ᠲᠠᠷᠬᠠᠨ ᠮᠤᠤᠮᠢᠩᠭᠠᠨ ᠬᠤᠥᠯᠪᠤᠭᠠᠳᠦ ᠬᠤᠰᠢᠭᠤᠨ ᠤ40 ᠳ᠋ᠦ᠋ᠭᠡᠷ ᠣᠳᠠᠭᠠᠨ ᠤ ᠢᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭᠠᠨ ᠤ ᠰᠠᠷ᠎ᠠ ᠡᠬᠢᠯᠡᠭᠰᠡᠨ
ᠨᠡᠶᠢᠲᠡᠯᠡᠭᠰᠡᠨ ᠴᠠᠭ᠄
2023/9/5
      9 ᠰᠠᠷ᠎ᠠ ᠶᠢᠨ 5 ᠤ ᠡᠳᠦᠷ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ 40 ᠳ᠋ᠦ᠋ᠭᠡᠷ ᠤᠳᠠᠭᠠᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭᠠᠨ ᠤ ᠰᠠᠷ᠎ᠠ ᠶᠢᠨ ᠡᠬᠢᠯᠡᠯᠲᠡ ᠶᠢᠨ ᠶᠤᠰᠤᠯᠠᠯ ᠠᠨᠳᠠ ᠠᠭᠤᠳᠠᠮ ᠲᠠᠯᠠᠪᠠᠢ ᠳᠤ ᠶᠠᠪᠤᠭᠳᠠᠵᠤ᠂ ᠪᠦᠬᠦ ᠬᠤᠰᠢᠭᠤᠨ ᠤ ᠡᠯ᠎ᠡ ᠰᠠᠯᠠᠭ᠎ᠠ ᠮᠦᠴᠢᠷ ᠪᠠᠶᠢᠭᠤᠯᠭ᠎ᠠ ᠨᠢᠭᠡᠴᠡ᠂ ᠰᠤᠮᠤ ᠰᠢᠶᠠᠩ ᠪᠠᠯᠭᠠᠰᠤ ᠵᠢᠴᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠴᠡᠭ ᠤᠨ ᠬᠠᠮᠢᠶ᠎ᠠ ᠪᠦᠬᠦᠢ ᠬᠦᠮᠦᠰ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃
微信图片_20230907100901_1.jpg
      ᠶᠤᠰᠤᠯᠠᠯ ᠳᠤ ᠪᠤᠭᠤᠲᠤ ᠬᠤᠲᠠ ᠶᠢᠨ ᠤᠬᠠᠭᠤᠯᠬᠤ ᠬᠡᠯᠳᠡᠰ᠂ ᠨᠢᠭᠡᠳᠦᠮᠡᠯ ᠹᠷᠤᠨᠲ ᠤᠨ ᠬᠡᠯᠳᠡᠰ᠂ ᠦᠨᠳᠦᠰᠦᠲᠡᠨ  ᠤ ᠬᠡᠷᠡᠭ ᠡᠷᠬᠢᠯᠡᠬᠦ ᠵᠦᠪᠯᠡᠯ ᠠᠴᠠ ᠪᠤᠭᠤᠲᠤ ᠬᠤᠳᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠪᠠᠶᠢᠭᠤᠯᠭ᠎ᠠ  — ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠵᠢᠱᠢᠶ᠎ᠡ ᠦᠵᠡᠭᠦᠯᠬᠦ ᠰᠢᠶᠠᠩ  — ᠰᠢ ᠾᠧ ᠰᠢᠶᠠᠩ᠂ ᠵᠢᠱᠢᠶ᠎ᠡ ᠦᠵᠡᠭᠦᠯᠬᠦ ᠪᠠᠯᠭᠠᠰᠤ — ᠪᠠᠲᠤᠬᠠᠭᠠᠯᠭ᠎ᠠ ᠪᠠᠯᠭᠠᠰᠤ᠂ ᠵᠢᠱᠢᠶ᠎ᠡ ᠦᠵᠡᠭᠦᠯᠬᠦ ᠰᠤᠮᠤ — ᠳᠠᠷᠬᠠᠨ ᠰᠤᠮᠤ᠂ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ — ᠬᠡᠤᠬᠡᠨ ᠠᠭᠤᠯᠠ ᠵᠡᠭᠡᠯᠢ ᠶᠢᠨ ᠨᠡᠶᠢᠭᠡᠮ ᠲᠣᠭᠤᠷᠢᠭ᠂ ᠵᠢᠱᠢᠶ᠎ᠡ ᠦᠵᠡᠭᠦᠯᠬᠦ ᠭᠠᠴᠠᠭ᠎ᠠ — ᠮᠢᠩᠭᠠᠨ ᠪᠠᠯᠭᠠᠰᠤᠨ ᠤ ᠬᠥᠭᠵᠢᠯᠲᠦ ᠭᠠᠴᠠᠭ᠎ᠠ᠂ ᠵᠢᠱᠢᠶ᠎ᠡ ᠦᠵᠡᠭᠦᠯᠬᠦ ᠰᠤᠷᠭᠠᠭᠤᠯᠢ — ᠪᠠᠲᠤᠬᠠᠭᠠᠯᠭ᠎ᠠ ᠶᠢᠨ ᠬᠤᠶᠠᠳᠤᠭᠠᠷ ᠪᠠᠭ᠎ᠠ ᠰᠤᠷᠭᠠᠭᠤᠯᠢ᠂ ᠪᠤᠭᠤᠲᠤ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠷᠭᠠᠨ ᠬᠦᠮᠦᠵᠢᠯ ᠤᠨ ᠰᠠᠭᠤᠷᠢᠨ ᠭᠠᠵᠠᠷ — ᠪᠠᠶ᠋ᠬᠠᠤᠪᠤᠭ᠎ᠠ ᠰᠤᠮᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠷᠭᠠᠨ ᠬᠦᠮᠦᠵᠢᠯ ᠤᠨ ᠰᠠᠭᠤᠷᠢᠨ ᠭᠠᠵᠠᠷ᠂ ᠪᠤᠭᠤᠲᠤ ᠬᠤᠳᠠ ᠶᠢᠨ ᠤᠯᠠᠭᠠᠨ ᠠᠨᠠᠷ ᠤᠨ ᠭᠡᠷ ᠣᠷᠣᠨ  — ᠪᠠᠲᠤᠬᠠᠭᠠᠯᠭ᠎ᠠ ᠪᠠᠯᠭᠠᠰᠤᠨ ᠤ ᠬᠤᠤᠰ ᠰᠤᠪᠤᠷᠭᠠᠲᠤ ᠵᠡᠭᠡᠯᠢ ᠶᠢᠨ ᠨᠡᠶᠢᠭᠡᠮ ᠲᠣᠭᠤᠷᠢᠭ᠂ ᠪᠤᠭᠤᠲᠤ ᠬᠤᠳᠠ ᠶᠢᠨ ᠤᠯᠠᠭᠠᠨ ᠠᠨᠠᠷ ᠠᠵᠢᠯ ᠣᠯᠭᠤᠵᠤ ᠦᠢᠯᠡᠰ ᠪᠣᠰᠬᠠᠬᠤ ᠪᠣᠯᠪᠠᠰᠤᠷᠠᠯ ᠤᠨ ᠲᠠᠰᠤᠭ — ᠪᠠᠭ᠎ᠠ ᠤᠩᠭᠤᠨ ᠰᠢᠶᠠᠩ ᠤᠨ ᠮᠠᠯᠴᠢᠨ ᠲᠠᠷᠢᠶᠠᠴᠢᠨ ᠤ ᠪᠣᠯᠪᠠᠰᠤᠷᠠᠯ ᠤᠨ ᠰᠠᠭᠤᠷᠢᠨ ᠭᠠᠵᠠᠷ ᠲᠤ ᠲᠤᠰ ᠲᠤᠰ 2022 ᠣᠨ ᠤ ᠬᠤᠳᠠ ᠶᠢᠨ ᠲᠡᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠴᠡᠭ ᠤᠨ ᠫᠠᠶᠢᠰᠠ ᠣᠯᠭᠤᠪᠠ᠃ ᠳᠠᠷᠠᠭ᠎ᠠ ᠨᠢ ᠶᠤᠰᠤᠯᠠᠯ ᠳᠤ ᠤᠷᠤᠯᠴᠠᠭᠰᠠᠳ ᠬᠠᠮᠲᠤ ᠪᠠᠷ ᠬᠤᠰᠢᠭᠤᠨ ᠤ ᠳᠤᠷᠠᠰᠬᠠᠯ ᠤᠨ ᠤᠷᠳᠤᠨ ᠤ ᠪᠤᠭᠤᠲᠤ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠠᠵᠠᠷ᠂ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠷᠭᠠᠨ ᠬᠦᠮᠦᠵᠢᠯ ᠤᠨ ᠰᠠᠭᠤᠷᠢᠨ ᠭᠠᠵᠠᠷ ᠪᠠ ᠬᠤᠰᠢᠭᠤᠨ ᠤ ᠬᠠᠮ ᠵᠠᠭᠤᠴᠢᠯᠠᠭᠤᠷ ᠤᠨ ᠲᠦᠪ ᠲᠤ ᠬᠦᠷᠴᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠷᠢᠯᠴᠠᠨ ᠰᠤᠷᠤᠯᠴᠠᠬᠤ ᠠᠵᠢᠯᠯᠠᠭ᠎ᠠ ᠶᠠᠪᠤᠭᠳᠠᠭᠤᠯᠤᠭᠰᠠᠨ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号