ᠲᠠᠪᠦᠨ ᠭᠤᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠦᠮᠴᠢᠯᠡᠯ ᠤᠨ ᠡᠷᠭᠡ ᠶᠢ ᠠᠩᠬ᠎ᠠ ᠤᠳᠠᠭ᠎ᠠ ᠲᠠᠩᠰᠠᠯᠠᠬᠤ ᠲᠤᠬᠠᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠵᠠᠷᠯᠠᠯ
ᠨᠡᠶᠢᠲᠡᠯᠡᠭᠰᠡᠨ ᠴᠠᠭ᠄
2023/9/28
      ︽ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠪᠠᠷ ᠰᠠᠭᠤᠷᠢ ᠪᠣᠯᠭᠠᠵᠤ᠂ ᠡᠬᠢ ᠪᠠᠶᠠᠯᠢᠭ ᠤᠨ ᠨᠡᠶᠢᠲᠡ ᠳᠤ ᠥᠮᠴᠢᠯᠡᠬᠦ᠂ ᠪᠣᠳᠠᠰ ᠤᠨ ᠡᠷᠬᠡ ᠶᠢ ᠬᠠᠤᠯᠢ ᠪᠠᠷ ᠲᠣᠭᠲᠠᠭᠠᠬᠤ ᠪᠠ ᠡᠷᠬᠡ ᠶᠢ ᠨᠢᠭᠡᠳᠦᠯᠲᠡᠶ ᠨᠤᠲᠠᠯᠠᠨ ᠳᠠᠩᠰᠠᠯᠠᠬᠤ ᠵᠠᠷᠴᠢᠮ ᠶᠣᠰᠣᠭᠠᠷ᠂  ᠲᠠᠪᠤᠨ ᠭᠤᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠯ ᠤᠨ ᠡᠷᠬᠡ ᠳᠤ ᠠᠩᠬ᠎ᠠ ᠤᠳᠠᠭ᠎ᠠ ᠳᠡᠩᠰᠡᠯᠡᠨ ᠲᠡᠮᠳᠡᠭᠯᠡᠬᠦ ᠶᠢ ᠥᠷᠨᠢᠭᠦᠯᠦᠨ᠎ᠡ᠃ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠪᠠᠶᠢᠭᠠᠯᠢ ᠶᠢᠨ ᠡᠬᠢ ᠪᠠᠶᠠᠯᠢᠭ ᠢ ᠳᠠᠩᠰᠠᠯᠠᠬᠤ ᠨᠢᠭᠡᠴᠢ ᠶᠢᠨ ᠤᠷᠢᠳᠴᠢᠯᠠᠨ ᠬᠤᠪᠢᠶᠠᠷᠢᠯᠠᠭᠰᠠᠨ      ᠲᠣᠰ ᠤᠳᠠᠭᠠᠨ ᠤ ᠳᠠᠩᠰᠠᠯᠠᠭᠤᠯᠤᠯᠲᠠ ᠨᠢ ᠭᠤᠣᠯ ᠮᠥᠷᠡᠨ ᠤ ᠬᠠᠮᠢᠶᠠᠷᠤᠯᠲᠠ ᠶᠢᠨ ᠬᠡᠪᠴᠢᠶ᠎ᠡ ᠪᠠᠷ ᠰᠠᠭᠤᠷᠢ ᠪᠣᠯᠭᠠᠵᠤ᠂ ᠬᠠᠰᠢᠯᠭ᠎ᠠ᠂ ᠤᠰᠤᠨ ᠤ ᠡᠷᠭᠢ ᠶᠢᠨ ᠱᠤᠭᠤᠮ ᠲᠠᠢ ᠤᠶᠠᠯᠳᠤᠭᠤᠯᠤᠨ᠂ ᠨᠡᠶᠢᠲᠡ 1 ᠳᠠᠩᠰᠠᠯᠠᠬᠤ ᠨᠢᠭᠡᠴᠢ ᠬᠤᠪᠢᠶᠠᠷᠢᠯᠠᠪᠠ᠂ ᠳᠠᠷᠤᠢ ᠲᠠᠪᠤᠨᠭᠤᠣᠯ ᠪᠣᠯᠤᠨ᠎ᠠ᠃      ᠬᠤᠶᠠᠷ᠂ ᠪᠠᠶᠢᠭᠠᠯᠢ ᠶᠢᠨ ᠡᠬᠢ ᠪᠠᠶᠠᠯᠢᠭ ᠢ ᠳᠠᠩᠰᠠᠯᠠᠬᠤ ᠠᠵᠢᠯ ᠢ ᠥᠷᠨᠢᠭᠦᠯᠦᠭᠰᠡᠨ ᠴᠠᠭ ᠬᠤᠭᠤᠴᠠᠭ᠎ᠠ      ᠲᠣᠰ ᠤᠳᠠᠭᠠᠨ ᠤ ᠪᠠᠶᠢᠭᠠᠯᠢ ᠶᠢᠨ ᠡᠬᠢ ᠪᠠᠶᠠᠯᠢᠭ ᠢ ᠠᠩᠬ᠎ᠠ ᠤᠳᠠᠭ᠎ᠠ ᠳᠠᠩᠰᠠᠯᠠᠬᠤ ᠠᠵᠢᠯ ᠢ ᠥᠷᠨᠢᠭᠦᠯᠬᠦ ᠴᠠᠭ ᠨᠢ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ 2023 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠶᠠᠪᠤᠭᠳᠠᠨ᠎ᠠ᠃      ᠭᠤᠷᠪᠠ᠂ ᠪᠠᠶᠢᠭᠠᠯᠢ ᠶᠢᠨ ᠡᠬᠢ ᠪᠠᠶᠠᠯᠢᠭ ᠤᠨ ᠲᠥᠷᠥᠯ ᠬᠡᠯᠪᠡᠷᠢ᠂ ᠬᠡᠪᠴᠢᠶ᠎ᠡ      ᠳᠠᠩᠰᠠᠯᠠᠬᠤ ᠨᠢᠭᠡᠴᠡ ᠶᠢᠨ ᠳᠣᠲᠣᠷᠠᠬᠢ ᠭᠤᠤᠯ ᠤᠷᠤᠰᠬᠠᠯ᠂ ᠣᠶ ᠰᠢᠭᠤᠶ᠂ ᠠᠭᠤᠯᠠ ᠳᠠᠪᠠᠭ᠎ᠠ᠂ ᠨᠤᠲᠤᠭ ᠪᠡᠯᠴᠢᠭᠡᠷ᠂ ᠠᠲᠠᠷ ᠭᠠᠵᠠᠷ᠂ ᠭᠤᠤᠯ ᠤᠨ ᠰᠠᠶᠢᠷᠭᠠᠯ ᠵᠢᠴᠢ ᠬᠠᠶᠢᠨ ᠢᠯᠡᠷᠡᠭᠦᠯᠦᠭᠰᠡᠨ ᠬᠠᠳᠠᠭᠠᠯᠠᠭᠳᠠᠴᠠ ᠶᠢᠨ ᠠᠭᠤᠷᠬᠠᠶ ᠶᠢᠨ ᠡᠬᠢ ᠪᠠᠶᠠᠯᠢᠭ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠤᠯᠤᠰ ᠤᠨ ᠥᠮᠴᠢᠯᠡᠬᠦ ᠡᠷᠬᠡ ᠪᠣᠯᠤᠨ ᠪᠠᠶᠢᠭᠠᠯᠢ ᠶᠢᠨ ᠠᠮᠢ ᠠᠬᠤᠶ ᠶᠢᠨ ᠣᠷᠣᠨ ᠵᠠᠶ᠃      ᠲᠣᠰ ᠤᠳᠠᠭᠠᠨ ᠤ ᠳᠡᠩᠰᠡᠯᠡᠯᠲᠡ ᠶᠢᠨ ᠣᠷᠣᠨ ᠪᠦᠰᠡ ᠨᠢ ᠬᠥᠬᠡᠬᠤᠲᠠ᠂ ᠤᠯᠠᠭᠠᠨᠴᠠᠪ ᠬᠤᠲᠠ᠂ ᠪᠤᠭᠤᠲᠤ ᠬᠤᠲᠠ ᠵᠡᠷᠭᠡ 3 ᠠᠶᠢᠮᠠᠭ ᠬᠤᠲᠠ ᠳᠤ ᠬᠤᠯᠪᠣᠭᠳᠠᠵᠤ᠂ ᠦᠴᠤᠸᠠᠨ ᠰᠢᠶᠠᠨ᠂ ᠳᠥᠷᠪᠡᠳ ᠬᠤᠰᠢᠭᠤ᠂ ᠭᠦᠶᠡᠩ ᠰᠢᠶᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠡᠶᠢᠲᠡ 4 ᠬᠤᠰᠢᠭᠤ ᠰᠢᠶᠠᠨ ᠳᠤ ᠬᠤᠯᠪᠣᠭᠳᠠᠵᠠᠶ᠃      ᠳᠥᠷᠪᠡ᠂ ᠪᠤᠰᠤᠳ ᠵᠦᠢᠯ      ᠪᠠᠶᠢᠭᠠᠯᠢ ᠶᠢᠨ ᠡᠬᠢ ᠪᠠᠶᠠᠯᠢᠭ ᠤᠨ ᠥᠮᠴᠢᠯᠡᠯ ᠤᠨ ᠡᠷᠬᠡ ᠶᠢᠨ ᠲᠥᠯᠥᠭᠡᠯᠡᠭᠴᠢ ︵ᠣᠷᠣᠯᠠᠨ ᠭᠦᠢᠴᠡᠳᠬᠡᠬᠦ︶ ᠭᠤᠤᠯ ᠴᠣᠭᠴᠠ᠂ ᠬᠠᠮᠲᠤ ᠶᠢᠨ ᠭᠠᠵᠠᠷ ᠰᠢᠷᠣᠶ ᠶᠢᠨ ᠥᠮᠴᠢᠯᠡᠯ ᠤᠨ ᠡᠷᠬᠡᠲᠦ ᠬᠥᠮᠦᠨ᠂ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡᠲᠦ ᠬᠥᠮᠦᠨ ᠵᠡᠷᠭᠡ ᠬᠠᠮᠢᠶ᠎ᠠ ᠪᠥᠬᠦᠶ ᠭᠤᠤᠯ ᠴᠣᠭᠴᠠ ᠶᠢ ᠬᠡᠷᠡᠭᠵᠢᠭᠦᠯᠬᠦ ᠳᠤ᠂ ᠡᠷᠬᠡ ᠶᠢ ᠨᠤᠲᠠᠯᠠᠨ ᠳᠠᠩᠰᠠᠯᠠᠬᠤ ᠬᠠᠮᠢᠶ᠎ᠠ ᠪᠥᠬᠦᠶ ᠠᠵᠢᠯ ᠢ ᠢᠳᠡᠪᠬᠢᠲᠡᠶ ᠬᠠᠮᠵᠢᠯᠴᠠᠨ ᠰᠠᠶᠢᠲᠤᠷ ᠬᠢᠬᠦ ᠬᠡᠷᠡᠭᠲᠡᠶ᠃      ᠡᠭᠦᠨ ᠤ ᠲᠤᠯᠠ ᠣᠨᠴᠠᠭᠠᠶᠢᠯᠠᠨ ᠵᠠᠷᠯᠠᠪᠠ᠃                                  ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ                ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ                     2023 ᠣᠨ ᠤ 8 ᠰᠠᠷ᠎ᠠ ᠶᠢᠨ 23 ᠤ ᠡᠳᠦᠷ 
 
ᠢᠷᠡᠯᠲᠡ᠄ ᠲᠠᠷᠬᠠᠨ ᠮᠤᠤᠮᠢᠩᠭᠠᠨ ᠬᠤᠰᠢᠭᠤᠨ ᠤ ᠠᠷᠠᠳ ‍ᠤᠨ‌ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号