ᠤᠮᠠᠷᠠᠳᠦ ᠬᠢᠯᠢ ᠶᠢᠨ ᠰᠤᠶᠤᠯ ᠰᠢᠷᠢᠰ ᠨᠡᠪᠳᠡᠷᠡᠭᠦᠯᠭᠡ — ᠲᠠᠶᠠᠭᠠᠷ ᠲᠤ ᠲᠠᠭᠠᠰᠢᠶᠠᠭᠳᠠᠭᠰᠠᠨ ︽ᠲᠠᠶᠠᠩ ︾ ᠨᠠᠶᠢᠷᠠᠯ ᠲᠠᠭᠤᠤ ᠶᠢᠨ ᠪᠦᠯᠬᠦᠮ
ᠨᠡᠶᠢᠲᠡᠯᠡᠭᠰᠡᠨ ᠴᠠᠭ᠄
2024/1/11
      ᠪᠤᠭᠤᠳᠦ ᠬᠤᠳᠠ ᠶᠢᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ︽ᠲᠠᠶᠠᠩ︾ ᠨᠠᠶᠢᠷᠠᠯ ᠲᠠᠭᠤᠤ  ᠶᠢᠨ ᠪᠦᠯᠬᠦᠮ ᠨᠢ2023 ᠤᠨ ᠤ4 ᠰᠠᠷ᠎ᠠ ᠳᠤ ᠢᠦᠢ ᠫᠢᠩ ᠨᠦᠬᠦᠷ ᠤᠨ ᠰᠠᠨᠠᠭᠠᠴᠢᠯᠠᠭ᠎ᠠ ᠪᠠᠷ ᠪᠠᠶᠢᠭᠤᠯᠤᠭᠳᠠᠭᠰᠠᠨ ᠮᠠᠨ ᠤ ᠬᠤᠰᠢᠭᠤᠨ ᠤ ᠲᠠᠭᠤᠤ ᠤᠷᠠᠯᠢᠭ ᠲᠤ ᠪᠠᠭ᠋ᠠᠳᠠᠢ ᠠᠵᠢᠯ ᠠᠴᠠ ᠪᠠᠨ ᠠᠮᠠᠷᠠᠭᠰᠠᠨ ᠠᠵᠢᠯᠳᠠᠨ ᠠᠵᠢᠯᠳᠠᠨ ᠠᠵᠢᠯᠴᠢᠨ ᠢᠶᠠᠷ ᠪᠦᠷᠢᠯᠳᠦᠭᠰᠡᠨ ᠨᠠᠶᠢᠷᠠᠯ ᠲᠠᠭᠤᠤ ᠶᠢᠨ ᠪᠦᠯᠬᠦᠮ ᠪᠤᠯᠬᠤ ᠶᠤᠮ᠃ ᠡᠨᠡᠬᠦ ᠪᠦᠯᠬᠦᠮ ᠨᠢ ᠡᠬᠢᠯᠡᠵᠦ ᠪᠠᠶᠢᠭᠤᠯᠤᠭᠳᠠᠬᠤ ᠳᠤ ᠪᠠᠨ ᠡᠯ᠎ᠡ ᠲᠦᠷᠦᠯ ᠤᠨ ᠠᠵᠢᠯ ᠮᠡᠷᠭᠡᠵᠢᠯ ᠢᠶᠠᠷ ᠬᠢᠯᠠᠷᠠᠭᠠᠵᠦ ᠶᠠᠪᠤᠭᠰᠠᠨ ᠲᠠᠭᠤᠤ ᠤᠷᠠᠯᠢᠭ  ᠲᠤ ᠪᠠᠭ᠋ᠠᠳᠠᠢ ᠠᠵᠢᠯ ᠠᠴᠠ ᠪᠠᠨ ᠠᠮᠠᠷᠠᠭᠰᠠᠨ ᠭᠤᠴᠢᠭᠠᠳ ᠬᠦᠮᠦᠨ ᠢᠶᠠᠷ ᠪᠦᠷᠢᠯᠳᠦᠵᠦ᠂ ᠠᠭᠠᠵᠢᠮ ᠢᠶᠠᠷ ᠡᠨᠡᠬᠦ ᠡᠩᠨᠡᠭᠡ ᠨᠢ ᠦᠷᠭᠡᠵᠢᠨ ᠣᠳᠣᠬᠠᠨ ᠳᠤ ᠨᠠᠶ᠎ᠠ ᠭᠠᠷᠤᠢ ᠬᠡᠰᠢᠬᠦᠨ ᠲᠠᠢ ᠪᠤᠯᠤᠭᠰᠠᠨ ᠪᠦᠭᠡᠳ ᠨᠠᠶᠢᠷᠠᠯ ᠲᠠᠭᠤᠤ ᠶᠢᠨ ᠮᠡᠷᠭᠡᠵᠢᠯ ᠤᠨ ᠲᠦᠪᠰᠢᠨ ᠢᠶᠠᠨ ᠲᠡᠭᠡᠭᠰᠢᠯᠡᠭᠦᠯᠬᠦ ᠶᠢᠨ ᠲᠦᠯᠦᠭᠡ ᠦᠪᠦᠷ ᠮᠤᠩᠭᠤᠯ ᠤᠨ ᠦᠨᠳᠦᠰᠦᠳᠡᠨ ᠤ ᠵᠦᠴᠦᠭᠡ  ᠶᠢᠨ ᠬᠦᠷᠢᠶᠡᠯᠡᠩ ᠤᠨ ᠤᠯᠤᠰ ᠤᠨ ᠨᠢᠭᠡᠳᠦᠭᠡᠷ ᠲᠡᠰ ᠤᠨ ᠲᠤᠭᠯᠠᠭᠴᠢ ᠡᠥ ᠴᠢᠩ ᠮᠢᠩ ᠪᠠᠭᠰᠢ ᠶᠢ ᠤᠷᠢᠵᠦ᠂ ᠮᠡᠷᠭᠡᠵᠢᠯ ᠤᠨ ᠵᠢᠯᠤᠭᠤᠳᠤᠯᠭ᠎ᠠ ᠬᠢᠯᠭᠡᠭᠰᠡᠨ ᠢᠶᠠᠷ ᠬᠠᠭᠠᠰ ᠵᠢᠯ ᠭᠠᠷᠤᠢ ᠶᠢᠨ ᠬᠤᠭᠤᠴᠠᠭᠠᠨ ᠳᠤ ᠲᠤᠮᠤᠬᠠᠨ ᠠᠮᠵᠢᠯᠳᠠ ᠤᠯᠤᠭᠰᠠᠨ ᠪᠠᠶᠢᠭᠰᠠᠨ ᠦᠪᠡᠷ ᠤᠨ ᠲᠤᠷ᠎ᠠ ᠰᠤᠨᠢᠷᠬᠠᠯ ᠲᠠᠢ ᠠᠵᠢᠯ ᠦᠢᠯᠡᠰ ᠢᠶᠠᠨ ᠡᠬᠢᠯᠡᠭᠦᠯᠬᠦ ᠠᠯᠳᠠᠨ ᠪᠤᠯᠤᠮᠵᠢ  ᠲᠠᠢ ᠪᠤᠯᠳᠠᠭ ᠤᠴᠢᠷᠳᠠᠢ᠃
微信图片_20240115110820.jpg
      ᠶᠠᠭ ᠡᠭᠦᠨᠴᠢᠯᠡᠨ ᠡᠳᠡᠭᠡᠷ ᠠᠵᠢᠯ ᠠᠴᠠ ᠪᠠᠨ ᠠᠮᠠᠷᠠᠭᠰᠠᠨ ᠨᠠᠶᠠ ᠭᠠᠷᠤᠢ ᠬᠦᠮᠦᠰ ᠮᠠᠨᠢ ᠲᠠᠭᠤᠤ ᠤᠷᠠᠯᠢᠭ  ᠲᠤ ᠪᠠᠭ᠋ᠠᠳᠠᠢ ᠲᠤᠷ᠎ᠠ ᠰᠤᠨᠢᠷᠬᠠᠯ ᠢᠶᠠᠷ ᠢᠶᠠᠨ ᠨᠢᠭᠡᠨ ᠲᠢᠩᠬᠢᠮ ᠳᠤ ᠴᠤᠭᠯᠠᠷᠠᠵᠦ᠂ ᠡᠬᠡ ᠤᠯᠤᠰ ᠤᠨ ᠤᠮᠠᠷᠠᠳᠦ ᠬᠢᠵᠠᠭᠠᠷ ᠤᠨ ᠲᠠᠯ᠎ᠠ ᠨᠤᠳᠤᠭ ᠤᠨ ᠰᠤᠶᠤᠯ ᠤᠨ ᠬᠤᠷᠴᠠ ᠲᠤᠳᠤ ᠦᠩᠭᠡ ᠪᠤᠳᠤᠭ ᠢ ᠰᠡᠳᠬᠢᠯ ᠵᠢᠷᠦᠬᠡᠨ ᠠᠴᠠ ᠪᠠᠨ ᠲᠠᠯᠠᠷᠬᠠᠭᠰᠠᠨ ᠬᠤᠪᠢᠰᠬᠠᠯᠳᠦ ᠲᠠᠭᠤᠤ ᠨᠤᠭᠤᠳ ᠢᠶᠠᠨ ᠰᠤᠨᠤᠰᠤᠭᠴᠢ ᠲᠦᠮᠡᠨ ᠤ ᠪᠠᠨ ᠠᠯᠳᠠᠨ ᠰᠤᠨᠤᠷ ᠲᠤ ᠬᠦᠷᠭᠡᠵᠦ ᠪᠠᠶᠢᠨ᠎ᠠ᠃
微信图片_20240115110828.jpg
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号