ᠮᠢᠩᠭᠠᠨ ᠪᠠᠯᠭᠠᠰᠤᠨ ᠤ ᠬᠢᠯᠢ ᠶᠢᠨ ᠲᠤᠮᠢᠯᠠᠭᠰᠠᠨ ᠰᠠᠯᠪᠤᠷᠢ ᠶᠢᠨ ᠬᠢᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠰᠤᠷᠭᠠᠨ ᠬᠦᠮᠦᠵᠢᠯ ᠢ ᠪᠦᠬᠦ ᠬᠦᠴᠦᠨ ᠢᠶᠠᠷ ᠢᠶᠠᠨ ᠠᠬᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2023/9/5
      ᠮᠢᠩᠭᠠᠨ ᠪᠠᠯᠭᠠᠰᠤᠨ ᠤ ᠬᠢᠯᠢ ᠶᠢᠨ ᠲᠣᠮᠢᠯᠠᠭᠰᠠᠨ ᠰᠡᠯᠪᠤᠷᠢ ᠨᠢ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠵᠢᠯᠤᠭᠤᠳᠬᠤ ᠦᠵᠡᠯ ᠰᠠᠨᠠᠭ᠎ᠠ ᠪᠠᠨ ᠪᠣᠯᠭᠠᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠴᠢᠩᠭᠠᠳᠬᠠᠨ᠂ ᠤᠬᠠᠮᠰᠠᠷ ᠢ ᠨᠢ ᠳᠡᠭᠡᠭᠰᠢᠯᠡᠭᠦᠯᠬᠦ ᠪᠠᠷ ᠬᠠᠷᠠᠯᠲᠠ ᠪᠠᠨ ᠪᠣᠯᠭᠠᠵᠤ᠂ ᠬᠠᠷᠢᠶ᠎ᠠ ᠣᠷᠣᠨ ᠤ ᠪᠠᠨ ᠪᠣᠳᠠᠲᠤ ᠪᠠᠶᠢᠳᠠᠯ ᠠᠴᠠ ᠪᠠᠨ ᠭᠠᠷᠳᠠᠵᠤ ᠰᠤᠷᠭᠠᠨ ᠬᠥᠮᠦᠵᠢᠯ ᠢ ᠲᠦᠭᠡᠮᠡᠯᠵᠢᠭᠦᠯᠬᠦ᠂ ᠠᠭᠤᠯᠭ᠎ᠠ ᠶᠢ ᠭᠦᠨᠵᠡᠭᠡᠶᠢᠷᠡᠭᠦᠯᠬᠦ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠪᠣᠳᠣᠯᠬᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠢ ᠬᠦᠨᠵᠡᠭᠡᠢ ᠥᠷᠨᠢᠭᠦᠯᠵᠦ᠂ ᠨᠡᠯᠢᠶᠡᠳ ᠰᠠᠶᠢᠨ ᠦᠷ᠎ᠡ ᠪᠦᠲᠦᠮᠵᠢ ᠤᠯᠤᠬᠰᠠᠨ ᠪᠠᠶᠢᠨ᠎ᠠ᠃      ᠨᠢᠭᠡ ᠳᠤ᠂ ᠣᠷᠣᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠤᠬᠰᠠᠨ ᠪᠠᠶᠢᠨ᠎ᠠ
微信图片_20230905103426.jpg
      ᠮᠢᠩᠭᠠᠨ ᠪᠠᠯᠭᠠᠰᠤ ᠨᠢ ᠭᠦᠨ ᠵᠤᠵᠠᠭᠠᠨ ᠬᠤᠪᠢᠰᠬᠠᠯ ᠤᠨ ᠲᠡᠤᠬᠡ ᠲᠠᠢ ᠶᠤᠮ᠂ ᠡᠨᠡ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠥᠷᠨᠢᠭᠦᠯᠬᠦ ᠡᠬᠢ ᠪᠠᠶᠠᠯᠢᠭ ᠤᠨ ᠳᠠᠪᠠᠭᠤᠯᠢᠭ ᠪᠣᠯᠤᠭᠰᠠᠨ ᠪᠠᠶᠢᠨ᠎ᠠ᠃ ᠣᠶᠢᠷ᠎ᠠ ᠶᠢᠨ ᠵᠢᠯ ᠳᠤ ︽ᠪᠦᠬᠦ ᠠᠷᠠᠳ ᠢᠶᠠᠷ ᠢᠶᠠᠨ ᠣᠷᠣᠯᠴᠠᠵᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ︾ ᠵᠠᠷᠴᠢᠮ ᠢ ᠪᠠᠷᠢᠮᠲᠠᠯᠠᠨ᠂ ᠬᠠᠷᠢᠶᠠᠲᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠪᠣᠯᠣᠨ ᠡᠯ᠎ᠡ ᠲᠠᠯ᠎ᠠ ᠶᠢᠨ ᠬᠦᠴᠦᠨ ᠢ ᠲᠠᠰᠤᠷᠠᠯᠲᠠ ᠦᠭᠡᠢ ᠨᠢᠭᠡᠳᠭᠡᠵᠦ᠂ ᠢᠯᠠᠩᠭᠤᠶ᠎ᠠ ᠨᠠᠮ ᠤᠨ ᠬᠤᠷᠢᠶ᠎ᠠ ᠵᠠᠰᠠᠭ ᠤᠨ ᠣᠷᠳᠣᠨ᠂ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠤᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠳᠤ ᠲᠦᠰᠢᠭᠯᠡᠨ ᠥᠪᠡᠷᠮᠢᠴᠡ ᠣᠨᠴᠠᠯᠢᠭ ᠲᠠᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠦᠭᠰᠡᠨ ᠨᠢ ᠪᠠᠰᠠ ᠴᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠯᠠᠰ ᠴᠡᠭ ᠪᠣᠯᠤᠬᠰᠠᠨ ᠪᠠᠶᠢᠨ᠎ᠠ᠃ ᠮᠢᠩᠭᠠᠨ ᠪᠠᠯᠭᠠᠰᠤ ᠨᠢ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠶᠢᠨ ᠬᠠᠭᠤᠴᠢᠨ ᠰᠠᠭᠤᠴᠠ ᠶᠢ ᠠᠰᠢᠭᠯᠠᠵᠤ᠂ ᠤᠯᠤᠰ ᠢᠶᠠᠨ ᠬᠠᠶᠢᠷᠠᠯᠠᠬᠤ ᠦᠵᠡᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠥᠷᠨᠢᠭᠦᠯᠬᠦ ᠴᠢᠬᠤᠯᠠ ᠰᠠᠭᠤᠷᠢᠨ ᠪᠣᠯᠭᠠᠨ ᠪᠠᠶᠢᠭᠤᠯᠵᠤ᠂ ᠠᠳᠡ ᠡᠭᠦᠰᠦᠭᠰᠡᠨ ᠲᠡᠦᠬᠡᠨ ᠪᠣᠳᠠᠲᠤ ᠬᠡᠷᠡᠭ ᠪᠠ ᠲᠡᠦᠬᠡ ᠶᠢᠨ ᠳᠤᠷᠠᠰᠬᠠᠯᠲᠤ ᠵᠦᠢᠯ ᠢᠶᠠᠷ ᠺᠠᠳ᠋ᠷ ᠤᠯᠠᠨ ᠲᠦᠮᠡᠨ ᠪᠠ ᠵᠠᠯᠠᠭᠤᠴᠤᠳ ᠪᠠᠭᠠᠴᠤᠳ ᠢ ᠬᠥᠮᠥᠵᠢᠭᠦᠯᠬᠦ ᠶᠢᠨ ᠬᠠᠮᠲᠤ ᠵᠢᠯ ᠪᠦᠷᠢ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠶᠢ ᠤᠷᠢᠵᠤ ᠤᠯᠤᠰ ᠢᠶᠠᠨ ᠬᠠᠶᠢᠷᠠᠯᠠᠬᠤ ᠰᠤᠷᠭᠠᠨ ᠬᠥᠮᠦᠵᠢᠯ ᠤᠨ ᠠᠵᠢᠯᠯᠠᠭ᠎ᠠ ᠶᠢ ᠦᠷᠨᠢᠭᠦᠯᠳᠡᠭ᠃ ᠮᠢᠩᠭᠠᠨ ᠪᠠᠯᠭᠠᠰᠤᠨ ᠤ ᠬᠢᠯᠢ ᠶᠢᠨ ᠲᠣᠮᠢᠯᠠᠭᠰᠠᠨ ᠰᠠᠯᠪᠤᠷᠢ ᠣᠲᠣ ᠪᠣᠯᠲᠠᠯ᠎ᠠ ᠨᠢᠭᠡᠨᠲᠡ ︽ᠬᠢᠯᠢ ᠶᠢᠨ ᠬᠠᠷᠢᠶ᠎ᠠ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠬᠢᠴᠢᠶᠡᠯ ᠤᠨ ᠲᠠᠩᠬᠢᠮ︾᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠨᠠᠷ ᠴᠠᠭᠳᠠᠭᠠᠨ ᠤ ᠬᠤᠸᠠᠷᠠᠨ ᠳᠤ ᠣᠷᠣᠬᠤ︾ ᠵᠡᠷᠭᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠭᠤᠣᠯ ᠰᠡᠳᠦᠪᠲᠦ ᠬᠦᠮᠦᠵᠢᠯ ᠢ 17 ᠲᠠᠯᠠᠪᠤᠷ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠡᠲᠡᠭᠡᠳ ᠤᠨ 570 ᠭᠠᠷᠤᠢ ᠬᠦᠮᠦᠰ ᠬᠦᠮᠦᠵᠢᠯ ᠬᠦᠷᠳᠡᠭᠰᠡᠨ ᠪᠠᠶᠢᠨ᠎ᠠ᠃
      ᠬᠤᠶᠠᠷ ᠳᠤ᠂ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠠᠴᠢᠶᠠᠯᠠᠪᠤᠷᠢ ᠶᠢ ᠪᠠᠶᠠᠯᠢᠬᠵᠢᠭᠤᠯᠵᠤ ᠪᠤᠢ      ᠮᠢᠩᠭᠠᠨ ᠪᠠᠯᠭᠠᠰᠤᠨ ᠤ ᠬᠢᠯᠢ ᠶᠢᠨ ᠲᠣᠮᠢᠯᠠᠭᠰᠠᠨ ᠰᠡᠯᠪᠤᠷᠢ ᠨᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠤᠨ ᠳᠤᠮᠳᠠ ᠪᠠᠨ ᠬᠦᠮᠦᠵᠢᠯ ᠬᠦᠷᠳᠡᠭᠡᠬᠦ ᠡᠲᠡᠭᠡᠳ ᠤᠨ ᠣᠨᠴᠠᠯᠢᠭ ᠲᠤ ᠲᠤᠬᠢᠷᠠᠭᠤᠯᠤᠨ᠂ ᠡᠯ᠎ᠡ ᠵᠦᠢᠯ ᠤᠨ ᠠᠴᠢᠶᠠᠯᠠᠪᠤᠷᠢ ᠶᠢ ᠰᠢᠨ᠎ᠡ ᠪᠠᠷ ᠡᠭᠦᠳᠦᠨ ᠲᠥᠯᠥᠪᠯᠡᠵᠦ᠂ ᠰᠤᠷᠭᠠᠨ ᠬᠥᠮᠥᠵᠢᠭᠦᠯᠬᠦ ᠠᠭᠤᠯᠭ᠎ᠠ ᠪᠠᠨ ᠲᠠᠰᠤᠷᠠᠯᠳᠠ ᠦᠭᠡᠢ ᠪᠠᠶᠠᠯᠢᠭᠵᠢᠭᠤᠯᠪᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠪᠣᠯ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠴᠢᠬᠤᠯᠠ ᠠᠭᠤᠯᠭ᠎ᠠ ᠮᠦᠨ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠨᠢ ᠴᠡᠷᠢᠭ ᠵᠠᠰᠠᠭ ᠤᠨ ᠪᠤᠯᠪᠠᠰᠤᠷᠠᠯ ᠤᠨ ᠠᠴᠢ ᠬᠤᠯᠪᠣᠭᠳᠠᠯ ᠵᠢᠴᠢ ᠴᠢᠩᠭ᠎ᠠ ᠬᠠᠲᠠᠭᠤ ᠰᠠᠬᠢᠯᠭ᠎ᠠ ᠪᠠᠲᠤ᠂ ᠪᠣᠯᠪᠠᠰᠤᠨ ᠦᠢᠯᠡ ᠠᠵᠢᠯᠯᠠᠭ᠎ᠠ ᠶᠢᠨ ᠬᠦᠴᠦᠷᠬᠡᠭ ᠶᠡᠭᠡ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠳᠤ ᠦᠵᠡᠭᠦᠯᠬᠦ ᠴᠢᠬᠤᠯᠠ ᠦᠢᠯᠡᠳᠦᠯ ᠢ ᠤᠶᠢᠯᠠᠭᠠᠭᠤᠯᠵᠤ᠂ ᠰᠤᠷᠤᠭᠴᠢᠳ ᠤᠨ ᠬᠦᠷᠳᠡᠭᠰᠡᠨ ᠰᠤᠷᠭᠠᠨ ᠬᠥᠮᠦᠵᠢᠯ ᠤᠨ ᠦᠷ᠎ᠡ ᠪᠦᠲᠦᠮᠵᠢ ᠢᠯᠡᠳᠲᠡ ᠪᠣᠯᠪᠠ᠃ ᠣᠶᠢᠷ᠎ᠠ ᠶᠢᠨ 3 ᠵᠢᠯ ᠤᠨ ᠲᠤᠷᠰᠢ᠂ ᠮᠢᠩᠭᠠᠨ ᠪᠠᠯᠭᠠᠰᠤᠨ ᠤ ᠬᠢᠯᠢ ᠶᠢᠨ ᠲᠣᠮᠢᠯᠠᠭᠰᠠᠨ ᠰᠠᠯᠪᠤᠷᠢ ᠤᠷᠢᠳ ᠬᠤᠵᠢᠳ ︽ᠨᠠᠢᠮᠠᠨ ᠰᠠᠷ᠎ᠠ ᠶᠢᠨ ᠨᠢᠭᠡᠨ ᠤ ᠪᠠᠶᠠᠷ︾᠂ ︽ᠪᠠᠭᠰᠢ ᠶᠢᠨ ᠪᠠᠶᠠᠷ︾ ᠢ ᠠᠰᠢᠭᠯᠠᠨ 20 ᠭᠠᠷᠤᠢ ᠲᠠᠯᠠᠪᠤᠷ ︽ᠶᠠᠷᠢᠯᠴᠠᠬᠤ ᠬᠤᠷᠠᠯ︾ ᠡᠷᠭᠢᠯᠡᠵᠦ᠂ 190 ᠭᠠᠷᠤᠢ ᠰᠣᠷᠣᠭᠴᠢ ᠶᠢ ᠴᠠᠭᠳᠠᠭ᠎ᠠ ᠶᠢᠨ ᠬᠤᠸᠠᠷᠠᠨ ᠳᠤ ᠤᠷᠢᠬᠤ ᠵᠡᠷᠭᠡ ᠠᠵᠢᠯᠯᠠᠭ᠎ᠠ ᠥᠷᠨᠢᠭᠦᠯᠵᠦ᠂ ᠰᠤᠷᠤᠭᠴᠢᠳ ᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠶᠡᠭᠡ ᠪᠠᠷ ᠬᠦᠭᠵᠢᠭᠡᠭᠰᠡᠨ ᠪᠠᠶᠢᠨ᠎ᠠ᠃      ᠭᠤᠷᠪᠠ᠂ ᠤᠬᠠᠭᠤᠯᠭ᠎ᠠ  ᠶᠢᠨ ᠡᠷᠴᠢᠮ ᠢ ᠪᠦᠬᠦ ᠲᠠᠯ᠎ᠠ ᠪᠠᠷ ᠴᠢᠩᠭᠠᠳᠬᠠᠬᠰᠠᠨ ᠪᠠᠶᠢᠨ᠎ᠠ      ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠰᠠᠶᠢᠳᠤᠷ ᠥᠷᠨᠢᠭᠦᠯᠵᠦ᠂ ᠤᠯᠠᠨ ᠨᠡᠶᠢᠲᠡ ᠶᠢᠨ ᠵᠠᠭᠤᠴᠢᠯᠠᠭᠤᠷ ᠤᠨ ᠰᠤᠷᠭᠠᠨ ᠬᠥᠮᠥᠵᠢᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠪᠦᠬᠦ ᠬᠤᠳᠠ ᠶᠢᠨ ᠰᠣᠨᠢᠨ ᠰᠡᠳᠬᠦᠯ᠂ ᠲᠧᠯᠸᠢᠰ᠂ ᠷᠠᠳᠢᠣ᠋ ᠨᠡᠪᠲᠡᠷᠡᠭᠦᠯᠭᠡ ᠵᠡᠷᠭᠡ ᠤᠯᠠᠨ ᠨᠡᠶᠢᠲᠡ ᠶᠢᠨ ᠵᠠᠭᠤᠴᠢᠯᠠᠭᠤᠷ ᠢ ᠰᠤᠷᠭᠠᠨ ᠬᠥᠮᠦᠵᠢᠯ ᠤᠨ ᠭᠤᠣᠯ ᠠᠷᠭ᠎ᠠ ᠵᠠᠮ ᠪᠣᠯᠭᠠᠵᠤ᠂ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠪᠣᠳᠠᠲᠤ ᠠᠰᠠᠭᠤᠳᠠᠯ ᠲᠠᠢ ᠤᠶᠠᠯᠳᠤᠭᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠣᠷᠢᠭ ᠰᠠᠨᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠬᠠᠤᠯᠢ ᠳᠦᠷᠢᠮ ᠵᠡᠷᠭᠡ ᠠᠭᠤᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠨᠥᠯᠥᠭᠡᠯᠡᠬᠦ ᠬᠡᠪᠴᠢᠶ᠎ᠡ ᠶᠢ ᠦᠷᠭᠡᠳᠭᠡᠪᠡ᠃ ᠮᠢᠩᠭᠠᠨ ᠪᠠᠯᠭᠠᠰᠤᠨ ᠤ ᠬᠢᠯᠢ ᠶᠢᠨ ᠲᠣᠮᠢᠯᠠᠭᠰᠠᠨ ᠰᠡᠯᠪᠤᠷᠢ ᠨᠢ ᠵᠢᠯ ᠪᠦᠷᠢ ᠶᠢᠨ ᠤᠬᠠᠭᠤᠯᠭ᠎ᠠ ᠶᠢᠨ ᠠᠵᠢᠯ ᠤᠨ ᠲᠣᠬᠢᠷᠠᠭᠤᠯᠤᠯᠲᠠ ᠳᠠᠭᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠬᠤᠯᠠᠴᠢᠯᠠᠨ᠂ ᠤᠯᠠᠨ ᠬᠡᠯᠪᠡᠷᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠪᠠᠶᠢᠩᠭᠤᠵᠢᠭᠤᠯᠬᠤ ᠪᠠ ᠨᠡᠶᠢᠭᠡᠮᠴᠢᠯᠡᠬᠦ ᠶᠢ ᠠᠬᠢᠭᠤᠯᠪᠠ᠃      ᠣᠶᠢᠷ᠎ᠠ ᠶᠢᠨ ᠵᠢᠯ᠂ ᠮᠢᠩᠭᠠᠨ ᠪᠠᠯᠭᠠᠰᠤᠨ ᠤ ᠬᠢᠯᠢ ᠶᠢᠨ ᠲᠣᠮᠢᠯᠠᠭᠰᠠᠨ ᠰᠡᠯᠪᠤᠷᠢ ᠨᠢ ᠬᠠᠷᠢᠶ᠎ᠠ ᠣᠷᠣᠨ ᠤ ᠪᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠤᠬᠠᠮᠰᠠᠷ ᠢ ᠳᠡᠭᠡᠭᠰᠢᠯᠡᠭᠦᠯᠬᠦ ᠶᠢ ᠤᠯᠠᠮ ᠨᠢᠭᠡ ᠠᠯᠬᠤᠮ ᠠᠩᠬᠠᠷᠴᠤ᠂ ᠣᠷᠣᠨ  ᠪᠦᠰᠡ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠴᠢᠶᠠᠯᠠᠪᠤᠷᠢ ᠶᠢ ᠰᠢᠨ᠎ᠡ ᠪᠠᠷ ᠡᠭᠦᠳᠴᠦ᠂ ᠣᠷᠣᠨ ᠪᠦᠰᠡ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ᠃   
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号