ᠪᠤᠭᠤᠳᠦ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠪᠠᠳᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠠᠩᠬᠠᠳᠤᠭᠠᠷ ᠬᠤᠭᠤᠴᠠᠭᠠᠨ ᠤ ᠬᠦᠨᠳᠦ ᠬᠦᠩᠭᠡᠨ ᠪᠡᠶ᠎ᠡ ᠲᠠᠮᠢᠷ  ᠤᠨ ᠤᠷᠤᠯᠳᠤᠭᠠᠨ ᠵᠢᠴᠢ ᠤᠯᠠᠮᠵᠢᠯᠯᠠᠳᠦ ᠪᠡᠶ᠎ᠡ ᠲᠠᠮᠢᠷ ᠤᠨ ᠤᠷᠤᠯᠳᠤᠭᠠᠨ ᠨᠢᠵᠢᠭᠢᠷ ᠰᠠᠶᠢᠬᠠᠨ ᠡᠬᠢᠯᠡᠯ᠎ᠡ
ᠨᠡᠶᠢᠲᠡᠯᠡᠭᠰᠡᠨ ᠴᠠᠭ᠄
2023/9/27
      ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠤᠯᠭᠠᠨ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠰᠤᠷᠤᠭᠴᠢᠳ ᠤᠨ ︽ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠬᠥᠳᠡᠯᠮᠦᠷᠢ︾ ᠶᠢᠨ ᠪᠥᠬᠦ ᠲᠠᠯ᠎ᠠ ᠶᠢᠨ ᠬᠥᠭᠵᠢᠯᠲᠡ ᠶᠢ ᠬᠦᠮᠦᠵᠢᠬᠦᠯᠬᠦ ᠶᠢᠨ ᠲᠦᠯᠦᠭᠡ 9 ᠰᠠᠷ᠎ᠡ ᠶᠢᠨ 26 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠨᠢ ᠠᠩᠬᠠᠳᠤᠭᠠᠷ ᠬᠤᠭᠤᠴᠠᠭᠠᠨ ᠤ ᠬᠦᠨᠳᠦ ᠬᠥᠩᠭᠡᠨ ᠪᠡᠶ᠎ᠡ ᠲᠠᠮᠢᠷ ᠤᠨ ᠤᠷᠤᠯᠳᠤᠭᠠᠨ ᠵᠢᠴᠢ ᠤᠯᠠᠮᠵᠢᠯᠠᠯᠲᠤ ᠪᠡᠶ᠎ᠡ ᠲᠠᠮᠢᠷ ᠤᠨ ᠤᠷᠤᠯᠳᠤᠭᠠᠨ ᠢᠶᠠᠨ ᠡᠷᠬᠢᠯᠡᠨ ᠶᠠᠪᠤᠭᠳᠠᠭᠤᠯᠤᠭᠰᠠᠨ ᠪᠠᠶᠢᠨ᠎ᠠ᠃
微信图片_20230927152354_1.png
      ᠨᠤᠮ ᠤᠨ ᠲᠠᠭᠤ ᠲᠠᠢ ᠰᠤᠷᠭᠠᠭᠤᠯᠢ ᠶᠢᠨ ᠬᠦᠷᠢᠶ᠎ᠠ ᠦᠨᠤᠳᠤᠷ ᠪᠠᠶᠠᠷ ᠴᠤᠭᠯᠠᠭᠠᠨ ᠤ ᠦᠡᠭᠭᠡ ᠪᠠᠷ ᠪᠢᠯᠬᠠᠵᠤ᠂ ᠠᠯᠲᠠᠨ ᠨᠠᠮᠤᠷ ᠤᠨ ᠰᠢᠵᠢᠷ ᠲᠤᠶᠠᠭ᠎ᠠ ᠪᠠᠶᠠᠰᠬᠤᠯᠠᠩᠳᠤ ᠭᠡᠤᠭᠡᠳ ᠤᠨ ᠴᠢᠷᠠᠢ ᠶᠢ ᠭᠡᠶᠢᠬᠦᠯᠦᠨ᠂ ᠰᠦᠷ ᠵᠢᠪᠬᠤᠯᠠᠭᠲᠤ ᠤᠯᠤᠰ ᠤᠨ ᠲᠤᠭ ᠤᠨ ᠵᠢᠬᠰᠠᠭᠠᠯ ᠤᠨ ᠡᠩᠨᠡᠬᠡᠨ ᠤ ᠲᠠᠯᠠᠪᠠᠢ ᠳᠤ ᠤᠷᠤᠵᠤ ᠢᠷᠡᠬᠦ ᠶᠢ ᠳᠠᠭᠠᠯᠳᠤᠨ ᠲᠤᠰ ᠤᠳᠠᠭᠠᠨ  ᠤ ᠪᠡᠶ᠎ᠡ ᠲᠡᠮᠢᠷ ᠤᠨ ᠤᠷᠤᠯᠳᠤᠭᠠᠨ ᠦᠪᠡᠳᠡᠭᠰᠢ ᠶᠡᠭᠡ ᠪᠠᠷ ᠡᠬᠢᠯᠡᠵᠦ᠂ ᠶᠤᠰᠤᠯᠠᠯ ᠤᠨ ᠠᠩᠬᠢ ᠶᠢᠨ ᠡᠩᠨᠡᠭᠡ᠂ ᠬᠢᠨᠠᠬᠴᠢ ᠶᠢᠨ ᠲᠤᠭᠤᠶᠢᠯᠠᠩ ᠤᠨ ᠡᠩᠨᠡᠭᠡ᠂ ᠦᠨᠳᠤᠰᠤᠲᠡᠨ ᠤ ᠦᠪ ᠰᠤᠶᠤᠯ ᠢᠶᠠᠨ ᠬᠠᠷᠠᠭᠤᠯᠤᠭᠰᠠᠨ ᠵᠢᠭᠰᠠᠭᠠᠯ ᠤᠨ ᠡᠩᠨᠡᠭᠡ ᠠᠷᠤ ᠠᠷᠤ ᠠᠴᠠ ᠪᠠᠨ ᠲᠠᠯᠠᠪᠠᠢ ᠳᠤ ᠤᠷᠤᠨ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠪᠠᠭᠰᠢ ᠰᠤᠷᠤᠬᠴᠢᠳ ᠤᠨ ᠰᠦᠷ ᠵᠢᠪᠬᠤᠯᠠᠩ ᠢ ᠬᠦᠢᠴᠡᠳ ᠬᠠᠷᠠᠭᠤᠯᠵᠤ᠂ ᠵᠢᠬᠰᠠᠭᠠᠯ ᠤᠨ ᠲᠠᠷᠠᠭ᠎ᠠ ᠭᠤᠴᠤ ᠰᠠᠶᠢᠬᠠᠨ ᠤᠷᠠᠨ ᠰᠠᠶᠢᠬᠠᠨ ᠤ ᠲᠤᠭᠯᠠᠯᠲᠠ ᠶᠠᠪᠤᠬᠳᠠᠬᠰᠠᠨ ᠪᠠᠶᠢᠨ᠎ᠠ᠃       ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠪᠠᠳᠤᠬᠠᠭᠠᠯᠭ᠎ᠠ ᠶᠢᠨ ᠭᠤᠷᠪᠠᠳᠤᠭᠠᠷ ᠪᠠᠭ᠎ᠠ ᠰᠤᠷᠭᠠᠭᠤᠯᠢ ᠶᠢᠨ ᠲᠤᠰ ᠣᠳᠠᠭᠠᠨ ᠤ ᠠᠵᠢᠯᠯᠠᠭ᠎ᠠ ᠨᠢ 9 ᠰᠠᠷ᠎ᠠ ᠶᠢᠨ 26 ᠤ ᠡᠳᠦᠷ ᠠᠴᠠ 28 ᠤ ᠡᠳᠦᠷ ᠪᠤᠯᠳᠠᠯ᠎ᠠ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠬᠳᠠᠵᠤ᠂ ᠬᠦᠨᠲᠤ ᠬᠦᠡᠭᠬᠡᠨ ᠪᠡᠶ᠎ᠡ ᠲᠠᠮᠢᠷ ᠤᠨ ᠤᠷᠤᠯᠳᠤᠭᠠᠨ ᠵᠢᠴᠢ ᠤᠯᠠᠮᠵᠢᠯᠠᠯᠲᠤ ᠪᠡᠶ᠎ᠡ ᠲᠠᠮᠢᠷ ᠤᠨ ᠤᠷᠤᠯᠳᠤᠭᠠᠨ ᠬᠡᠭᠦ ᠬᠤᠶᠠᠷ ᠲᠦᠷᠦᠯ ᠤᠨ ᠠᠭᠤᠯᠭ᠎ᠠ ᠲᠠᠢ ᠪᠠᠶᠢᠵᠤ᠂ ᠬᠦᠨᠲᠤ ᠬᠦᠡᠭᠬᠡᠨ ᠪᠡᠶ᠎ᠡ ᠲᠠᠮᠢᠷ ᠤᠨ ᠤᠷᠤᠯᠳᠤᠭᠠᠨ ᠳᠤ ᠬᠤᠯᠠ ᠤᠶᠢᠷ᠎ᠠ ᠬᠦᠶᠤᠬᠦ᠂ ᠬᠦᠴᠤ ᠲᠠᠮᠵᠢᠭᠤᠯᠬᠤ ᠤᠷᠤᠯᠳᠤᠭᠠᠨ ᠵᠢᠴᠢ ᠬᠤᠯᠠ ᠦᠰᠤᠷᠬᠦ᠂ ᠦᠨᠳᠤᠷ ᠦᠰᠦᠷᠬᠦ ᠵᠡᠷᠭᠡ ᠠᠭᠤᠯᠭ᠎ᠠ ᠪᠠᠭᠲᠠᠵᠤ᠂ ᠤᠯᠠᠮᠵᠢᠯᠠᠯᠲᠤ ᠪᠡᠶ᠎ᠡ ᠲᠠᠮᠢᠷ ᠤᠨ ᠤᠷᠤᠯᠳᠤᠭᠠᠨ ᠨᠢ ᠨᠤᠮᠤ ᠰᠤᠮᠤ ᠬᠠᠷᠪᠤᠬᠤ᠂ ᠪᠦᠭᠡ ᠪᠠᠷᠢᠯᠳᠤᠬᠤ ᠵᠡᠷᠭᠡ ᠤᠷᠤᠯᠳᠤᠭᠠᠨ ᠤ ᠲᠦᠷᠦᠯ ᠢ ᠲᠤᠬᠢᠷᠠᠭᠤᠯᠤᠨ᠂ ᠤᠨᠴᠠᠭᠠᠶᠢᠯᠠᠨ ᠲᠤᠮᠤᠴᠣᠣᠯ ᠤᠨ ᠬᠠᠷᠪᠤᠭ᠎ᠠ ᠪᠠ ᠪᠦᠭᠡ ᠶᠢᠨ ᠪᠠᠷᠢᠯᠳᠤᠭᠠᠨ ᠨᠢ ᠦᠰᠪᠤᠷᠢ ᠪᠠᠭᠠᠴᠤᠳ ᠲᠤ ᠦᠨᠳᠤᠰᠤᠲᠡᠨ ᠤ ᠤᠯᠠᠮᠵᠢᠯᠠᠯᠲᠤ ᠨᠠᠭᠠᠲᠤᠮ ᠢᠶᠠᠨ ᠪᠠᠶᠠᠴᠢᠯᠠᠨ ᠦᠵᠡᠬᠦᠯᠵᠤ᠂ ᠰᠤᠷᠤᠯᠴᠠᠨ ᠤᠶᠢᠯᠭᠠᠬᠤ ᠳᠤ ᠲᠤᠰᠠ ᠳᠡᠮ ᠦᠵᠡᠭᠦᠯᠦᠭᠰᠡᠨ ᠤᠳᠬ᠎ᠠ ᠠᠭᠤᠯᠭ᠎ᠠ ᠲᠠᠢ ᠠᠵᠢᠯᠯᠠᠭ᠎ᠠ ᠪᠤᠯᠤᠭᠰᠠᠨ ᠪᠠᠶᠢᠨ᠎ᠠ᠃
微信图片_20230927152401.png
      ᠪᠡᠶ᠎ᠡ ᠲᠠᠮᠢᠷ ᠤᠨ ᠪᠤᠯᠪᠠᠰᠤᠷᠠᠯ ᠢ ᠴᠢᠩᠭᠠᠳᠬᠠᠬᠤ ᠨᠢ ᠤᠯᠤᠰ ᠤᠨ ᠰᠤᠷᠭᠠᠨ ᠬᠦᠮᠦᠵᠢᠯ ᠤᠨ ᠴᠢᠭᠯᠡᠯ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠤᠬᠴᠢ ᠶᠢᠨ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠬᠤ᠂ ᠰᠤᠷᠤᠬᠴᠢᠳ ᠤᠨ ᠪᠡᠶ᠎ᠡ ᠰᠡᠳᠬᠢᠴᠡ ᠶᠢᠨ ᠡᠷᠡᠭᠦᠯ ᠢᠶᠠᠷ ᠪᠤᠶᠢᠵᠢᠬᠤ ᠶᠢ ᠪᠠᠳᠤᠯᠠᠨ᠂ ᠪᠦᠯᠬᠦᠮᠳᠡᠨ ᠨᠢᠬᠳᠡᠷᠠᠵᠤ᠂ ᠬᠠᠮᠳᠤ ᠪᠠᠷ ᠲᠡᠮᠡᠴᠡᠬᠦ ᠵᠤᠷᠢᠭ ᠰᠠᠨᠠᠭ᠎ᠠ ᠶᠢ ᠪᠠᠳᠠᠷᠠᠭᠤᠯᠬᠤ ᠴᠢᠬᠤᠯᠠ ᠠᠴᠢ ᠬᠤᠯᠪᠤᠬᠳᠠᠯ ᠲᠠᠢ ᠠᠵᠢᠯᠯᠠᠭ᠎ᠠ ᠶᠤᠮ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号