ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤ ᠤᠯᠤᠰ ᠤᠨ ᠴᠢᠬᠤᠯᠠ ᠡᠨᠧᠷᠬᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠳᠦᠬᠡᠨ ᠪᠠᠶᠢᠭᠤᠯᠬᠤ ᠳᠤ ᠰᠢᠨ᠎ᠡ ᠬᠦᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/9/7
      ᠪᠤᠭᠤᠲᠤ ᠬᠤᠳᠠ ᠶᠢᠨ ᠳᠠᠬᠢᠠ ᠡᠭᠦᠰᠴᠦ ᠪᠣᠯᠬᠤ ᠡᠨᠧᠷᠭᠢ ᠶᠢᠨ ᠵᠢᠱᠢᠶ᠎ᠡ ᠦᠵᠡᠭᠦᠯᠬᠦ 500MV ᠲᠦᠷᠦᠯ ᠵᠦᠢᠯ ᠢ 3 ᠰᠠᠷ᠎ᠠ ᠶᠢᠨ 25 ᠤ ᠡᠳᠦᠷ ᠵᠢᠩᠬᠢᠨᠢ ᠪᠠᠷ ᠠᠵᠢᠯ ᠡᠬᠢᠯᠡᠭᠦᠯᠵᠦ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠰᠠᠯᠬᠢᠨ ᠤ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠢ ᠠᠰᠢᠭᠯᠠᠨ᠂ ᠰᠠᠯᠬᠢᠨ ᠤ ᠡᠨᠧᠷᠭᠢ ᠶᠢ ᠴᠠᠬᠢᠯᠭᠠᠨ ᠡᠨᠧᠷᠭᠢ ᠪᠣᠯᠭᠠᠨ ᠬᠤᠪᠢᠷᠠᠭᠤᠯᠵᠤ᠂ ᠪᠣᠬᠢᠷᠲᠤᠯ ᠦᠭᠡᠢ ᠠᠷᠢᠭᠤᠨ ᠴᠡᠪᠡᠷ ᠳᠠᠬᠢᠨ ᠡᠭᠦᠰᠴᠦ ᠪᠣᠯᠬᠤ ᠡᠨᠧᠷᠭᠢ ᠶᠢᠨ ᠠᠰᠢᠭᠯᠠᠯᠲᠠ ᠶᠢ ᠪᠡᠶᠡᠯᠡᠭᠦᠯᠪᠡ᠃ ᠪᠡᠭᠡᠵᠢᠩ ᠤᠨ ᠲᠢᠶᠠᠨ ᠷᠦᠨ ᠰᠢᠨ ᠨᠧᠩ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠤᠨ ᠳᠠᠭᠠᠭᠠᠮᠠᠯ ᠲᠢᠶᠠᠨ ᠬᠠᠢ ᠯᠦᠩ᠄   ︽ᠲᠣᠰ ᠲᠥᠷᠥᠯ ᠵᠦᠢᠯ ᠨᠢ ᠣᠳᠣᠬᠠᠨ ᠳᠤ ᠪᠠᠷᠢᠯᠭ᠎ᠠ ᠶᠢᠨ ᠠᠵᠢᠯ ᠤᠨ ᠣᠷᠭᠢᠯ ᠤᠨ ᠭᠤᠭᠴᠤᠭ᠎ᠠ ᠪᠠᠶᠢᠵᠤ᠂ ᠵᠠᠮ ᠱᠤᠭᠤᠮ ᠤᠨ ᠪᠦᠲᠦᠭᠡᠨ ᠪᠠᠶᠢᠭᠤᠯᠤᠯᠲᠠ ᠶᠢ ᠨᠢᠭᠡᠨᠲᠡ ᠪᠦᠬᠦᠨ ᠢ ᠳᠠᠭᠤᠰᠬᠠᠵᠤ᠂ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠤ ᠰᠠᠭᠤᠷᠢ ᠶᠢ ᠨᠢᠭᠡᠨᠲᠡ 92 ᠰᠠᠭᠤᠷᠢ ᠴᠢᠳᠬᠤᠵᠤ᠂ 42 ᠰᠠᠭᠤᠷᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠤᠭᠰᠠᠷᠠᠵᠤ᠂ 4.5 ᠺᠢᠯᠣᠮᠧᠲᠷ ᠴᠠᠬᠢᠯᠭᠠᠨ ᠱᠤᠭᠤᠮ ᠢ ᠳᠠᠪᠲᠠᠨ᠂ ᠬᠦᠴᠦᠳᠡᠯ ᠳᠡᠭᠡᠭᠰᠢᠯᠡᠭᠦᠯᠬᠦ ᠥᠷᠲᠡᠭᠡᠨ ᠤ ᠰᠢᠷᠣᠢ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ 50% ᠶᠢ ᠨᠢᠭᠡᠨᠲᠡ ᠪᠡᠶᠡᠯᠡᠭᠦᠯᠪᠡ᠂ 12 ᠰᠠᠷ᠎ᠠ ᠶᠢᠨ 15 ᠤ ᠡᠳᠦᠷ ᠴᠠᠬᠢᠯᠭᠠᠨ ᠬᠦᠷᠭᠡᠵᠦ᠂ 12 ᠰᠠᠷ᠎ᠠ ᠶᠢᠨ 30 ᠤ ᠡᠳᠦᠷ ᠪᠥᠬᠦ ᠪᠠᠭᠲᠠᠭᠠᠮᠵᠢ ᠪᠠᠷ ᠲᠣᠣᠷ ᠲᠤ ᠨᠡᠶᠢᠯᠡᠭᠦᠯᠬᠦ ᠠᠵᠢᠯ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ︾ ᠭᠡᠵᠡᠢ᠃
微信图片_20230907102524_1.jpg
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠯᠬᠢᠨ ᠤ ᠡᠨᠧᠷᠭᠢ᠂ ᠨᠡᠷᠡᠨ ᠤ ᠡᠨᠧᠷᠭᠢ ᠶᠢᠨ ᠡᠬᠢ ᠪᠠᠶᠠᠯᠢᠭ ᠢᠶᠠᠷ ᠬᠠᠮᠤᠭ ᠤᠨ ᠡᠯᠪᠡᠭ᠂ ᠨᠡᠭᠡᠭᠡᠨ ᠬᠥᠭᠵᠢᠭᠦᠯᠬᠦ ᠨᠥᠬᠦᠴᠡᠯ ᠢᠶᠠᠷ ᠬᠠᠮᠤᠭ ᠤᠨ ᠳᠠᠪᠠᠭᠤᠯᠢᠭ ᠭᠠᠵᠠᠷ ᠣᠷᠣᠨ ᠤ ᠨᠢᠭᠡ ᠪᠣᠯᠤᠭᠰᠠᠨ ᠤ ᠬᠤᠪᠢ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠠᠯᠬᠢᠨ ᠤ ᠡᠨᠧᠷᠭᠢ ᠶᠢᠨ ᠡᠬᠢ ᠪᠠᠶᠠᠯᠢᠭ ᠢ ᠪᠥᠲᠦᠮᠵᠢᠲᠡᠢ ᠠᠰᠢᠭᠯᠠᠬᠤ ᠴᠠᠭ ᠤᠨ ᠲᠤᠭ᠎ᠠ ᠨᠢ 3500 ᠴᠠᠭ ᠣᠷᠴᠢᠮ ᠪᠠᠶᠢᠵᠤ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠡᠬᠢ ᠪᠠᠶᠠᠯᠢᠭ ᠢ ᠪᠥᠲᠦᠮᠵᠢᠲᠡᠢ ᠠᠰᠢᠭᠯᠠᠬᠤ ᠴᠠᠭ ᠤᠨ ᠲᠤᠭ᠎ᠠ ᠨᠢ 1800 ᠴᠠᠭ ᠣᠷᠴᠢᠮ ᠬᠦᠷᠦᠨ᠎ᠡ᠃ ᠣᠶᠢᠷ᠎ᠠ ᠶᠢᠨ ᠵᠢᠯ ᠤᠨ ᠲᠤᠷᠰᠢ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠰᠢᠯᠢᠳᠡᠭ ᠡᠬᠢ ᠪᠠᠶᠠᠯᠢᠭ ᠢᠶᠠᠨ ᠪᠦᠲᠦᠮᠵᠢᠲᠡᠶ ᠠᠰᠢᠭᠯᠠᠨ ᠰᠢᠨ᠎ᠡ ᠡᠨᠧᠷᠭᠢ ᠶᠢᠨ ᠠᠵᠤ ᠦᠢᠯᠡᠰ ᠢ ᠲᠠᠰᠤᠷᠠᠯᠲᠠ ᠦᠭᠡᠢ ᠬᠥᠭᠵᠢᠭᠦᠯᠦᠨ᠂ ᠤᠷᠢᠳ ᠬᠤᠵᠢᠳ ᠤᠯᠤᠰ ᠤᠨ ᠴᠠᠬᠢᠯᠭᠠᠨ ᠬᠦᠴᠦᠨ ᠤ ᠪᠡᠯᠡ ᠣᠷᠣᠭᠤᠯᠤᠯᠲᠠ᠂ ᠬᠤᠸᠠ ᠨᠧᠩ᠂ ᠬᠤᠸᠠ ᠳ᠋ᠢᠶᠠᠨ᠂ ᠯᠦᠩ ᠶᠤᠸᠠᠨ᠂ ᠵᠢᠩ ᠨᠧᠩ ᠵᠡᠷᠭᠡ ᠤᠯᠤᠰ ᠤᠨ ᠳᠣᠲᠣᠭᠠᠳᠤ ᠭᠠᠳᠠᠭᠠᠳᠤ ᠶᠢᠨ 30 ᠭᠠᠷᠤᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠬᠦ ᠬᠡᠪᠴᠢᠶ᠎ᠡ 361 ᠲᠦᠮᠡᠨ ᠺᠢᠯᠣᠸᠠᠲ ᠲᠤ ᠬᠦᠷᠴᠦ᠂ ᠪᠠᠶᠢᠭᠤᠯᠵᠤ ᠪᠠᠶᠢᠭ᠎ᠠ ᠬᠡᠪᠴᠢᠶ᠎ᠡ 449 ᠲᠦᠮᠡᠨ ᠺᠢᠯᠣᠸᠠᠲ ᠲᠤ ᠬᠦᠷᠴᠦ᠂ ᠪᠤᠭᠤᠲᠤ ᠬᠤᠲᠠ ᠶᠢᠨ ᠰᠢᠨ᠎ᠡ ᠡᠨᠧᠷᠭᠢ ᠶᠢᠨ ᠲᠣᠣᠷ ᠲᠤ ᠨᠡᠶᠢᠯᠡᠭᠦᠯᠬᠦ ᠪᠠ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠪᠠᠷ ᠬᠠᠮᠤᠭ ᠤᠨ ᠣᠯᠠᠨ ᠭᠠᠵᠠᠷ ᠣᠷᠣᠨ ᠪᠣᠯᠤᠭᠰᠠᠨ ᠪᠠᠶᠢᠨ᠎ᠠ᠃ ᠡᠨᠡ ᠵᠢᠯ ᠤᠨ 1 — 7 ᠰᠠᠷ᠎ᠠ ᠳᠤ᠂ ᠪᠦᠭᠦ ᠬᠤᠰᠢᠭᠤᠨ ᠤ ᠰᠢᠨ᠎ᠡ ᠡᠨᠧᠷᠭᠢ ᠶᠢᠨ ᠠᠵᠤ ᠠᠬᠤᠶᠢᠯᠠᠯ ᠨᠡᠶᠢᠲᠡ 58.1 ᠳ᠋ᠦᠩᠰᠢᠭᠤᠷ ᠺᠢᠯᠣᠸᠠᠲ ᠴᠠᠭ ᠴᠠᠬᠢᠯᠭᠠᠨ ᠭᠠᠷᠭᠠᠵᠤ᠂ 10 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠦᠷᠲᠡᠭ ᠢ ᠪᠡᠶᠡᠯᠡᠭᠦᠯᠵᠦ᠂ 8109 ᠲᠦᠮᠡᠨ ᠲᠥᠭᠦᠷᠢᠭ ᠤᠨ ᠠᠰᠢᠭ ᠭᠠᠶᠢᠯᠢ ᠲᠤᠰᠢᠶᠠᠵᠠᠢ᠃ 15 ᠰᠢᠨ᠎ᠡ ᠡᠨᠧᠷᠭᠢ ᠶᠢᠨ ᠰᠤᠷᠪᠤᠯᠵᠢ ᠶᠢᠨ ᠴᠢᠬᠤᠯᠠ ᠲᠥᠷᠦᠯ ᠵᠦᠢᠯ ᠢ ᠬᠡᠷᠡᠭᠵᠢᠭᠦᠯᠵᠦ᠂ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠬᠡᠪᠴᠢᠶ᠎ᠡ 216 ᠲᠦᠮᠡᠨ ᠺᠢᠯᠣᠸᠠᠲ ᠲᠤ ᠬᠦᠷᠴᠦ᠂ ᠵᠢᠱᠢᠯᠲᠡ ᠪᠠᠷ ᠵᠢᠯ ᠤᠨ ᠳᠣᠲᠣᠷ᠎ᠠ ᠲᠣᠣᠷ ᠲᠤ ᠰᠢᠨ᠎ᠡ ᠪᠠᠷ196 ᠲᠦᠮᠡᠨ ᠺᠢᠯᠣᠸᠠᠲ  ᠨᠡᠮᠡᠵᠦ ᠨᠡᠶᠢᠯᠡᠭᠦᠯᠬᠦ ᠪᠣᠯᠤᠨ᠎ᠠ᠃
微信图片_20230907102525.jpg
      ᠥᠪᠥᠷ ᠮᠣᠩᠭᠤᠯ ᠤᠨ ᠬᠤᠸᠠ ᠳ᠋ᠢᠶᠠᠨ ᠤᠰᠤᠲᠥ᠋ᠷᠥᠭᠴᠢ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 20 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠤᠰᠤᠲᠥ᠋ᠷᠥᠭᠴᠢ ᠦᠢᠯᠡᠳᠬᠦ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ᠂ ᠰᠠᠯᠬᠢᠨ ᠤ ᠲᠠᠯᠠᠪᠤᠷ ᠲᠣᠭᠤᠷᠢᠭ ᠪᠣᠯᠣᠨ ᠬᠡᠷᠡᠯ ᠴᠡᠨᠡᠭ ᠤᠨ ᠲᠣᠭᠤᠷᠢᠭ ᠢ ᠵᠡᠷᠭᠡᠪᠡᠷ ᠪᠠᠶᠢᠭᠤᠯᠵᠤ᠂ ᠪᠠᠷᠢᠯᠭ᠎ᠠ ᠶᠢᠨ ᠠᠵᠢᠯᠲᠠᠳ ᠶᠠᠭᠠᠷᠠᠯᠲᠠᠢ ᠰᠦᠯᠵᠢᠯᠳᠦᠵᠦ᠂ ᠲᠣᠮᠣ ᠬᠡᠯᠪᠡᠷᠢ ᠶᠢᠨ ᠮᠠᠰᠢᠨ ᠮᠧᠬᠠᠨᠢᠭ ᠲᠠᠰᠤᠷᠠᠯᠳᠡ ᠦᠭᠡᠢ ᠠᠵᠢᠯᠯᠠᠨ᠂ ᠪᠠᠷᠢᠯᠭ᠎ᠠ ᠶᠢᠨ ᠬᠤᠭᠤᠴᠠᠭ᠎ᠠ ᠶᠢ ᠠᠳᠬᠤᠬᠤ᠂ ᠠᠬᠢᠴᠠ ᠶᠢ ᠵᠠᠪᠳᠤᠬᠤ ᠬᠠᠯᠠᠭᠤᠨ ᠥᠷᠨᠢᠯᠲᠡ ᠭᠠᠷᠴᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠬᠤᠷᠳᠤᠴᠠ ᠪᠣᠯᠣᠨ ᠣᠷᠭᠢᠯᠤᠮ᠎ᠠ ᠰᠡᠳᠬᠢᠯᠭᠡ︾ ᠶᠢ ᠬᠥᠭᠵᠢᠭᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠢ ᠪᠠᠳᠠᠷᠠᠭᠤᠯᠪᠠ᠃ ᠲᠤᠰ ᠲᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠶᠡᠭᠡ ᠬᠡᠪᠴᠢᠶᠡᠨ ᠤ ᠳᠠᠬᠢᠨ ᠡᠭᠦᠰᠴᠦ ᠪᠣᠯᠬᠤ ᠡᠨᠧᠷᠭᠢ ᠶᠢᠨ ᠪᠣᠬᠢᠷᠲᠤᠯ ᠦᠭᠡᠢ ᠤᠰᠤᠲᠥ᠋ᠷᠥᠭᠴᠢ ᠶᠢ ᠦᠢᠯᠡᠳᠬᠦ ᠵᠢᠱᠢᠶ᠎ᠡ ᠦᠵᠡᠭᠦᠯᠬᠦ ᠲᠦᠷᠦᠯ ᠵᠦᠢᠯ ᠤᠨ ᠨᠢᠭᠡ ᠪᠣᠯᠣᠨ᠎ᠠ᠂ ᠬᠤᠸᠠ ᠳ᠋ᠢᠶᠠᠨ ᠥᠪᠥᠷ ᠮᠣᠩᠭᠤᠯ ᠤᠨ ᠡᠨᠧᠷᠭᠢ ᠶᠢᠨ ᠬᠢᠵᠠᠭᠠᠷᠲᠤ ᠺᠣᠮᠫᠠᠨᠢ ᠠᠴᠠ ᠪᠤᠭᠤᠲᠤ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠣᠷᠴᠢᠨ ᠲᠣᠭᠤᠷᠢᠨ ᠢ ᠬᠠᠮᠠᠭᠠᠯᠠᠬᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠭᠤᠣᠯᠳᠠᠯᠭ᠎ᠠ ᠲᠠᠢ ᠢᠨᠵᠧᠨᠧᠷᠢᠩ ᠪᠣᠯᠣᠨ᠎ᠠ᠃ ᠲᠦᠷᠦᠯ ᠵᠦᠢᠯ ᠨᠢ ᠰᠢᠨ᠎ᠡ ᠡᠨᠧᠷᠭᠢ᠂ ᠤᠰᠤᠲᠥ᠋ᠷᠥᠭᠴᠢ ᠡᠨᠧᠷᠭᠢ᠂ ᠡᠨᠧᠷᠭᠢ ᠬᠠᠳᠠᠭᠠᠯᠠᠬᠤ ᠶᠢ ᠨᠢᠭᠡ ᠴᠤᠭᠴᠠᠵᠢᠭᠤᠯᠤᠭᠰᠠᠨ ᠮᠡᠷᠭᠡᠵᠢᠯ ᠤᠨ ᠠᠪᠤᠴᠠᠯᠳᠤᠯ ᠠᠷᠭ᠎ᠠ ᠪᠠᠷᠢᠯ ᠢ ᠠᠰᠢᠭᠯᠠᠵᠤ᠂ ᠰᠠᠯᠬᠢᠨ ᠬᠦᠴᠦ ᠭᠡᠷᠡᠯ ᠴᠡᠨᠡᠭ ᠢᠶᠠᠷ ᠤᠰᠤᠲᠥ᠋ᠷᠥᠭᠴᠢ ᠦᠢᠯᠡᠳᠬᠦ ᠬᠡᠪᠴᠢᠶᠡᠵᠢᠩᠰᠡᠨ ᠬᠦᠭᠵᠢᠯᠳᠡ ᠶᠢ ᠠᠬᠢᠭᠤᠯᠵᠤ᠂ ᠪᠤᠭᠤᠲᠤ ᠬᠤᠳᠠ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠷᠢᠭᠤᠨ ᠴᠡᠪᠡᠷ᠂ ᠨᠡᠭᠦᠷᠡᠰᠦᠲᠥ᠋ᠷᠥᠭᠴᠢ ᠪᠠᠭ᠎ᠠ᠂ ᠥᠨᠳᠥᠷ ᠦᠷ᠎ᠡ ᠠᠰᠢᠭ ᠲᠠᠢ᠂ ᠠᠮᠤᠷ ᠲᠦᠪᠰᠢᠨ ᠣᠳᠣᠬᠢᠴᠢᠯᠠᠭᠰᠠᠨ ᠬᠤᠳᠠ ᠶᠢ ᠪᠠᠶᠢᠭᠤᠯᠬᠤ ᠳᠤ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠭᠰᠠᠨ ᠪᠠᠶᠢᠨ᠎ᠠ᠃
      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ᠂ ᠡᠨᠧᠷᠭᠢ ᠶᠢᠨ ᠲᠣᠪᠴᠢᠶ᠎ᠠ ᠶᠢᠨ ᠳᠠᠷᠤᠭ᠎ᠠ ᠯᠢᠶᠠᠩ ᠸᠧᠨ ᠯᠢ ᠢᠯᠡᠷᠬᠡᠶᠢᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠪᠢᠳᠡ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠦᠷᠢᠯᠡᠵᠦ ᠬᠡᠯᠬᠢᠶᠡᠵᠢᠯ ᠢ ᠴᠢᠩᠭᠠᠳᠬᠠᠬᠤ ᠪᠥᠬᠦ ᠠᠵᠤ ᠦᠢᠯᠡᠰ ᠤᠨ ᠬᠡᠯᠬᠢᠶᠡᠵᠢᠯ ᠤᠨ ᠲᠥᠷᠥᠯ ᠵᠦᠢᠯ ᠢ ᠣᠷᠣᠭᠤᠯᠤᠨ ᠠᠪᠴᠢᠷᠠᠨ᠎ᠠ᠃ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠡᠨᠧᠷᠭᠢ ᠬᠢᠭᠡᠳ ᠪᠣᠯᠣᠳ ᠲᠡᠮᠦᠷ᠂ ᠬᠤᠪᠣᠷ ᠰᠢᠷᠣᠢ᠂ ᠥᠩᠭᠡᠲᠦ ᠲᠡᠮᠦᠷᠯᠢᠭ ᠬᠠᠶᠢᠯᠤᠭᠤᠯᠬᠤ ᠵᠡᠷᠭᠡ ᠪᠤᠰᠤᠳ ᠠᠵᠤ ᠦᠢᠯᠡᠰ ᠲᠠᠢ ᠠᠭᠤᠰᠤᠯᠴᠡᠨ ᠬᠥᠭᠵᠢᠬᠦ ᠶᠢ ᠢᠳᠡᠪᠬᠢᠲᠡᠢ ᠪᠠᠷ ᠵᠣᠷᠢᠭᠵᠢᠭᠤᠯᠤᠨ ᠳᠡᠮᠵᠢᠵᠦ᠂ ᠰᠢᠨ᠎ᠡ ᠠᠵᠤ ᠦᠢᠯᠡᠰ᠂ ᠰᠢᠨ᠎ᠡ ᠮᠠᠲ᠋ᠧᠷᠢᠶᠠᠯ ᠤᠨ ᠠᠵᠤ ᠦᠢᠯᠡᠰ᠂ ᠤᠯᠠᠮᠵᠢᠯᠠᠯᠲᠤ ᠠᠵᠤ ᠦᠢᠯᠡᠰ ᠤᠨ ᠬᠠᠮᠲᠤ ᠪᠠᠷ ᠲᠤᠤᠷ᠎ᠡ ᠨᠡᠭᠦᠷᠡᠰᠤᠳᠦ᠋ᠷᠤᠭ᠍ᠴᠢᠳᠤ ᠴᠠᠬᠢᠯᠭᠠᠨ ᠢ ᠰᠢᠩᠭᠡᠭᠡᠬᠦ ᠰᠢᠨ᠎ᠡ ᠪᠠᠶᠢᠷᠢᠰᠢᠯ ᠢ ᠪᠣᠶ ᠪᠣᠯᠭᠠᠨ᠎ᠠ︾ ᠭᠡᠵᠡᠢ᠃      ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤ ᠭᠠᠵᠠᠷ ᠣᠷᠣᠨ ᠤ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠬᠤ ᠪᠠ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠲᠠᠢ ᠨᠢᠭᠲᠠ ᠤᠶᠠᠯᠳᠤᠭᠤᠯᠵᠤ᠂ ᠡᠨᠧᠷᠭᠢ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ︽ᠡᠨᠧᠷᠭᠢ ᠶᠢᠨ ᠪᠤᠳᠠᠭᠠᠨ ᠠᠶᠠᠭ᠎ᠠ︾ ᠶᠢ ᠲᠣᠭᠲᠠᠪᠤᠷᠢᠵᠢᠭᠤᠯᠬᠤ ᠳᠤ ᠬᠤᠪᠢ ᠨᠡᠮᠡᠷᠢ ᠪᠠᠨ ᠦᠵᠡᠭᠦᠯᠵᠦ ᠪᠠᠶᠢᠨ᠎ᠠ᠃  
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号