ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠳᠤᠭᠠᠳᠦ ᠶᠢ ᠬᠠᠮᠠᠭᠠᠯᠠᠬᠤ ᠲᠤᠪᠴᠢᠶ᠎ᠠ ᠲᠦᠷᠪᠡᠳᠡᠬᠢ ︽ᠲᠤᠮᠳᠠᠳᠦ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠢ ᠪᠡᠯᠭᠡᠯᠡᠬᠦ ᠶᠤᠰᠤᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2024/1/10
       ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠳᠤᠭᠠᠳᠦ ᠶᠢ ᠬᠠᠮᠠᠭᠠᠯᠠᠬᠤ ᠲᠤᠪᠴᠢᠶ᠎ᠠ᠂ ᠲᠤᠳᠤᠭᠠᠳᠦ ᠶᠢ ᠬᠠᠮᠠᠭᠠᠯᠠᠬᠤ ᠡᠩᠨᠡᠭᠡ ᠶᠢᠨ ᠢᠶᠠᠨ ᠬᠦᠰᠡᠯᠡᠩ ᠢᠳᠡᠭᠡᠯ ᠪᠠ ᠦᠨᠡᠨᠴᠢ ᠢᠳᠡᠭᠡᠮᠵᠢᠳᠦ ᠬᠦᠮᠦᠵᠢᠯ ᠢ ᠴᠢᠩᠭᠠᠳᠬᠠᠵᠦ᠂ ᠠᠷᠠᠳ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ ᠢᠷᠠᠭᠤ ᠠᠯᠳᠠᠷᠳᠦ ᠰᠡᠳᠬᠢᠯᠬᠡ᠂ ᠬᠠᠷᠢᠶᠠᠯᠠᠭᠳᠠᠬᠤ ᠰᠡᠳᠬᠢᠯᠬᠡ ᠶᠢ ᠦᠨᠡᠨ ᠬᠦ ᠨᠡᠮᠡᠭᠳᠡᠭᠦᠯᠵᠦ᠂ ᠪᠦᠯᠬᠦᠮᠳᠡᠯ ᠤᠨ ᠬᠦᠴᠦᠨ ᠢᠶᠠᠨ ᠨᠢᠠᠠᠳᠠᠷᠠᠭᠤᠯᠬᠤ ᠶᠢᠨ ᠲᠦᠯᠦᠬᠡ1 ᠰᠠᠷ᠎ᠠ ᠶᠢᠨ9 ᠤ ᠡᠳᠦᠷ ᠲᠦᠷᠪᠡᠳᠡᠬᠢ ︽ᠲᠤᠮᠳᠠᠳᠦ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠵᠢᠴᠢ ᠠᠷᠠᠳ ᠤᠨ ᠴᠠᠭᠳᠠᠭ᠎ᠠ ᠢᠷᠠᠭᠤ ᠠᠯᠳᠠᠷᠳᠠᠢ ᠪᠠᠷ ᠠᠵᠢᠯ ᠠᠴᠠ ᠪᠠᠨ ᠠᠮᠠᠷᠠᠵᠦ᠂ ᠰᠢᠨ᠎ᠡ ᠴᠠᠭᠳᠠᠭ᠎ᠠ ᠶᠢᠨ ᠠᠵᠢᠯ ᠳᠤ ᠭᠠᠷᠬᠤ ᠶᠤᠰᠤᠯᠠᠯ ᠶᠠᠪᠤᠭᠳᠠᠭᠤᠯᠪᠠ᠃
微信图片_20240115110913.jpg
      ᠶᠤᠰᠤᠯᠠᠯ ᠳᠤ᠂ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠨᠢ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠰᠦᠯᠳᠡ ᠲᠠᠭᠤᠤ ᠶᠢ ᠬᠦᠭᠵᠢᠮᠳᠡᠨ ᠲᠠᠭᠤᠯᠠᠵᠦ᠂ ᠲᠦᠪ ᠬᠢᠴᠢᠶᠡᠩᠭᠦᠢ ᠠᠭᠤᠷ ᠠᠮᠢᠰᠬᠤᠯ ᠤᠨ ᠲᠤᠮᠳᠠ ᠲᠤᠰ ᠣᠳᠠᠭ᠎ᠠ ᠶᠢᠨ ᠠᠵᠢᠯᠯᠠᠭ᠎ᠠ ᠶᠢᠨ ᠬᠦᠰᠢᠭᠡ ᠶᠢ ᠰᠡᠬᠦᠪᠡ᠃ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠬᠤᠰᠢᠭᠤ ᠲᠡᠳ᠋ ᠲᠠᠷᠤᠭ᠎ᠠ᠂ ᠬᠤᠰᠢᠭᠤᠨ ᠤ ᠲᠤᠳᠤᠭᠠᠳᠦ ᠶᠢ ᠬᠠᠮᠠᠭᠠᠯᠠᠬᠤ ᠲᠤᠪᠴᠢᠶ᠎ᠡ ᠶᠢᠨ ᠨᠠᠮ  ᠤᠨ ᠬᠤᠷᠢᠶ᠎ᠠ ᠶᠢᠨ ᠱᠦᠵᠢ᠂ ᠲᠤᠪᠴᠢᠶᠠᠨ ᠲᠠᠷᠤᠭ᠎ᠠ ᠵᠤᠤ ᠯᠢᠶᠠᠩ ᠶᠠᠷᠢᠶ᠎ᠠ ᠲᠠᠯᠪᠢᠵᠦ᠂ ᠲᠤᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠢ ᠲᠦᠯᠦᠭᠡᠯᠡᠵᠦ᠂ ᠪᠦᠬᠦᠶᠢᠯᠡ ᠠᠷᠠᠳ ᠤᠨ ᠴᠠᠭᠳᠠᠭ᠎ᠠ ᠳᠤ ᠪᠠᠶᠠᠷ ᠤᠨ ᠡᠳᠦᠷ  ᠤᠨ ᠮᠡᠨᠳᠦᠴᠢᠯᠡᠯ ᠲᠡᠪᠰᠢᠭᠦᠯᠬᠦ ᠶᠢᠨ ᠬᠠᠮᠳᠦ ᠦᠩᠭᠡᠷᠡᠭᠰᠡᠨ ᠨᠢᠭᠡ ᠵᠢᠯ ᠳᠤ᠂ ᠬᠤᠰᠢᠭᠤ ᠨᠠᠮ ᠤᠨ ᠬᠤᠷᠢᠶ᠎ᠠ ᠵᠠᠰᠠᠭ  ᠤᠨ ᠤᠷᠳᠤᠨ ᠪᠠ ᠬᠤᠳᠠ ᠶᠢᠨ ᠲᠤᠪᠴᠢᠶ᠎ᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠲᠤᠤᠷ᠎ᠠ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠲᠤᠳᠤᠭᠠᠳᠦ ᠶᠢ ᠬᠠᠮᠠᠭᠠᠯᠠᠬᠤ ᠪᠦᠬᠦ ᠠᠷᠠᠳ ᠤᠨ ᠴᠠᠭᠳᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠦ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠰᠤᠷᠭᠠᠯ ᠤᠨ ᠵᠤᠷᠢᠭ ᠰᠠᠨᠠᠭ᠎ᠠ ᠶᠢ ᠦᠨᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠡᠷᠡᠯᠬᠡᠭᠯᠡᠨ ᠤᠷᠤᠭᠰᠢᠯᠠᠵᠦ᠂ ᠪᠦᠬᠦ ᠬᠤᠰᠢᠭᠤᠨ ᠤ ᠤᠯᠤᠰ ᠲᠦᠷᠦ ᠶᠢᠨ ᠠᠮᠤᠷ ᠲᠦᠪᠰᠢᠨ ᠪᠠ ᠨᠡᠶᠢᠬᠡᠮ ᠤᠨ ᠶᠡᠭᠡ ᠲᠠᠯ᠎ᠠ ᠶᠢᠨ ᠲᠤᠭᠳᠠᠭᠤᠨ ᠢ ᠬᠠᠮᠠᠭᠠᠯᠠᠪᠠ ᠬᠡᠰᠡᠨ ᠪᠠᠶᠢᠨ᠎ᠠ᠃
微信图片_20240115110948.jpg
      ᠠᠵᠢᠯᠯᠠᠭ᠎ᠠ ᠶᠢᠨ ᠲᠤᠮᠳᠠ᠂ ᠴᠠᠭᠳᠠᠭ᠎ᠠ ᠶᠢᠨ ᠲᠠᠩᠭᠠᠷᠢᠭ ᠤᠨ ᠦᠬᠡᠰ ᠢ ᠲᠠᠬᠢᠨᠳᠠ ᠤᠩᠰᠢᠵᠦ᠂ ᠤᠭ ᠰᠠᠨᠠᠭ᠎ᠠ ᠪᠠᠨ ᠦᠯᠦ ᠮᠠᠷᠳᠠᠨ᠃ ᠡᠭᠦᠷᠭᠡ ᠬᠠᠷᠢᠭᠤᠴᠠᠯᠭ᠎ᠠ ᠪᠠᠨ ᠪᠠᠳᠦ ᠴᠡᠭᠡᠵᠢᠯᠡᠬᠦ ᠡᠷᠡᠰ ᠪᠠᠳᠦ ᠲᠠᠩᠭᠠᠷᠢᠭ ᠢᠶᠠᠨ ᠲᠤᠰᠠᠯᠠᠬᠤ ᠴᠠᠭᠳᠠᠭ᠎ᠠ ᠲᠠᠶᠢᠰᠠᠨ ᠳᠤ ᠭᠠᠷᠴᠦ ᠰᠤᠷᠭᠤᠭ ᠴᠡᠴᠡᠭ ᠬᠦᠯᠢᠶᠡᠨ ᠠᠪᠴᠦ᠂ ᠰᠢᠨ᠎ᠡ ᠴᠠᠭᠳᠠᠭ᠎ᠠ᠂ ᠢᠷᠠᠭᠤ ᠠᠯᠳᠠᠷᠳᠠᠢ ᠪᠠᠷ ᠨᠠᠰᠤᠨ ᠤ ᠠᠮᠠᠷᠠᠯᠳᠠ ᠪᠠᠨ ᠠᠪᠤᠭᠰᠠᠨ ᠠᠷᠠᠳ ᠤᠨ ᠴᠠᠭᠳᠠᠭ᠎ᠠ ᠵᠢᠴᠢ30 ᠵᠢᠯ ᠠᠵᠢᠯᠯᠠᠭᠰᠠᠨ ᠠᠷᠠᠳ ᠤᠨ ᠴᠠᠭᠳᠠᠭ᠎ᠠ ᠶᠢᠨ ᠲᠦᠯᠦᠭᠡᠯᠡᠭᠴᠢ ᠶᠠᠷᠢᠶ᠎ᠠ ᠲᠠᠯᠪᠢᠵᠦ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ  ᠤ ᠲᠤᠳᠤᠭᠠᠳᠦ ᠶᠢ ᠬᠠᠮᠠᠭᠠᠯᠠᠬᠤ ᠰᠢᠨ᠎ᠡ ᠨᠢᠭᠡ ᠦᠶ᠎ᠡ ᠶᠢᠨ ᠵᠠᠯᠠᠭᠤ ᠠᠷᠠᠳ ᠤᠨ ᠴᠠᠭᠳᠠᠭ᠎ᠠ ᠶᠢᠨ ᠴᠤᠭ ᠵᠢᠪᠬᠤᠭ᠎ᠠ  ᠶᠢ ᠢᠯᠡᠷᠡᠭᠦᠯᠪᠡ᠃      ᠠᠵᠢᠯᠯᠠᠭ᠎ᠠ ᠶᠢᠨ ᠲᠤᠮᠳᠠ ᠪᠠᠰᠠ ᠴᠠᠭᠳᠠᠭᠠᠨ ᠤ ᠠᠵᠢᠯ ᠳᠤ30 ᠵᠢᠯ ᠭᠠᠪᠰᠢᠭᠠᠶᠢᠷᠠᠵᠦ ᠪᠠᠶᠢᠭ᠎ᠠ ᠠᠷᠠᠳ ᠤᠨ ᠴᠠᠭᠳᠠᠭ᠎ᠠ ᠪᠤᠯᠤᠨ ᠤᠳᠠᠯ ᠦᠭᠡᠢ ᠠᠵᠢᠯ ᠠᠴᠠ ᠪᠠᠨ ᠠᠮᠠᠷᠠᠬᠤ ᠭᠡᠵᠦ ᠪᠠᠶᠢᠭ᠎ᠠ ᠠᠷᠠᠳ ᠤᠨ ᠴᠠᠭᠳᠠᠭ᠎ᠠ ᠳᠤ ᠲᠤᠷᠠᠰᠬᠠᠯ ᠤᠨ ᠲᠡᠮᠳᠡᠭ ᠤᠯᠭᠤᠵᠦ᠂ ᠲᠤᠰᠠᠯᠠᠬᠤ ᠴᠠᠭᠳᠠᠭ᠎ᠠ ᠶᠢᠨ ᠲᠦᠯᠦᠭᠡᠯᠡᠭᠴᠢᠳ ᠲᠤ ᠴᠠᠭᠳᠠᠭᠠᠨ ᠤ ᠪᠠᠶᠠᠷ  ᠤᠨ ᠲᠤᠷᠠᠰᠬᠠᠯ ᠤᠨ ᠡᠳ᠋ ᠭᠠᠷᠳᠠᠭᠤᠯᠵᠠᠢ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号