ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠤ ᠵᠡᠭᠦᠦ ᠵᠠᠰᠠᠯ  ᠤᠨ ᠰᠠᠯᠠᠭ᠎ᠠ ᠠᠯᠪᠠᠨ ᠵᠢᠷᠤᠮ ᠤᠨ ᠡᠮᠴᠢᠯᠡᠭᠡᠨ ᠦᠷᠨᠢᠭᠦᠯᠵᠦ ᠪᠤᠢ
ᠨᠡᠶᠢᠲᠡᠯᠡᠭᠰᠡᠨ ᠴᠠᠭ᠄
2024/1/15
      1 ᠰᠠᠷ᠎ᠠ ᠶᠢᠨ15 ᠤ ᠡᠳᠦᠷ ᠠᠴᠠ19 ᠤ ᠡᠳᠦᠷ ᠪᠤᠯᠳᠠᠯ᠎ᠠ᠂ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠤ ᠵᠡᠭᠦᠦ ᠵᠠᠰᠠᠯ ᠤᠨ ᠰᠠᠯᠠᠭ᠎ᠠ ᠬᠦᠴᠢᠷᠳᠡᠯᠳᠡᠢ ᠤᠰᠢᠭᠤᠨ ᠤ ᠮᠤᠩᠭᠤᠯ ᠡᠮᠨᠡᠯᠭᠡ ᠮᠠᠯᠴᠢᠨ ᠲᠠᠷᠢᠶᠠᠴᠢᠳ ᠲᠤ ᠬᠠᠨᠳᠤᠭᠤᠯᠤᠨ ᠠᠯᠪᠠᠨ ᠵᠢᠷᠤᠮ ᠤᠨ ᠡᠮᠴᠢᠯᠡᠭᠡᠨ ᠦᠷᠨᠢᠭᠦᠯᠵᠦ ᠪᠠᠶᠢᠨ᠎ᠠ᠃      ᠲᠤᠰ ᠣᠳᠠᠭᠠᠨ ᠤ ᠠᠯᠪᠠᠨ ᠵᠢᠷᠤᠮ ᠤᠨ ᠡᠮᠴᠢᠯᠡᠭᠡᠨ ᠨᠢ ᠭᠤᠤᠯᠳᠠᠭᠤ ᠮᠠᠯᠴᠢᠨ ᠲᠠᠷᠢᠶᠠᠴᠢᠳ ᠤᠨ ᠲᠠᠭᠠᠷᠠᠵᠦ ᠪᠡᠭᠡᠷᠡᠭᠰᠡᠨ ᠠᠴᠠ ᠪᠤᠯᠤᠭᠰᠠᠨ ᠦᠶ᠎ᠡ ᠬᠡᠰᠢᠬᠦᠦ ᠡᠪᠡᠳᠬᠦ᠂ ᠲᠤᠯᠠᠢ ᠡᠪᠡᠳᠴᠢᠨ᠂ ᠰᠠᠷ᠎ᠠ ᠶᠢᠨ ᠭᠬᠢᠷ ᠬᠤᠷᠢᠶᠠᠭᠳᠠᠬᠤ ᠵᠡᠷᠭᠡ ᠡᠪᠡᠳᠴᠢᠨ ᠳᠤ ᠬᠠᠳᠤᠭᠤᠯᠤᠭᠰᠠᠨ ᠡᠮᠴᠢᠯᠡᠭᠡ ᠪᠤᠯᠤᠨ᠎ᠠ᠃
      ᠠᠬᠤᠢ ᠲᠠᠯᠠᠪᠠᠢ ᠳᠤ᠂ ᠮᠤᠩᠭᠤᠯ ᠡᠮᠨᠡᠯᠭᠡ ᠶᠢᠨ ᠬᠤᠷᠢᠶᠠᠨ ᠤ ᠵᠡᠭᠦᠦ ᠵᠠᠰᠠᠯ ᠤᠨ ᠰᠠᠯᠠᠭ᠎ᠠ ᠶᠢᠨ ᠡᠮᠴᠢ ᠨᠠᠷ ᠡᠪᠡᠳᠴᠢᠳᠡᠨ ᠤ ᠪᠡᠶ᠎ᠡ ᠶᠢᠨ ᠪᠠᠶᠢᠳᠠᠯ ᠢ ᠨᠠᠷᠢᠨ ᠨᠢᠮᠪᠠᠢ ᠤᠶᠢᠯᠠᠭᠠᠨ᠂ ᠲᠤᠰᠬᠠᠢ ᠮᠡᠷᠭᠡᠵᠢᠯ ᠲᠠᠢ ᠤᠶᠠᠯᠳᠤᠭᠤᠯᠤᠨ ᠲᠡᠳᠡᠨ ᠳᠤ ᠵᠦᠢ ᠵᠤᠬᠢᠰᠳᠠᠢ ᠤᠨᠤᠰᠢᠯᠠᠨ ᠡᠮᠨᠡᠬᠦ ᠰᠠᠨᠠᠭᠤᠯᠭ᠎ᠠ ᠦᠭᠬᠦ ᠶᠢᠨ ᠬᠠᠮᠳᠦ ᠮᠦᠩᠬᠦᠨ ᠵᠡᠭᠦᠦ ᠬᠠᠳᠬᠤᠬᠤ᠂ ᠰᠤᠶᠢᠬᠠᠨ ᠲᠦᠭᠡᠨᠡᠬᠦ᠂ ᠰᠢᠨᠳᠠ ᠲᠤᠰᠤ ᠪᠠᠷ ᠢᠯᠡᠬᠦ ᠵᠡᠷᠭᠡ ᠡᠮᠴᠢᠯᠡᠭᠡ ᠬᠢᠵᠦ ᠦᠭᠬᠦᠭᠰᠡᠨ ᠪᠠᠶᠢᠨ᠎ᠠ᠃      ᠲᠤᠰ ᠣᠳᠠᠭᠠᠨ ᠤ ᠠᠯᠪᠠᠨ ᠵᠢᠷᠤᠮ ᠤᠨ ᠡᠮᠴᠢᠯᠡᠭᠡᠨ ᠨᠢ᠂ ᠮᠠᠯᠴᠢᠨ ᠲᠠᠷᠢᠶᠠᠴᠢᠳ ᠤᠨ ᠡᠪᠡᠳᠴᠢᠨ ᠢᠶᠠᠨ ᠦᠵᠡᠭᠦᠯᠬᠦ ᠳᠤ ᠪᠡᠷᠭᠡ ᠪᠠᠶᠢᠳᠠᠯ ᠢ ᠰᠢᠢᠳᠪᠦᠷᠢᠯᠡᠨ᠂ ᠲᠡᠳᠡᠨ ᠤ ᠦᠪᠡᠷ ᠢ ᠪᠠᠨ ᠡᠷᠡᠵᠢᠭᠦᠯᠬᠦ ᠤᠬᠠᠮᠰᠠᠷ ᠪᠠ ᠡᠷᠡᠭᠦᠯ ᠮᠡᠨᠳᠦ ᠶᠢᠨ ᠬᠢᠷᠢ ᠲᠦᠪᠰᠢᠨ ᠢ ᠨᠢ ᠲᠡᠭᠡᠭᠰᠢᠯᠡᠭᠦᠯᠵᠦ᠂ ᠲᠡᠳᠡᠨ ᠳᠤ ᠲᠦᠭᠦᠮ ᠲᠦᠳᠡ ᠡᠮ ᠡᠮᠨᠡᠯᠭᠡ ᠶᠢᠨ ᠦᠢᠯᠡᠴᠢᠯᠡᠭᠡ ᠬᠠᠩᠭᠠᠭᠰᠠᠨ ᠪᠠᠶᠢᠨ᠎ᠠ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号