᠰᠠᠶᠢᠬᠠᠨ ᠰᠢᠯᠢᠳᠡᠭ ᠨᠠᠶᠢᠷᠠᠬᠴᠢᠳ ᠤᠨ ᠢᠳᠡᠪᠬᠢᠯᠡᠨ ᠤᠷᠤᠯᠴᠠᠳᠠᠭ ᠤᠷᠤᠯᠳᠤᠭᠠᠨ ᠪᠤᠯᠵᠤ᠂ ᠨᠤᠳᠤᠭ ᠤᠰᠤᠨ ᠤ ᠪᠠᠨ ᠰᠤᠶᠤᠯ ᠤᠨ ᠨᠡᠷᠡᠳᠦ ᠲᠡᠮᠳᠡᠭᠳᠦ ᠪᠤᠯᠵᠤ᠂ ᠤᠯᠠᠨ ᠤ ᠠᠩᠬᠠᠷᠤᠯ ᠳᠤ ᠬᠦᠷᠦᠭᠰᠡᠭᠡᠷ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号