ᠪᠤᠭᠤᠳᠦ ᠬᠤᠳᠠ ᠶᠢᠨ ᠲᠤᠮᠳᠠᠳᠦ ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠣᠳᠬᠠᠬᠤ ᠠᠷᠪᠠᠨ ᠵᠢᠷᠭᠤᠳᠤᠭᠠᠷ ᠬᠤᠭᠤᠴᠠᠭᠠᠨ ᠤ ︽ᠠᠶᠢᠪᠠᠭ᠎ᠠ ᠶᠢᠨ ᠤᠶᠠᠩᠭ᠎ᠠ︾ ᠰᠢᠵᠢᠷ ᠨᠠᠮᠤᠷ  ᠤᠨ ᠰᠢᠯᠦᠭ ᠤᠨ ᠨᠠᠶᠢᠷ ᠤᠨ ᠮᠡᠳᠡᠭᠳᠡᠯ
ᠨᠡᠶᠢᠲᠡᠯᠡᠭᠰᠡᠨ ᠴᠠᠭ᠄
2023/9/4
      ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠲᠣᠭᠤᠰᠢᠯᠠᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠤᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠣ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠨ᠂ ᠦᠨᠳᠦᠰᠦᠲᠡᠨ ᠤ ᠠᠵᠢᠯ ᠪᠣᠯᠣᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠤᠯᠠᠮ ᠰᠠᠶᠢᠨ ᠬᠢᠵᠦ᠂ ᠭᠠᠵᠠᠷ ᠣᠷᠣᠨ ᠤ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠶᠢ ᠴᠢᠩᠭᠠᠳᠬᠠᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠳᠤᠰᠠᠳᠠ᠂ ᠪᠤᠭᠤᠲᠤ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ 2023 ᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠪᠤᠭᠤᠲᠤ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠳᠠᠭᠠᠭᠠᠴᠢᠯᠠᠨ ᠡᠷᠬᠢᠯᠡᠬᠦ ᠠᠷᠪᠠᠨ ᠵᠢᠷᠭᠤᠳᠤᠭᠠᠷ ᠬᠤᠭᠤᠴᠠᠭᠠᠨ ᠤ ︽ᠠᠶᠢᠪᠠᠭ᠎ᠠ ᠶᠢᠨ ᠤᠶᠠᠩᠭ᠎ᠠ︾ ᠰᠢᠵᠢᠷ ᠨᠠᠮᠤᠷ ᠤᠨ ᠰᠢᠯᠦᠭ ᠤᠨ ᠨᠠᠶᠢᠷ ᠢ 2023 ᠣᠨ ᠤ 9 ᠰᠠᠷ᠎ᠠ ᠶᠢᠨ 24 ᠳᠤ ᠶᠠᠪᠤᠭᠳᠠᠭᠤᠯᠬᠤ ᠪᠠᠷ ᠪᠤᠯᠪᠠ᠃ ᠰᠢᠯᠦᠭ ᠤᠨ ᠨᠠᠶᠢᠷ ᠤᠨ ᠬᠤᠯᠪᠤᠭᠳᠠᠬᠤ ᠤᠴᠢᠷ ᠶᠠᠪᠤᠳᠠᠯ ᠢ ᠮᠡᠳᠡᠭᠳᠡᠬᠦ ᠨᠢ       ᠨᠢᠭᠡ᠂ ᠰᠢᠯᠦᠭ ᠤᠨ ᠨᠠᠶᠢᠷ ᠤᠨ ᠶᠠᠪᠤᠭᠳᠠᠬᠤ ᠬᠡᠯᠪᠡᠷᠢ ᠪᠠ ᠠᠭᠤᠯᠭ᠎ᠠ       ︵ᠨᠢᠭᠡ︶ ᠪᠦᠲᠦᠭᠡᠯ ᠡᠯᠰᠡᠬᠦ       1. ᠪᠦᠲᠦᠭᠡᠯ ᠡᠯᠰᠡᠬᠦ ᠱᠠᠭᠠᠷᠳᠠᠯᠭ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠳᠣᠳᠬᠠᠬᠤ ᠵᠤᠷᠢᠯᠭ᠎ᠠ ᠪᠠᠷ᠂ ᠦᠨᠳᠦᠰᠦᠲᠡᠨ ᠤ ᠪᠦᠯᠬᠦᠮᠳᠡᠯ ᠢ ᠮᠠᠭᠲᠠᠨ ᠳᠠᠭᠤᠯᠠᠭᠰᠠᠨ᠂ ᠡᠬᠡ ᠤᠷᠤᠨ᠂ ᠨᠤᠲᠤᠭ ᠤᠰᠤ᠂ ᠪᠠᠶᠢᠭᠠᠯᠢ ᠳᠡᠯᠡᠬᠡᠢ᠂ ᠡᠷᠡᠨ ᠴᠠᠭ ᠤᠨ ᠬᠦᠭᠵᠢᠯ ᠳᠡᠪᠰᠢᠯ ᠢ ᠮᠠᠭᠲᠠᠨ ᠳᠠᠭᠤᠯᠠᠭᠰᠠᠨ᠂ ᠰᠠᠨᠠᠭ᠎ᠠ ᠠᠬᠤᠢ ᠰᠠᠶᠢᠨ ᠰᠠᠶᠢᠬᠠᠨ ᠡᠷᠡᠭᠦᠯ ᠦᠭᠡᠳᠡᠷᠡᠭ ᠪᠠᠶᠢᠬᠤ ᠬᠡᠷᠡᠭᠲᠡᠢ᠃      2. ᠪᠦᠲᠦᠭᠡᠯ ᠡᠯᠰᠡᠬᠦ ᠬᠦᠷᠢᠶ᠎ᠡ ᠬᠡᠪᠴᠢᠶ᠎ᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠡᠪᠴᠢᠶᠡᠨ ᠳᠤ ᠪᠦᠲᠦᠭᠡᠯ ᠡᠯᠰᠡᠨ᠎ᠡ᠂ ᠤᠷᠤᠯᠴᠠᠬᠤ ᠪᠦᠲᠦᠭᠡᠯ ᠨᠢ ᠶᠠᠮᠠᠷ ᠴᠦ ᠨᠣᠮ ᠰᠡᠳᠭᠦᠯ᠂ ᠰᠦᠯᠵᠢᠶ᠎ᠡ ᠬᠤᠯᠪᠤᠭᠠᠨ ᠳᠤ ᠨᠡᠶᠢᠲᠡᠯᠡᠭᠳᠡᠭᠡ ᠦᠭᠡᠢ᠂ ᠶᠠᠮᠠᠷ ᠴᠦ ᠣᠷᠣᠯᠳᠣᠭᠠᠨ ᠲᠡᠮᠡᠴᠡᠭᠡᠨ ᠳᠤ ᠤᠷᠤᠭ᠎ᠠ ᠦᠭᠡᠢ ᠰᠢᠨ᠎ᠡ ᠪᠦᠲᠦᠭᠡᠯ ᠪᠠᠶᠢᠬᠤ ᠬᠡᠷᠡᠭᠲᠡᠢ᠃ ᠰᠢᠢᠳᠪᠦᠷᠢᠲᠦ ᠤᠷᠤᠯᠳᠤᠭᠠᠨ ᠠᠴᠠ ᠡᠮᠦᠨ᠎ᠡ ᠤᠷᠤᠯᠳᠤᠭᠠᠨ ᠤ ᠪᠦᠲᠦᠭᠡᠯ ᠢ ᠤᠯᠠᠨ ᠨᠡᠶᠢᠲᠡ ᠳᠤ ᠵᠠᠷᠯᠠᠨ ᠨᠡᠶᠢᠲᠡᠯᠡᠵᠤ᠂ ᠳᠡᠭᠡᠷᠡᠬᠢ ᠱᠠᠭᠠᠷᠳᠠᠯᠭ᠎ᠠ ᠠᠴᠠ ᠵᠦᠷᠢᠴᠡᠭᠰᠡᠨ ᠵᠦᠢᠯ ᠢᠯᠡᠷᠡᠭᠰᠡᠨ ᠪᠤᠶᠤ ᠪᠤᠰᠤᠳ ᠵᠦᠢᠯ ᠤᠨ ᠪᠤᠰᠤᠳ ᠤᠨ ᠡᠷᠭᠡ ᠳᠤ ᠬᠠᠯᠳᠠᠭᠰᠠᠨ ᠤᠴᠢᠷ ᠲᠠᠢ ᠬᠤᠯᠪᠤᠭᠳᠠᠭᠰᠠᠨ ᠪᠦᠲᠦᠭᠡᠯ ᠢ ᠣᠯᠵᠤ ᠮᠡᠳᠡᠪᠡᠯ ᠤᠷᠤᠯᠳᠤᠭᠠᠨ ᠳᠤ ᠤᠷᠤᠯᠴᠠᠬᠤ ᠡᠷᠭᠡ ᠶᠢ ᠨᠢ ᠬᠠᠰᠤᠨ᠎ᠠ᠃ ᠳᠡᠪᠰᠢᠭᠦᠯᠦᠭᠰᠡᠨ ᠪᠦᠲᠦᠭᠡᠯ ᠤᠨ ᠲᠠᠯ᠎ᠠ ᠪᠠᠷ ᠵᠢᠭᠤᠷᠠᠭᠠᠨ ᠭᠠᠷᠪᠠᠯ ᠢᠷᠠᠭᠤ ᠨᠠᠶᠢᠷᠠᠭᠴᠢᠳ ᠥᠪᠡᠷ ᠢᠶᠠᠨ ᠬᠠᠷᠢᠭᠤᠴᠠᠬᠤ ᠬᠡᠷᠡᠭᠲᠠᠢ᠃      3. ᠪᠦᠬᠦᠯᠢ 18 ᠨᠠᠰᠤᠨ ᠠᠴᠠ ᠪᠦᠬᠦᠯᠢ 55 ᠨᠠᠰᠤᠨ ᠤ ᠬᠤᠭᠤᠷᠤᠨᠳᠤᠬᠢ ᠬᠦᠮᠦᠰ ᠤᠷᠤᠯᠴᠠᠵᠤ ᠪᠤᠯᠤᠨ᠎ᠠ᠂ ᠲᠦᠷᠦᠭᠰᠡᠨ ᠡᠳᠦᠷ ᠰᠠᠷ᠎ᠠ ᠶᠢ ᠪᠡᠶ᠎ᠡ ᠶᠢᠨ ᠦᠨᠡᠮᠯᠡᠯ ᠤᠨ ᠡᠳᠦᠷ ᠰᠠᠷ᠎ᠠ ᠪᠠᠷ ᠪᠠᠷᠢᠮᠵᠢᠶᠠᠯᠠᠨ᠎ᠠ᠃      4. ᠰᠢᠯᠦᠭᠴᠢᠳ ᠪᠦᠲᠦᠭᠡᠯ ᠢᠶᠠᠨ ︽ᠮᠤᠩᠭᠤᠯ ᠦᠰᠦᠭ ᠤᠨ WPS︾ ᠳᠡᠭᠡᠷ᠎ᠡ ︽ᠮᠦᠩᠭᠡ ᠭᠠᠯ︾  ᠤᠨ ᠴᠠᠭᠠᠨ ︵3 ᠨᠤᠮᠧᠷᠲᠦ︶ ᠲᠢᠭ ᠢᠶᠠᠷ ᠰᠢᠪᠡᠭᠡᠳ᠂ 2023 ᠣᠨ ᠤ 9 ᠰᠠᠷ᠎ᠠ ᠶᠢᠨ 10 ᠤ ᠡᠳᠣᠷ ᠤᠨ 18 ᠄ 00 ᠴᠠᠭ ᠠᠴᠠ ᠡᠮᠣᠨ᠎ᠡ shigehui2023@126.com ᠢᠮᠧᠯ ᠬᠠᠶ᠋ᠢᠭ ᠲᠤ ᠢᠷᠡᠭᠦᠯᠬᠦ ᠬᠡᠷᠡᠭᠲᠠᠢ᠃ ᠵᠢᠷᠤᠭ ᠤᠨ ᠬᠡᠯᠪᠡᠷᠢ ᠪᠠᠷ ᠢᠯᠡᠭᠡᠭᠰᠡᠨ ᠪᠦᠲᠦᠭᠡᠯ ᠢ ᠬᠤᠷᠢᠶᠠᠵᠤ ᠠᠪᠬᠤ ᠦᠭᠡᠢ᠂ ᠲᠤᠭᠲᠠᠭᠰᠠᠨ ᠴᠠᠭ ᠠᠴᠠ ᠬᠤᠶᠢᠰᠢ ᠢᠷᠡᠭᠦᠯᠦᠭᠰᠡᠨ ᠪᠦᠲᠦᠭᠡᠯ ᠢ ᠬᠤᠷᠢᠶᠠᠵᠣ ᠠᠪᠬᠤ ᠦᠭᠡᠢ᠃ ᠪᠦᠲᠦᠭᠡᠯ ᠤᠨ ᠬᠠᠮᠲᠤ ᠪᠡᠶ᠎ᠡ ᠶᠢᠨ ᠦᠨᠡᠮᠯᠡᠯ  ᠤᠨ ᠬᠠᠭᠤᠯᠪᠤᠷᠢ᠂ ᠨᠡᠷ᠎ᠡ᠂ ᠬᠠᠷᠢᠯᠴᠠᠬᠤ ᠣᠳᠠᠰᠣ᠂ ᠬᠠᠷᠢᠯᠴᠠᠬᠤ ᠬᠠᠶ᠋ᠢᠭ᠂ ᠰᠢᠤᠳᠠᠨ ᠨᠤᠮᠧᠷ ᠢᠶᠠᠨ ᠮᠤᠩᠭᠤᠯ ᠬᠢᠲᠠᠳ ᠬᠤᠶᠠᠷ ᠵᠦᠢᠯ ᠤᠨ ᠦᠰᠦᠭ ᠢᠶᠠᠷ ᠲᠤᠳᠤᠷᠬᠠᠢ ᠪᠢᠴᠢᠵᠤ ᠢᠷᠡᠭᠦᠯᠬᠦ ᠬᠡᠷᠡᠭᠲᠠᠢ ︵ᠡᠳᠡᠭᠡᠷ ᠵᠦᠢᠯᠡᠰ ᠢ ᠤᠷᠤᠯᠳᠤᠭᠠᠨ ᠤ ᠰᠢᠯᠦᠭ ᠤᠨ ᠢᠶᠠᠨ ᠬᠤᠶᠢᠨ᠎ᠠ ᠨᠢ ᠳᠠᠭᠠᠯᠳᠤᠭᠤᠯᠪᠠᠯ ᠪᠤᠯᠴᠢᠬᠠᠨ᠎ᠠ︶᠃ ᠡᠭᠦᠨ ᠤ ᠳᠠᠭᠠᠤ ᠨᠢᠭᠡ ᠮᠢᠨᠦ᠋ᠲ ᠤᠨ ᠳᠤᠳᠤᠷᠠᠬᠢ ᠥᠪᠡᠷ ᠤᠨ ᠰᠢᠯᠦᠭ ᠢᠶᠠᠨ ᠤᠩᠰᠢᠭᠰᠠᠨ ᠳᠦᠷᠰᠤ ᠪᠢᠴᠢᠯᠭᠡ ᠢᠯᠡᠭᠡᠬᠦ ᠶᠢ ᠱᠠᠭᠠᠷᠳᠠᠨ᠎ᠠ᠃       5. ᠤᠷᠤᠯᠳᠤᠭᠠᠨ ᠳᠤ ᠤᠷᠤᠯᠴᠠᠭᠰᠠᠳ ᠪᠦᠲᠦᠭᠡᠯ ᠢᠶᠠᠨ ᠨᠠᠷᠢᠨ ᠬᠢᠨᠠᠭᠰᠠᠨ ᠰᠠᠭᠤᠷᠢᠨ ᠳᠡᠭᠡᠷ᠎ᠡ ᠨᠢᠭᠡ ᠯᠡ ᠤᠳᠠᠭ᠎ᠠ ᠶᠠᠪᠤᠭᠤᠯᠬᠤ ᠶᠢ ᠱᠠᠭᠠᠷᠳᠠᠨ᠎ᠠ᠃       ︵ᠬᠤᠶᠠᠷ︶ ᠪᠡᠯᠡᠳᠭᠡᠯ ᠣᠷᠣᠯᠳᠣᠭᠠᠨ      ᠣᠷᠣᠯᠳᠣᠭᠠᠨ ᠳᠤ ᠣᠷᠣᠯᠴᠠᠭᠰᠠᠨ ᠪᠦᠬᠦ ᠪᠦᠲᠦᠭᠡᠯ ᠤᠨ ᠵᠣᠬᠢᠶᠠᠭᠴᠢ ᠶᠢᠨ ᠨᠡᠷ᠎ᠡ ᠶᠢ ᠨᠢᠭᠤᠴᠠᠯᠠᠨ ᠬᠢᠨᠠᠭᠴᠢᠳ ᠤᠨ ᠪᠠᠭ ᠤᠨ ᠰᠢᠯᠭᠠᠷᠠᠭᠤᠯᠤᠯᠲᠡ ᠪᠠᠷ 22 ᠪᠦᠲᠦᠭᠡᠯ ᠢ ᠬᠢᠨᠠᠨ ᠰᠢᠯᠭᠠᠷᠠᠭᠤᠯᠵᠣ᠂ ᠡᠬᠢᠨ ᠤ 16 ᠪᠦᠲᠦᠭᠡᠯ ᠢ ᠰᠢᠢᠳᠪᠦᠷᠢᠲᠣ ᠣᠷᠣᠯᠳᠣᠭᠠᠨ ᠳᠤ ᠣᠷᠣᠯᠴᠠᠭᠤᠯᠵᠤ᠂ ᠪᠤᠰᠤᠳ 6 ᠰᠢᠯᠦᠭ ᠢ ᠪᠡᠯᠡᠳᠬᠡᠯ ᠪᠦᠲᠦᠭᠡᠯ ᠪᠤᠯᠭᠠᠨ᠎ᠠ᠃      ︵ᠭᠤᠷᠪᠠ︶ ᠰᠢᠢᠳᠪᠦᠷᠢᠲᠣ ᠣᠷᠣᠯᠳᠣᠭᠠᠨ       ᠰᠢᠢᠳᠪᠦᠷᠢᠲᠣ ᠣᠷᠣᠯᠳᠣᠭᠠᠨ 9 ᠰᠠᠷ᠎ᠠ ᠶᠢᠨ 24 ᠳᠤ ᠶᠠᠪᠤᠭᠳᠠᠨ᠎ᠠ᠃ ᠰᠢᠢᠳᠪᠤᠷᠢᠳᠤ ᠤᠷᠤᠯᠳᠤᠭᠠᠨ ᠳᠤ ᠤᠷᠤᠯᠴᠠᠭᠰᠠᠳ 9 ᠰᠠᠷ᠎ᠠ ᠶᠢᠨ 23 ᠤ ᠡᠳᠦᠷ ᠪᠠᠳᠤᠬᠠᠭᠠᠯᠭ᠎ᠠ ᠪᠠᠯᠭᠠᠰᠤᠨ ᠳᠤ ᠬᠦᠷᠴᠤ ᠨᠡᠷ᠎ᠡ ᠮᠡᠳᠡᠭᠦᠯᠦᠨ᠎ᠡ᠃      ︵ᠳᠦᠷᠪᠡ︶ ᠰᠤᠳᠤᠯᠤᠨ ᠶᠠᠷᠢᠯᠴᠠᠬᠤ ᠬᠤᠷᠠᠯ      ᠰᠢᠢᠳᠪᠦᠷᠢᠲᠦ ᠤᠷᠤᠯᠳᠤᠭᠠᠨ ᠤ ᠳᠠᠷᠠᠭ᠎ᠠ ᠲᠤᠰ ᠤᠳᠠᠭᠠᠨ ᠤ ᠤᠷᠤᠯᠳᠤᠭᠠᠨ ᠢ ᠵᠤᠬᠢᠶᠠᠨ ᠪᠠᠶᠢᠭᠤᠯᠵᠤ ᠶᠠᠪᠤᠭᠳᠠᠭᠤᠯᠤᠭᠰᠠᠨ ᠪᠠᠶᠢᠭᠤᠯᠭ᠎ᠠ ᠨᠢᠭᠡᠴᠢ ᠶᠢᠨ ᠤᠳᠤᠷᠢᠳᠤᠯᠭ᠎ᠠ᠂ ᠤᠨᠴᠠ ᠤᠷᠢᠭᠰᠠᠨ ᠪᠠᠭᠰᠢ ᠨᠠᠷ᠂ ᠬᠢᠨᠠᠭᠴᠢ ᠪᠠᠭᠰᠢ ᠨᠠᠷ᠂ ᠤᠷᠤᠯᠳᠤᠭᠠᠨ ᠳᠤ ᠤᠷᠤᠯᠴᠠᠭᠰᠠᠨ ᠢᠷᠠᠭᠤ ᠨᠠᠶᠢᠷᠠᠭᠴᠢᠳ ᠪᠤᠯᠤᠨ ᠪᠤᠭᠤᠲᠤ ᠬᠤᠲᠠ ᠶᠢᠨ ᠢᠷᠠᠭᠤ ᠨᠠᠶᠢᠷᠠᠭᠴᠢ᠂ ᠤᠷᠠᠨ ᠪᠦᠲᠦᠭᠡᠯᠴᠢᠳ ᠢ ᠤᠷᠤᠯᠴᠠᠭᠤᠯᠤᠭᠰᠠᠨ ᠪᠤᠭᠤᠲᠤ ᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤᠳᠬᠠᠬᠤ ᠠᠷᠪᠠᠨ ᠵᠢᠷᠭᠤᠳᠤᠭᠠᠷ ᠬᠤᠭᠤᠴᠠᠭᠠᠨ ᠤ ︽ᠠᠶᠢᠪᠠᠭ᠎ᠠ ᠶᠢᠨ ᠣᠶᠠᠩᠭ᠎ᠠ︾ ᠰᠢᠵᠢᠷ ᠨᠠᠮᠣᠷ ᠤᠨ ᠰᠢᠯᠦᠭ ᠤᠨ ᠨᠠᠶᠢᠷ ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠤᠨ᠎ᠠ᠃      ᠬᠤᠶᠠᠷ᠂ ᠱᠠᠩᠨᠠᠯ ᠤᠨ ᠲᠣᠬᠢᠷᠠᠭᠤᠯᠣᠯᠲᠠ     ◇ ᠨᠢᠭᠡᠳᠦᠭᠡᠷ ᠳᠡᠰ᠄ 1 ᠬᠦᠮᠦᠨ᠂ 3000 ᠲᠦᠭᠦᠷᠢᠭ     ◇ ᠬᠤᠶᠠᠳᠤᠭᠠᠷ ᠳᠡᠰ᠄ 2 ᠬᠦᠮᠦᠨ᠂ ᠲᠤᠰ ᠪᠦᠷᠢ 2000 ᠲᠦᠭᠦᠷᠢᠭ     ◇ ᠭᠤᠷᠪᠠᠳᠤᠭᠠᠷ ᠳᠡᠰ᠄ 3 ᠬᠦᠮᠦᠨ᠂ ᠲᠤᠰ ᠪᠦᠷᠢ 1000 ᠲᠦᠭᠦᠷᠢᠭ     ◇ᠰᠢᠯᠢᠳᠡᠭ ᠳᠡᠰ᠄ 10 ᠬᠦᠮᠦᠨ᠂ ᠲᠤᠰ ᠪᠦᠷᠢ 800 ᠲᠦᠭᠦᠷᠢᠭ      ᠭᠤᠷᠪᠠ᠂ ᠠᠩᠬᠠᠷᠬᠤ ᠵᠦᠢᠯ      ᠰᠢᠢᠳᠪᠦᠷᠢᠲᠣ ᠣᠷᠣᠯᠳᠣᠭᠠᠨ ᠳᠤ ᠤᠷᠤᠯᠴᠠᠬᠤ ᠰᠢᠯᠦᠭᠴᠢᠳ ᠤᠨ ᠢᠳᠡᠵᠤ ᠰᠠᠭᠤᠬᠤ ᠶᠢ ᠵᠤᠬᠢᠶᠠᠨ ᠪᠠᠶᠢᠭᠤᠯᠤᠭᠰᠠᠨ ᠲᠠᠯ᠎ᠠ ᠠᠴᠠ ᠬᠠᠷᠢᠭᠤᠴᠠᠵᠤ᠂ ᠵᠠᠮ ᠤᠨ ᠵᠠᠷᠤᠳᠠᠯ ᠪᠠ ᠠᠮᠤᠷ ᠲᠦᠪᠰᠢᠨ ᠤ ᠠᠰᠠᠭᠤᠳᠠᠯ ᠢ ᠰᠢᠯᠦᠭᠴᠢᠳ ᠦᠪᠡᠷᠰᠡᠳ ᠢᠶᠠᠨ ᠬᠠᠷᠢᠭᠤᠴᠠᠨ᠎ᠠ᠃ ᠰᠢᠢᠳᠪᠦᠷᠢᠲᠣ ᠣᠷᠣᠯᠳᠣᠭᠠᠨ ᠳᠤ ᠨᠡᠷ᠎ᠡ ᠳᠡᠪᠰᠢᠭᠰᠡᠨ ᠬᠦᠮᠦᠰ ᠠᠬᠤᠢ ᠲᠠᠯᠠᠪᠠᠢ ᠶᠢᠨ ᠰᠢᠢᠳᠪᠦᠷᠢᠲᠦ ᠤᠷᠤᠯᠳᠤᠭᠠᠨ ᠳᠤ ᠤᠷᠤᠯᠴᠠᠵᠤ ᠴᠢᠳᠠᠬᠤ ᠦᠭᠡᠢ ᠪᠤᠯ ᠰᠢᠢᠳᠪᠦᠷᠢᠲᠦ ᠤᠷᠤᠯᠳᠤᠭᠠᠨ ᠳᠤ ᠤᠷᠤᠯᠴᠠᠬᠤ ᠡᠷᠭᠡ ᠪᠠᠨ ᠲᠠᠶᠠᠭᠳᠠᠭᠰᠠᠨ ᠢᠶᠠᠷ ᠲᠤᠭᠠᠴᠠᠵᠤ᠂ ᠪᠡᠯᠡᠳᠭᠡᠯ ᠤᠷᠤᠯᠳᠤᠭᠠᠨ ᠳᠠᠬᠢ ᠬᠤᠪᠢ ᠶᠢᠨ ᠳᠠᠷᠠᠭᠠᠯᠠᠯ ᠤᠨ ᠳᠠᠭᠠᠤ ᠤᠷᠤᠭᠰᠢ ᠠᠬᠢᠭᠤᠯᠬᠤ ᠳᠦᠷᠢᠮ ᠢᠶᠠᠷ ᠲᠠᠬᠢᠨ ᠨᠢᠭᠡ ᠬᠦᠮᠦᠨ ᠢ ᠳᠡᠪᠰᠢᠬᠦᠯᠦᠨ ᠰᠢᠢᠳᠪᠦᠷᠢᠲᠦ ᠤᠷᠤᠯᠳᠤᠭᠠᠨ ᠳᠤ ᠤᠷᠤᠯᠴᠠᠭᠤᠯᠤᠨ᠎ᠠ᠃       ᠳᠦᠷᠪᠡ᠂ ᠬᠠᠷᠢᠯᠴᠠᠬᠤ ᠠᠷᠭ᠎ᠠ      ᠢᠮᠧᠯ : shigehui2023@126.com      ᠬᠠᠷᠢᠯᠴᠠᠬᠤ ᠬᠦᠮᠦᠨ᠄ ᠽᠠᠨᠳᠠᠨᠴᠢᠮᠡᠭ      ᠬᠠᠷᠢᠯᠴᠠᠬᠤ ᠣᠳᠠᠰᠣ᠄ 0472 —6949603           18347246213              ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ              ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ             2023 ᠤᠨ ᠤ 8 ᠰᠠᠷ᠎ᠠ ᠶᠢᠨ 16 ᠤ ᠡᠳᠦᠷ
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号