| | | ᠰᠤᠷᠪᠤᠯᠵᠢᠯᠠᠭᠰᠠᠨ ᠵᠣᠴᠢᠨ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶᠠᠨ ᠤ ᠲᠣᠪᠴᠢᠶᠠᠨ ᠳᠠᠷᠤᠭ᠎ᠠ ᠵᠠᠩ ᠵᠧᠨ ᠵᠢᠶᠦ᠋ᠨ᠃ | ᠰᠤᠷᠪᠤᠯᠵᠢᠯᠠᠭᠰᠠᠨ ᠴᠠᠭ ᠄ 2023 ᠣᠨ ᠤ 12 ᠰᠠᠷ᠎ᠠ ᠶᠢᠨ 5 ᠤ ᠡᠳᠦᠷ | ᠬᠥᠲᠥᠯᠥᠭᠴᠢ᠄ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ 2023 ᠣᠨ ᠳᠤ ᠶᠠᠮᠠᠷ ᠶᠠᠮᠠᠷ ᠲᠤᠬᠠᠶᠢᠯᠠᠭᠰᠠᠨ ᠠᠵᠢᠯ ᠥᠷᠨᠢᠭᠦᠯᠦᠭᠰᠡᠨ ᠪᠣᠶ︖ | ᠵᠣᠴᠢᠨ᠄ | ︵ᠨᠢᠭᠡ︶ ᠴᠢᠬᠤᠯᠠ ᠶᠡᠭᠡ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠪᠦᠬᠦ ᠬᠦᠴᠦᠨ ᠢᠶᠠᠷ ᠢᠶᠠᠨ | ᠠᠬᠢᠭᠤᠯᠵᠤ᠂ ᠲᠥᠷᠥᠯ ᠵᠦᠢᠯ ᠢ ᠪᠣᠳᠠᠲᠠᠶᠢᠵᠢᠭᠤᠯᠤᠨ ᠠᠵᠢᠯ ᠡᠬᠢᠯᠡᠭᠦᠯᠬᠦ ᠶᠢ ᠪᠠᠲᠤᠯᠠᠪᠠ ᠃ ᠡᠨᠡ | ᠵᠢᠯ ᠭᠤᠣᠯᠳᠠᠯᠭ᠎ᠠ ᠲᠠᠢ ᠲᠥᠷᠥᠯ ᠵᠦᠢᠯ ᠳᠤ ᠭᠠᠵᠠᠷ ᠬᠡᠷᠡᠭᠯᠡᠬᠦ ᠭᠠᠷᠳᠠᠮ ᠢ ᠦᠷᠭᠦᠯᠵᠢᠯᠡᠨ ᠲᠦᠯᠬᠢᠨ | ᠠᠬᠢᠭᠤᠯᠬᠤ ᠪᠠᠷ ᠠᠵᠢᠯ ᠤᠨ ᠭᠤᠣᠯᠳᠠᠯᠭ᠎ᠠ ᠪᠣᠯᠭᠠᠨ᠂ ᠵᠢᠯ ᠤᠨ ᠡᠬᠢᠨ ᠳᠤ ᠠᠵᠢᠯ ᠤᠨ ᠠᠷᠭ᠎ᠠ ᠬᠡᠮᠵᠢᠶ᠎ᠡ | ᠲᠣᠭᠲᠠᠭᠠᠵᠤ᠂ ᠠᠵᠢᠯ ᠤᠨ ᠲᠤᠰᠬᠠᠶ ᠠᠩᠭᠢ ᠪᠠᠶᠢᠭᠤᠯᠤᠨ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ | ᠦᠢᠯᠡᠴᠢᠯᠡᠵᠦ᠂ ᠬᠥᠭᠵᠢᠭᠦᠯᠦᠯᠲᠡ ᠥᠭᠡᠷᠡᠴᠢᠯᠡᠯᠲᠡ᠂ ᠵᠠᠮ ᠬᠠᠷᠢᠯᠴᠠᠭ᠎ᠠ᠂ ᠣᠶ ᠰᠢᠭᠤᠶ ᠨᠤᠲᠤᠭ ᠪᠡᠯᠴᠢᠭᠡᠷ ᠵᠡᠷᠭᠡ | ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠥᠮᠴᠢᠲᠡᠨ ᠨᠢᠭᠡᠴᠡ ᠯᠦᠭᠡ ᠨᠢᠭᠲᠠ ᠨᠡᠪᠲᠡᠷᠡᠯᠴᠡᠨ ᠬᠠᠷᠢᠯᠴᠠᠵᠤ᠂ ︽ | ᠨᠢᠭᠡ ᠳᠤ ᠬᠠᠨᠳᠤᠬᠤ ︾ ᠦᠢᠯᠡᠴᠢᠯᠡᠭᠡ ᠶᠢ ᠴᠠᠭ ᠲᠤᠬᠠᠶ ᠳᠤᠨᠢ ᠬᠠᠩᠭᠠᠵᠤ᠂ | ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠨ ᠮᠡᠳᠡᠭᠦᠯᠬᠦ ᠶᠢ ᠡᠩ ᠲᠡᠷᠢᠭᠦᠨ ᠳᠤ ᠪᠠᠶᠢᠯᠭᠠᠬᠤ᠂ | ᠬᠢᠨᠠᠨ ᠪᠠᠶᠢᠴᠠᠭᠠᠬᠤ ᠶᠢ ᠡᠩ ᠲᠡᠷᠢᠭᠦᠨ ᠳᠤ ᠪᠠᠶᠢᠯᠭᠠᠬᠤ᠂ ᠮᠡᠳᠡᠭᠦᠯᠬᠦ ᠶᠢᠨ ᠳᠠᠭᠠᠤ ᠬᠢᠨᠠᠬᠤ ᠶᠢ ᠬᠡᠷᠡᠭᠵᠢᠭᠦᠯᠦᠨ᠂ | ᠭᠤᠣᠯᠳᠠᠯᠭ᠎ᠠ ᠲᠠᠢ ᠲᠥᠷᠥᠯ ᠵᠦᠢᠯ ᠤᠨ ᠭᠠᠵᠠᠷ ᠰᠢᠷᠣᠶ ᠶᠢᠨ ᠭᠠᠷᠳᠠᠮ ᠢ ᠭᠦᠢᠴᠡᠳᠬᠡᠬᠦ ᠶᠠᠪᠤᠳᠠᠯ ᠢ ᠱᠠᠲᠤ | ᠳᠠᠷᠠᠭᠠᠯᠠᠨ ᠲᠦᠯᠬᠢᠨ ᠠᠬᠢᠭᠤᠯᠪᠠ ᠃ ᠣᠳᠣᠬᠠᠨ ᠳᠤ᠂ ᠮᠠᠨ ᠤ ᠬᠤᠰᠢᠭᠤᠨ ᠤ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ 57 ᠴᠢᠬᠤᠯᠠ ᠶᠡᠭᠡ ᠲᠥᠷᠥᠯ ᠵᠦᠢᠯ ᠤᠨ ᠭᠠᠵᠠᠷ ᠬᠡᠷᠡᠭᠯᠡᠬᠦ ᠭᠠᠷ ᠭᠦᠢᠴᠡᠳᠬᠡᠯ ᠢ | ᠪᠦᠬᠦᠨ ᠢ ᠬᠢᠵᠦ ᠳᠠᠭᠤᠰᠬᠠᠪᠠ᠃ | ︵ᠬᠤᠶᠠᠷ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠰᠢᠰᠲ᠋ᠧᠮ ᠢ | ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢᠨ ᠲᠣᠯᠣᠭᠠᠶᠢᠯᠠᠭᠴᠢ ᠦᠢᠯᠡᠳᠦᠯ ᠢ | ᠪᠠᠳᠠᠷᠠᠭᠤᠯᠪᠠ ᠃ ᠨᠢᠭᠡ ᠳᠤ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ︵2021-2035︶︾ ᠶᠢ | ᠬᠢᠨᠠᠨ ᠵᠥᠪᠰᠢᠶᠡᠷᠡᠬᠦ ᠶᠢ ᠲᠦᠷᠭᠡᠳᠬᠡᠨ ᠠᠬᠢᠭᠤᠯᠪᠠ ᠃ ᠲᠠᠰ ᠳᠠᠷᠠᠭᠠᠯᠠᠯ ᠤᠨ ᠱᠠᠭᠠᠷᠳᠠᠯᠭ᠎ᠠ | ᠶᠣᠰᠣᠭᠠᠷ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠶᠡᠷᠦᠩᠬᠡᠶ ᠲᠥᠯᠥᠪᠵᠢᠭᠦᠯᠭᠡ ︵2021-2035︶︾ ᠶᠢ ᠣᠲᠣ ᠨᠢᠭᠡᠨᠲᠡ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠂ ᠥᠪᠡᠷᠲᠡᠭᠡᠨ ᠵᠠᠰᠠᠬᠤ | ᠣᠷᠣᠨ ᠬᠢᠨᠠᠨ ᠪᠠᠢᠴᠠᠭᠠᠨ ᠨᠤᠲᠠᠯᠠᠵᠤ ᠂ ᠴᠣᠬᠤᠯᠠᠪᠤᠷᠢᠯᠠᠬᠤ ᠶᠢ ᠬᠦᠯᠢᠶᠡᠵᠦ | ᠪᠠᠶᠢᠨ᠎ᠠ᠃ ᠬᠤᠶᠠᠷ ᠲᠤ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ | ᠠᠬᠢᠭᠤᠯᠪᠠ ᠃ ᠬᠤᠲᠠ ᠶᠢᠨ ᠲᠣᠪᠴᠢᠶᠠᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ 61 | ᠵᠠᠰᠠᠭ ᠵᠠᠬᠢᠷᠭᠠᠨ ᠤ ᠲᠣᠰᠬᠤᠨ ᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ | ᠪᠡᠶᠡᠯᠡᠭᠦᠯᠪᠡ᠃ ᠭᠤᠷᠪᠠ ᠳᠤ ᠰᠤᠮᠤ ᠰᠢᠶᠠᠩ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠨ ᠠᠬᠢᠭᠤᠯᠪᠠ ᠃ | ᠳᠠᠭᠠᠭᠠᠴᠢᠯᠠᠯᠲᠠ ᠵᠠᠷᠯᠠᠬᠤ ᠪᠠᠷ ᠳᠠᠮᠵᠢᠭᠤᠯᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠤᠶᠠᠷ ᠨᠢᠭᠡᠴᠡ ᠳᠤ | ᠨᠠᠶᠢᠳᠠᠵᠤ ᠪᠠᠶᠠᠠᠠᠤᠪᠤᠭ᠎ᠠ ᠰᠤᠮᠤ᠂ ᠳᠠᠷᠬᠠᠨ ᠰᠤᠮᠤ᠂ ᠴᠠᠭᠠᠨᠬᠠᠳᠠ ᠰᠤᠮᠤ᠂ ᠰᠢ ᠾᠧ | ᠰᠢᠶᠠᠩ᠂ ᠪᠠᠭ᠎ᠠ ᠤᠩᠭᠤᠨ ᠰᠢᠶᠠᠩ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠭᠤᠯᠵᠤ᠂ ᠣᠳᠣᠬᠠᠨ ᠳᠤ ᠨᠢᠭᠡᠨᠲᠡ | ᠨᠠᠶᠢᠷᠠᠭᠤᠯᠤᠨ ᠵᠣᠬᠢᠶᠠᠵᠤ ᠳᠠᠭᠤᠰᠬᠠᠭᠰᠠᠨ ᠪᠥᠭᠡᠳ ᠵᠠᠷᠯᠠᠨ ᠨᠡᠶᠢᠲᠡᠯᠡᠵᠡᠶ᠃ ᠳᠥᠷᠪᠡ ᠳᠤ ᠲᠥᠯᠥᠪᠵᠢᠭᠦᠯᠭᠡ ᠶᠢ | ᠬᠢᠨᠠᠨ ᠵᠥᠪᠰᠢᠶᠡᠷᠡᠬᠦ᠂ ᠬᠠᠮᠢᠶᠠᠷᠬᠤ ᠠᠵᠢᠯ ᠢ ᠦᠨᠡᠨᠬᠦ ᠴᠢᠩᠭᠠᠳᠬᠠᠨ ᠠᠳᠬᠤᠪᠠ᠃ | ᠣᠳᠣᠬᠠᠨ ᠪᠣᠯᠲᠠᠯ᠎ᠠ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ | ᠵᠥᠪᠰᠢᠶᠡᠷᠡᠯ ᠤᠨ ᠦᠨᠡᠮᠯᠡᠯ ᠢ 21 ᠬᠤᠪᠢ ᠬᠢᠨᠠᠨ ᠣᠯᠭᠤᠵᠤ᠂ ᠲᠥᠯᠥᠪᠵᠢᠭᠦᠯᠭᠡ ᠶᠢᠨ ᠬᠡᠷᠡᠭᠯᠡᠬᠦ ᠭᠠᠵᠠᠷ ᠤᠨ | ᠲᠠᠯᠠᠪᠠᠶ ᠨᠢ 162 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠶ᠃ ᠪᠥᠲᠥᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ 17 ᠬᠤᠪᠢ ᠬᠢᠨᠠᠨ ᠣᠯᠭᠤᠵᠤ᠂ ᠪᠥᠲᠥᠭᠡᠨ | ᠪᠠᠶᠢᠭᠤᠯᠤᠯᠲᠠ ᠶᠢᠨ ᠲᠠᠯᠠᠪᠠᠶ 28.65 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠶ᠃ 1 ᠬᠤᠪᠢ | ᠲᠥᠯᠥᠪᠵᠢᠭᠦᠯᠭᠡ ᠶᠢᠨ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠬᠢᠨᠠᠨ ᠬᠠᠷᠭᠤᠭᠤᠯᠵᠤ ᠬᠢᠷᠢ ᠲᠡᠩᠴᠡᠭᠰᠡᠨ | ᠦᠨᠡᠮᠯᠡᠯ ᠢ ᠬᠢᠨᠠᠨ ᠣᠯᠭᠣᠪᠠ ᠃ | ︵ᠭᠤᠷᠪᠠ︶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠮᠡᠳᠡᠭᠦᠯᠦᠨ | ᠵᠥᠪᠰᠢᠶᠡᠷᠡᠭᠦᠯᠬᠦ ᠪᠠ ᠬᠠᠩᠭᠠᠬᠤ ᠶᠢ ᠲᠦᠷᠭᠡᠳᠬᠡᠵᠦ᠂ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ ᠪᠠᠲᠤᠯᠠᠪᠠ ᠃ ᠨᠢᠭᠡ ᠳᠤ ᠭᠠᠵᠠᠷ ᠰᠢᠷᠣᠢ ᠶᠢ ᠤᠷᠢᠳᠴᠢᠯᠠᠨ | ᠬᠢᠨᠠᠬᠤ ᠪᠠ ᠮᠡᠳᠡᠭᠦᠯᠦᠨ ᠵᠥᠪᠰᠢᠶᠡᠷᠡᠭᠦᠯᠬᠦ ᠠᠬᠢᠴᠠ ᠶᠢ ᠲᠦᠷᠭᠡᠳᠬᠡᠪᠡ ᠃ ᠣᠳᠣᠬᠠᠨ | ᠪᠣᠯᠲᠠᠯ᠎ᠠ᠂ 13 ᠭᠠᠵᠠᠷ ᠰᠢᠷᠣᠶ ᠶᠢᠨ ᠤᠷᠢᠳᠴᠢᠯᠠᠨ ᠰᠢᠭᠦᠯᠲᠡ ᠶᠢᠨ ᠲᠥᠷᠥᠯ ᠵᠦᠢᠯ ᠢ ᠣᠯᠤᠭᠰᠠᠨ | ᠪᠠᠶᠢᠨ᠎ᠠ᠃ ᠨᠢᠭᠡᠨᠲᠡ 16 ᠭᠠᠵᠠᠷ ᠰᠢᠷᠣᠶ ᠶᠢᠨ ᠴᠣᠬᠤᠯᠠᠪᠤᠷᠢᠯᠠᠭᠰᠠᠨ ᠲᠦᠷᠦᠯ ᠵᠦᠢᠯ ᠢ ᠣᠯᠵᠤ᠂ ᠶᠡᠷᠦᠩᠬᠡᠶ | ᠲᠠᠯᠠᠪᠠᠶ ᠨᠢ 331.3841 ᠾᠧᠺᠲ᠋ᠠᠷ ᠲᠤ ᠬᠦᠷᠴᠡᠶ᠃ ᠨᠢᠭᠡᠨᠲᠡ ᠳᠡᠭᠡᠭᠰᠢ ᠮᠡᠳᠡᠭᠦᠯᠦᠨ | ᠵᠥᠪᠰᠢᠶᠡᠷᠡᠭᠦᠯᠵᠦ ᠪᠠᠶᠢᠭ᠎ᠠ 21 ᠲᠥᠷᠥᠯ ᠵᠦᠢᠯ ᠤᠨ ᠶᠡᠷᠦᠩᠬᠡᠶ | ᠲᠠᠯᠠᠪᠠᠶ ᠨᠢ 206.8621 ᠾᠧᠺᠲ᠋ᠠᠷ ᠪᠠᠢᠨ᠎ᠠ ᠃ ᠬᠤᠶᠠᠷ ᠲᠤ᠂ ᠮᠠᠨ ᠤ ᠬᠤᠰᠢᠭᠤᠨ ᠤ 2023 | ᠣᠨ ᠤ ᠭᠠᠵᠠᠷ ᠰᠢᠷᠣᠶ ᠶᠢᠨ ᠬᠠᠩᠭᠠᠯᠭ᠎ᠠ ᠶᠢᠨ ᠲᠥᠯᠥᠪᠯᠡᠭᠡ ᠪᠠ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ | ᠲᠥᠯᠥᠪᠯᠡᠭᠡ ᠶᠢ ᠲᠣᠭᠲᠠᠭᠠᠵᠤ᠂ ᠭᠠᠵᠠᠷ ᠬᠠᠩᠭᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠭᠠᠵᠠᠷ ᠬᠠᠩᠭᠠᠬᠤ ᠨᠣᠷᠮ᠎ᠠ ᠪᠠ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ | ᠳᠡᠭᠡᠭᠰᠢᠯᠡᠭᠦᠯᠪᠡ ᠃ ᠣᠳᠣᠬᠠᠨ ᠪᠣᠯᠲᠠᠯ᠎ᠠ᠂ ᠡᠯ᠎ᠡ ᠲᠥᠷᠥᠯ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ 47 ᠭᠡᠰᠡᠭ ᠬᠠᠩᠭᠠᠵᠤ᠂ | ᠶᠡᠷᠦᠩᠬᠡᠶ ᠲᠠᠯᠠᠪᠠᠶ ᠨᠢ 279.8429 ᠾᠧᠺᠲ᠋ᠠᠷ ᠲᠤ ᠬᠦᠷᠴᠡᠶ᠃ ᠭᠤᠷᠪᠠ ᠳᠤ ᠪᠥᠬᠦ ᠠᠷᠠᠳ ᠤᠨ ᠥᠮᠴᠢᠯᠡᠯ ᠤᠨ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠠᠵᠢᠯ ᠢ ᠨᠢᠭᠡᠨᠲᠡ ᠪᠦᠬᠦᠨ ᠢ | ᠳᠠᠭᠤᠰᠬᠠᠵᠤ ᠂ ᠦᠷ᠎ᠡ ᠪᠦᠲᠦᠭᠡᠯ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠢᠨᠠᠨ | ᠰᠢᠯᠭᠠᠯᠳᠠ ᠶᠢ ᠥᠩᠭᠡᠷᠡᠭᠦᠯᠦᠭᠰᠡᠨ ᠪᠥᠭᠡᠳ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠲᠤᠰᠬᠠᠶ | ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠲᠤᠭᠳᠠᠭᠠᠯᠳᠠ ᠶᠢ ᠪᠡᠶᠡᠯᠡᠭᠦᠯᠵᠦ᠂ ᠲᠤᠰᠬᠠᠶ ᠮᠡᠷᠭᠡᠵᠢᠯᠲᠡᠨ ᠤ | ᠳᠤᠭᠤᠶᠢᠯᠠᠩ ᠤᠨ ᠰᠠᠨᠠᠯ ᠢ ᠦᠨᠳᠦᠰᠦᠯᠡᠨ ᠲᠡᠭᠦᠯᠳᠡᠷᠵᠢᠭᠦᠯᠦᠭᠰᠡᠨ ᠪᠥᠭᠡᠳ ᠮᠡᠷᠭᠡᠵᠢᠯ ᠤᠨ ᠮᠡᠳᠡᠭᠦᠯᠦᠯᠲᠡ | ᠪᠣᠯᠣᠨ ᠠᠵᠢᠯ ᠤᠨ ᠮᠡᠳᠡᠭᠦᠯᠦᠯᠲᠡ ᠶᠢ ᠳᠡᠪᠰᠢᠭᠦᠯᠪᠡ᠃ ᠳᠥᠷᠪᠡ ᠳᠤ᠂ ᠢᠳᠡᠪᠬᠢᠲᠡᠶ | ᠲᠡᠮᠡᠴᠡᠬᠦ ᠪᠡᠷ ᠳᠡᠮᠵᠢᠨ᠂ ᠮᠠᠨ ᠤ ᠬᠤᠰᠢᠭᠤ ᠶᠢ ᠬᠥᠳᠡᠭᠡ ᠲᠣᠰᠬᠤᠨ ᠤ ᠬᠠᠮᠲᠤ ᠶᠢᠨ | ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ | ᠲᠤᠷᠰᠢᠯᠲᠠ ᠶᠢᠨ ᠭᠠᠵᠠᠷ ᠣᠷᠣᠨ ᠪᠣᠯᠭᠠᠵᠠᠶ᠃ ᠡᠳᠦᠭᠡ ᠬᠠᠷᠢᠶ᠎ᠠ ᠣᠷᠣᠨ ᠤ ᠳᠣᠲᠣᠷᠠᠬᠢ ᠬᠠᠮᠲᠤ ᠶᠢᠨ | ᠡᠵᠡᠩᠨᠡᠯᠲᠡ ᠶᠢᠨ ᠴᠢᠨᠠᠷᠲᠠᠶ ᠬᠠᠳᠠᠭᠠᠯᠠᠭᠳᠠᠵᠤ ᠪᠠᠶᠢᠭ᠎ᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠪᠠᠶᠢᠳᠠᠯ ᠢ ᠨᠢᠭᠡᠨᠲᠡ ᠲᠣᠳᠣᠷᠬᠠᠶ ᠣᠶᠢᠯᠠᠭᠠᠵᠤ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮᠲᠤ ᠶᠢᠨ | ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ | ᠣᠷᠣᠭᠤᠯᠬᠤ ᠶᠢᠨ ᠬᠡᠷᠡᠭᠵᠢᠭᠦᠯᠬᠦ ᠲᠥᠰᠦᠯ︾ ᠵᠢᠴᠢ ︽ᠵᠠᠬ᠎ᠠ ᠳᠡᠯᠭᠡᠭᠦᠷ ᠲᠤ ᠣᠷᠣᠭᠤᠯᠬᠤ ᠶᠢᠨ ᠵᠢᠯᠣᠭᠤᠳᠬᠤ | ᠠᠷᠭ᠎ᠠ︾ ᠶᠢ ᠳᠠᠷᠤᠮᠠᠯᠯᠠᠨ ᠲᠠᠷᠬᠠᠭᠠᠵᠤ᠂ ᠣᠳᠣᠬᠠᠨ ᠳᠤ ᠭᠠᠵᠠᠷ ᠰᠢᠷᠣᠶ ᠶᠢ ᠵᠠᠬ᠎ᠠ ᠳᠡᠯᠭᠡᠭᠦᠷ ᠲᠤ ᠣᠷᠣᠭᠤᠯᠵᠤ | ᠬᠤᠳᠠᠯᠳᠤᠬᠤ ᠲᠥᠰᠦᠯ ᠢᠶᠠᠨ ᠨᠢᠭᠡᠨᠲᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠵᠡᠢ ᠂ ᠵᠥᠪᠰᠢᠶᠡᠷᠡᠭᠦᠯᠦᠭᠰᠡᠨ ᠤ ᠳᠠᠷᠠᠭ᠎ᠠ ᠪᠤᠭᠤᠲᠤ ᠬᠤᠲᠠ ᠶᠢᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠲᠤ ᠨᠠᠶᠢᠳᠠᠨ ᠫᠠᠶᠢᠰᠠ ᠡᠯᠭᠦᠨ ᠬᠤᠳᠠᠯᠳᠤᠨ᠎ᠠ᠃ | ︵ᠳᠥᠷᠪᠡ︶ ᠨᠢᠭᠡᠳᠦᠯᠲᠡᠶ ᠪᠠᠷ ᠪᠠᠢᠴᠠᠭᠠᠵᠤ ᠡᠷᠬᠡ ᠶᠢ ᠨᠤᠲᠠᠯᠠᠵᠤ ᠳᠠᠩᠰᠠᠯᠠᠵᠤ ᠬᠢᠨᠠᠨ ᠰᠢᠨᠵᠢᠬᠦ ᠠᠵᠢᠯ ᠢ | ᠲᠦᠷᠭᠡᠳᠬᠡᠨ᠂ ᠪᠠᠶᠢᠭᠠᠯᠢ ᠶᠢᠨ ᠡᠬᠢ ᠪᠠᠶᠠᠯᠢᠭ ᠢ ᠵᠠᠰᠠᠬᠤ ᠰᠠᠭᠤᠷᠢ ᠶᠢ ᠪᠠᠬᠢᠵᠢᠭᠦᠯᠪᠡ᠃ ᠨᠢᠭᠡ ᠳᠤ 2022 ᠣᠨ ᠤ | ᠤᠯᠤᠰ ᠤᠨ ᠭᠠᠵᠠᠷ ᠰᠢᠷᠣᠶ ᠶᠢᠨ ᠬᠤᠪᠢᠷᠠᠯᠲᠠ ᠶᠢᠨ ᠪᠠᠶᠢᠴᠠᠭᠠᠯᠲᠠ ᠶᠢᠨ ᠠᠵᠢᠯ ᠢ ᠪᠡᠶᠡᠯᠡᠭᠦᠯᠪᠡ᠃ ᠳ᠋ᠠᠶᠢᠲ᠋ᠠ | ᠬᠥᠮᠥᠷᠭᠡ ᠶᠢ ᠤᠯᠤᠰ ᠠᠴᠠ ᠰᠢᠯᠭᠠᠨ ᠬᠢᠨᠠᠵᠤ ᠳᠠᠬᠢᠨ ᠪᠤᠴᠠᠭᠠᠵᠤ᠂ ᠲᠤᠰ ᠣᠨ ᠤ ᠬᠤᠪᠢᠷᠠᠯᠲᠠ ᠶᠢᠨ | ᠪᠠᠶᠢᠴᠠᠭᠠᠯᠲᠠ ᠶᠢᠨ ᠪᠦᠬᠦᠯᠢ ᠴᠣᠭᠴᠠ ᠶᠢᠨ ᠠᠵᠢᠯ ᠨᠢᠭᠡᠨᠲᠡ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ | ᠰᠢᠯᠭᠠᠨ ᠬᠢᠨᠠᠯᠲᠠ ᠳᠤ ᠪᠠᠲᠤᠯᠠᠭᠳᠠᠵᠤ᠂ ᠰᠢᠯᠢᠳᠡᠭ ᠳᠡᠰ ᠢᠶᠠᠷ ᠦᠨᠡᠯᠡᠪᠡ᠃ ᠬᠤᠶᠠᠷ ᠲᠤ ᠭᠤᠷᠪᠠᠳᠤᠭᠠᠷ | ᠤᠳᠠᠭᠠᠨ ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠰᠢᠯᠭᠠᠨ ᠠᠪᠬᠤ ᠠᠵᠢᠯ ᠢ ᠪᠡᠶᠡᠯᠡᠭᠦᠯᠵᠦ᠂ | ᠰᠢᠯᠢᠳᠡᠭ ᠲᠠᠰ ᠢᠶᠠᠷ ᠦᠨᠡᠯᠡᠭᠳᠡᠪᠡ᠃ ᠭᠤᠷᠪᠠ ᠳᠤ ᠬᠠᠮᠲᠤ ᠶᠢᠨ ᠭᠠᠵᠠᠷ ᠰᠢᠷᠣᠢ ᠶᠢᠨ ᠥᠮᠴᠢᠯᠡᠯ ᠤᠨ ᠡᠷᠬᠡ ᠶᠢ | ᠰᠢᠨᠡᠳᠬᠡᠬᠦ ᠠᠵᠢᠯ ᠢ ᠪᠡᠶᠡᠯᠡᠭᠦᠯᠪᠡ᠃ ᠨᠢᠭᠡᠨᠲᠡ ᠥᠪᠡᠷᠲᠡᠭᠡᠨ ᠵᠠᠰᠠᠬᠤ ᠣᠷᠣᠨ ᠤ ᠥᠯᠥ ᠬᠥᠳᠡᠯᠬᠦ ᠬᠥᠷᠥᠩᠭᠡ ᠶᠢ | ᠳᠡᠩᠰᠡᠯᠡᠨ ᠲᠡᠮᠳᠡᠭᠯᠡᠬᠦ ᠲᠥᠪ ᠤᠨ ᠬᠢᠨᠠᠨ ᠬᠠᠷᠭᠤᠭᠤᠯᠤᠯᠲᠠ ᠶᠢ ᠥᠩᠭᠡᠷᠡᠭᠡᠭᠰᠡᠨ ᠪᠥᠭᠡᠳ ᠤᠯᠤᠰ ᠲᠤ ᠮᠡᠳᠡᠭᠦᠯᠦᠨ | ᠬᠢᠨᠠᠨ ᠨᠤᠲᠠᠯᠠᠭᠤᠯᠪᠠ᠃ ᠳᠥᠷᠪᠡ ᠳᠤ ᠤᠢ ᠶᠢᠨ ᠡᠷᠬᠡ ᠶᠢ ᠨᠤᠲᠠᠯᠠᠨ ᠲᠣᠭᠲᠠᠭᠠᠵᠤ ᠳᠠᠩᠰᠠᠯᠠᠨ ᠲᠡᠮᠳᠡᠭᠯᠡᠬᠦ ᠠᠵᠢᠯ ᠢ | ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠬᠦ ᠰᠢᠰᠲ᠋ᠧᠮ ᠳᠤ ᠣᠷᠣᠭᠤᠯᠬᠤ ᠶᠢ ᠢᠳᠡᠪᠬᠢᠲᠡᠶ ᠪᠠᠷ | ᠠᠬᠢᠭᠤᠯᠪᠠ᠃ ︽ᠲᠤᠰᠤᠨ ᠰᠢᠢᠳᠪᠦᠷᠢᠯᠡᠬᠦ︾ ᠠᠵᠢᠯ ᠤᠨ ᠰᠡᠳᠬᠢᠮᠵᠢ ᠶᠢ ᠪᠠᠷᠢᠮᠲᠠᠯᠠᠨ᠂ ᠣᠳᠣᠬᠠᠨ ᠳᠤ ᠨᠢᠭᠡᠨᠲᠡ | ᠬᠤᠶᠠᠷ ᠡᠷᠬᠡᠲᠦ ᠬᠥᠮᠦᠨ ᠤ ᠳᠠᠩᠰᠠᠯᠠᠭᠤᠯᠬᠤ ᠭᠤᠶᠤᠴᠢᠯᠠᠯ ᠢ ᠴᠠᠭ ᠲᠤᠬᠠᠶ ᠳᠤᠨᠢ ᠪᠣᠯᠭᠤᠮᠵᠢᠲᠠᠶ ᠬᠢᠨᠠᠨ | ᠪᠠᠶᠢᠴᠠᠭᠠᠵᠤ᠂ ᠳᠠᠩᠰᠠᠯᠠᠬᠤ ᠶᠢ ᠵᠥᠪᠰᠢᠶᠡᠷᠡᠭᠰᠡᠨ ᠪᠥᠭᠡᠳ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ︵ | ᠣᠢ ᠶᠢᠨ ᠡᠷᠬᠡ︶ ᠢ ᠣᠯᠭᠤᠪᠠ᠃ | ︵ᠲᠠᠪᠤ︶ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠳᠡᠩᠰᠡᠯᠡᠨ ᠲᠡᠮᠳᠡᠭᠯᠡᠬᠦ ᠶᠢ ᠰᠢᠯᠢᠳᠡᠭᠵᠢᠭᠦᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠳᠡᠭᠡᠭᠰᠢᠯᠡᠭᠦᠯᠪᠡ ᠃ ᠨᠢᠭᠡ ᠳᠤ᠂ ᠴᠠᠭ ᠲᠤᠬᠠᠢ ᠳᠤᠨᠢ ᠭᠦᠢᠴᠡᠳᠬᠡᠵᠦ᠂ ᠥᠨᠳᠥᠷ | ᠪᠦᠲᠦᠮᠵᠢᠲᠡᠢ ᠦᠢᠯᠡᠴᠢᠯᠡᠪᠡ᠃ ᠣᠳᠣᠬᠠᠨ ᠪᠣᠯᠲᠠᠯ᠎ᠠ᠂ ᠨᠢᠭᠡᠨᠲᠡ ᠡᠯ᠎ᠡ ᠲᠥᠷᠥᠯ ᠤᠨ ᠥᠯᠥ ᠬᠥᠳᠡᠯᠬᠦ | ᠬᠥᠷᠥᠩᠭᠡ ᠶᠢ ᠳᠠᠩᠰᠠᠯᠠᠬᠤ ᠲᠤᠬᠠᠶᠢᠯᠠᠭᠰᠠᠨ ᠠᠵᠢᠯ ᠢ ᠨᠢᠭᠡᠨᠳᠠ2215 ᠬᠤᠪᠢ | ᠭᠦᠢᠴᠡᠳᠬᠡᠪᠡ ᠃ ᠬᠤᠶᠠᠷ ᠲᠤ ︽ᠥᠯᠥ ᠬᠥᠳᠡᠯᠬᠦ ᠬᠥᠷᠥᠩᠭᠡ ᠶᠢ ᠰᠦᠯᠵᠢᠶᠡᠨ ᠳᠡᠭᠡᠷ᠎ᠡ | ᠭᠠᠶᠢᠯᠢ ᠲᠤᠰᠢᠶᠠᠬᠤ︾ ᠪᠠ ︽ ᠢᠨᠲ᠋ᠧᠷ ᠰᠦᠯᠵᠢᠶ᠎ᠡ + ᠥᠯᠥ ᠬᠥᠳᠡᠯᠬᠦ ᠬᠥᠷᠥᠩᠭᠡ ᠶᠢ ᠪᠠᠷᠢᠴᠠᠭᠠᠯᠠᠬᠤ | ᠳᠡᠩᠰᠡᠯᠡᠯᠲᠡ︾ ᠶᠢᠨ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠪᠠ ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠩᠬᠠᠳᠠᠭᠴᠢ ︽ ᠢᠨᠲ᠋ᠧᠷ ᠰᠦᠯᠵᠢᠶ᠎ᠡ + ᠥᠯᠥ ᠬᠥᠳᠡᠯᠬᠦ | ᠬᠥᠷᠥᠩᠭᠡ ᠪᠠᠷ ᠪᠠᠷᠢᠴᠠᠭᠠᠯᠠᠬᠤ ᠳᠡᠩᠰᠡᠯᠡᠯᠲᠡ︾ ᠶᠢᠨ ᠲᠤᠬᠠᠶᠢᠯᠠᠭᠰᠠᠨ ᠠᠵᠢᠯ ᠢ ᠬᠤᠰᠢᠭᠤᠨ ᠤ ᠬᠥᠳᠡᠭᠡ | ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠶᠢᠨ ᠹᠦ᠋ ᠮᠢᠨ ᠬᠤᠪᠢᠶᠠᠷᠢ ᠬᠤᠷᠰᠢᠶ᠎ᠠ ᠶᠢᠨ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠡᠭ ᠲᠤ ᠠᠮᠵᠢᠯᠲᠠᠲᠠᠶ ᠭᠦᠢᠴᠡᠳᠬᠡᠪᠡ ᠂ | ᠭᠤᠷᠪᠠ ᠳᠤ ᠠᠵᠤ ᠦᠢᠯᠡᠳᠪᠦᠷᠢ ᠪᠣᠯᠣᠨ ᠣᠷᠣᠨ ᠰᠠᠭᠤᠴᠠ ᠡᠴᠡ | ᠪᠣᠰᠣᠳ ᠲᠥᠷᠥᠯ ᠤᠨ ᠬᠡᠷᠡᠭᠯᠡᠬᠦ ᠭᠠᠵᠠᠷ ᠤᠨ ᠦᠯᠡᠳᠡᠭᠳᠡᠯ ᠠᠰᠠᠭᠤᠳᠠᠯ ᠢ | ᠰᠢᠢᠳᠪᠦᠷᠢᠯᠡᠬᠦ ᠠᠬᠢᠴᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠪᠠ ᠃ | ᠣᠳᠣᠬᠠᠨ ᠪᠣᠯᠲᠠᠯ᠎ᠠ᠂ ᠨᠢᠭᠡᠨᠲᠡ 17 ᠲᠥᠷᠥᠯ ᠵᠦᠢᠯ ᠢ ᠥᠮᠴᠢᠯᠡᠬᠦ ᠡᠷᠬᠡ ᠶᠢᠨ ᠦᠯᠡᠳᠡᠭᠳᠡᠯ | ᠬᠡᠪᠴᠢᠶᠡᠨ ᠳᠤ ᠣᠷᠣᠭᠤᠯᠤᠭᠰᠠᠨ ᠪᠥᠭᠡᠳ ︽ᠦᠯᠡᠳᠡᠭᠳᠡᠯ ᠲᠥᠷᠥᠯ ᠵᠦᠢᠯ ᠤᠨ ᠰᠠᠨᠠᠯ ᠢ ᠨᠤᠲᠠᠯᠠᠬᠤ | ᠬᠦᠰᠦᠨᠦᠭᠲᠦ︾ ᠭᠠᠷᠭᠠᠵᠤ᠂ ᠡᠭᠦᠨ ᠤ ᠳᠣᠲᠣᠷᠠᠬᠢ 6 ᠲᠥᠷᠥᠯ | ᠵᠦᠢᠯ ᠢ ᠨᠢ ᠰᠢᠢᠳᠪᠦᠷᠢᠯᠡᠵᠦ ᠳᠠᠭᠤᠰᠬᠠᠭᠰᠠᠨ ᠪᠥᠭᠡᠳ ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ ᠣᠯᠤᠭᠰᠠᠨ ᠪᠠᠢᠨ᠎ᠠ᠃ ᠪᠥᠬᠦ ᠬᠤᠲᠠ ᠶᠢᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠥᠮᠴᠢᠯᠡᠬᠦ ᠡᠷᠬᠡ ᠶᠢᠨ ᠦᠯᠡᠳᠡᠭᠳᠡᠯ ᠲᠥᠷᠥᠯ | ᠵᠦᠢᠯ ᠤᠨ ᠡᠬᠡ ᠲᠠᠩᠰᠠᠨ ᠳᠤ ᠪᠠᠢᠭ᠎ᠠ ᠮᠠᠨ ᠤ ᠬᠤᠰᠢᠭᠤᠨ ᠤ 2 ᠠᠵᠤ ᠠᠬᠤᠶᠢᠯᠠᠯ | ︵ᠨᠢᠩ ᠶᠤᠸᠠᠨ ᠰᠠᠯᠬᠢᠨ ᠬᠦᠴᠦᠨ ᠤ ᠴᠠᠬᠢᠯᠭᠠᠨ᠂ ᠲᠢᠶᠠᠨ ᠢ ᠳ᠋ᠡ ᠴᠡᠪᠡᠷ ᠡᠨᠧᠷᠭᠢ︶ ᠤᠨ ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ ᠢ ᠣᠯᠭᠣᠪᠠ ᠃ ᠪᠥᠬᠦ ᠬᠤᠲᠠ ᠶᠢᠨ ᠬᠤᠶᠠᠳᠤᠭᠠᠷ ᠪᠦᠯᠦᠭ | ᠠᠵᠤ ᠦᠢᠯᠡᠳᠪᠦᠷᠢ ᠬᠤᠳᠠᠯᠳᠤᠭ᠎ᠠ ᠵᠢᠴᠢ ᠨᠡᠶᠢᠲᠡ ᠶᠢᠨ ᠠᠰᠠᠷᠠᠮᠵᠢ ᠶᠢᠨ ᠲᠥᠷᠥᠯ ᠤᠨ | ᠥᠮᠴᠢᠯᠡᠬᠦ ᠡᠷᠬᠡ ᠶᠢᠨ ᠦᠯᠡᠳᠡᠭᠳᠡᠯ ᠠᠰᠠᠭᠤᠳᠠᠯ ᠤᠨ ᠡᠬᠡ ᠲᠠᠩᠰᠠᠨ ᠳᠤ ᠨᠡᠶᠢᠲᠡ 5 ᠲᠥᠷᠥᠯ ᠵᠦᠢᠯ | ᠪᠠᠶᠢᠵᠤ᠂ ᠨᠢᠭᠡᠨᠲᠡ 1 ᠲᠥᠷᠥᠯ ︵ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠨᠣᠭᠤᠭᠠᠨ ᠪᠦᠷᠢᠳᠦ | ᠪᠠᠭᠤᠳᠠᠯ︶ ᠢ ᠭᠦᠢᠴᠡᠳᠬᠡᠵᠤ ᠳᠠᠭᠤᠰᠬᠠᠪᠠ᠂ ᠪᠤᠰᠤᠳ 4 ᠲᠥᠷᠥᠯ ᠵᠦᠢᠯ ᠨᠢ ᠴᠥᠮ ᠬᠢᠯᠢ ᠶᠢᠨ | ᠬᠠᠮᠠᠭᠠᠯᠠᠯᠲᠠ ᠶᠢᠨ ᠲᠣᠮᠢᠯᠠᠭᠰᠠᠨ ᠰᠠᠯᠪᠤᠷᠢ ᠶᠢᠨ ᠠᠵᠢᠯᠯᠠᠬᠤ ᠣᠷᠣᠨ ᠪᠣᠯᠤᠨ᠎ᠠ᠂ ᠣᠲᠣ ᠨᠢᠭᠡᠨᠲᠡ ᠬᠡᠷ | ᠪᠠᠶᠢᠰᠢᠩ ᠤᠨ ᠠᠮᠤᠷ ᠲᠦᠪᠰᠢᠨ ᠤ ᠬᠢᠨᠠᠨ ᠲᠣᠭᠲᠠᠭᠠᠯᠲᠠ ᠪᠠ ᠭᠠᠯ ᠰᠡᠷᠭᠡᠶᠢᠯᠡᠯᠲᠡ ᠶᠢᠨ ᠰᠢᠯᠭᠠᠨ ᠠᠪᠬᠤ | ᠭᠠᠷᠳᠠᠮ ᠢ ᠪᠡᠶᠡᠯᠡᠭᠦᠯᠪᠡ᠂ ᠭᠤᠶᠤᠴᠢᠯᠠᠯ ᠲᠤᠰᠢᠶᠠᠮᠠᠭᠴᠠ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠢ | ᠭᠦᠢᠴᠡᠳᠬᠡᠵᠦ ᠪᠣᠯᠤᠨ᠎ᠠ᠃ ᠳᠥᠷᠪᠡ ᠳᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ ᠃ | ᠭᠦᠢᠴᠡᠳᠬᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠵᠤ᠂ | ᠴᠣᠩᠬᠤᠪᠴᠢ ᠨᠢ ᠨᠢᠭᠡᠨᠲᠡ ᠥᠯᠥ ᠬᠥᠳᠡᠯᠬᠦ ᠬᠥᠷᠥᠩᠭᠡ ᠶᠢ ᠰᠢᠯᠵᠢᠭᠦᠯᠦᠨ ᠳᠠᠩᠰᠠᠯᠠᠬᠤ ᠂ | ᠬᠤᠪᠢᠷᠠᠭᠤᠯᠤᠨ ᠳᠠᠩᠰᠠᠯᠠᠬᠤ ᠂ ᠦᠨᠡᠮᠯᠡᠯ ᠳᠠᠩᠰᠠᠯᠠᠬᠤ ᠪᠠ ᠦᠨᠡᠮᠯᠡᠯ | ᠰᠣᠯᠢᠵᠤ ᠳᠠᠩᠰᠠᠯᠠᠬᠤ ᠴᠠᠭ ᠢ 2 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ | ᠪᠠᠷᠢᠴᠠᠭᠠᠯᠠᠬᠤ ᠶᠢ ᠳᠠᠩᠰᠠᠯᠠᠬᠤ ᠴᠠᠭ ᠢ 1 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ | ᠪᠠᠷᠢᠴᠠᠭᠠᠯᠠᠬᠤ ᠶᠢ ᠳᠠᠩᠰᠠᠯᠠᠬᠤ ᠠᠴᠠ ᠬᠦᠴᠦᠨ ᠥᠬᠡᠶ ᠪᠣᠯᠭᠠᠬᠤ᠂ ᠬᠠᠶᠢᠨ ᠯᠠᠪᠯᠠᠵᠤ | ᠳᠠᠩᠰᠠᠯᠠᠬᠤ ᠪᠠ ᠪᠠᠶᠢᠴᠠᠭᠠᠨ ᠪᠢᠲᠡᠭᠦᠮᠵᠢᠯᠡᠵᠦ ᠳᠠᠩᠰᠠᠯᠠᠬᠤ ᠶᠢ ᠲᠡᠷᠡ ᠳᠠᠷᠤᠶ ᠳᠤᠨᠢ | ᠭᠦᠢᠴᠡᠳᠭᠡᠵᠤ ᠳᠠᠭᠤᠰᠬᠠᠬᠤ ᠶᠢ ᠪᠡᠶᠡᠯᠡᠭᠦᠯᠵᠦ᠂ ᠥᠯᠥ ᠬᠥᠳᠡᠯᠬᠦ ᠬᠥᠷᠥᠩᠭᠡ ᠶᠢᠨ ᠦᠨᠡᠮᠯᠡᠯ ᠬᠢᠭᠡᠳ ᠤᠰᠤ᠂ | ᠴᠠᠬᠢᠯᠭᠠᠨ᠂ ᠬᠡᠶ᠂ ᠳᠤᠯᠠᠭᠠᠯᠠᠭ᠎ᠠ ᠶᠢᠨ ᠬᠤᠯᠪᠣᠭᠠᠯᠠᠨ ᠬᠥᠳᠡᠯᠦᠯᠴᠡᠵᠦ ᠡᠷᠦᠬᠡ ᠰᠢᠯᠵᠢᠭᠦᠯᠬᠦ ᠶᠢ ᠪᠡᠶᠡᠯᠡᠭᠦᠯᠬᠦ ᠶᠢᠨ | ᠬᠠᠮᠲᠤ᠂ ᠠᠵᠤ ᠠᠬᠤᠶᠢᠯᠠᠯ ᠤᠨ ᠲᠤᠰᠬᠠᠶ ᠲᠣᠭᠤᠷᠢᠭ ᠪᠠ ᠰᠠᠭᠠᠳ ᠥᠬᠡᠶ ᠨᠡᠪᠲᠡᠷᠡᠬᠦ ᠵᠠᠮ ᠢ ᠨᠠᠮᠠᠨ ᠪᠠᠶᠢᠭᠤᠯᠵᠤ᠂ | ᠲᠤᠬᠠᠶᠢᠯᠠᠭᠰᠠᠨ ᠠᠵᠢᠯ ᠢ ᠭᠥᠯᠢᠶᠡᠨ ᠠᠪᠴᠤ ᠭᠦᠢᠴᠡᠳᠬᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ | ᠰᠠᠢᠵᠢᠷᠠᠭᠤᠯᠪᠠ ᠃ | ︵ᠵᠢᠷᠭᠤᠭ᠎ᠠ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠰᠠᠶᠢᠲᠤᠷ | ᠠᠳᠬᠤᠵᠤ᠂ ᠡᠬᠢ ᠪᠠᠶᠠᠯᠢᠭ ᠢ ᠠᠰᠢᠭᠯᠠᠬᠤ ᠬᠢᠷᠢ ᠬᠡᠮᠵᠢᠶ᠎ᠡ ᠪᠠᠨ | ᠳᠡᠭᠡᠭᠰᠢᠯᠡᠭᠦᠯᠪᠡ ᠃ ᠨᠢᠭᠡ ᠳᠤ 2022 ᠣᠨ ᠤ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠢ ᠨᠡᠭᠡᠭᠡᠨ ᠠᠰᠢᠭᠯᠠᠬᠤ ᠲᠤᠭ᠎ᠠ ᠪᠦᠷᠢᠳᠬᠡᠯ ᠤᠨ ᠰᠢᠭᠤᠳ ᠮᠡᠳᠡᠭᠦᠯᠬᠦ ᠬᠠᠮᠢᠶᠠᠷᠤᠯᠲᠠ ᠶᠢᠨ | ᠵᠠᠳᠠᠯᠤᠯᠲᠠ ᠶᠢᠨ ᠰᠢᠰᠲ᠋ᠧᠮ᠂ ᠬᠠᠳᠠᠭᠠᠯᠠᠭᠳᠠᠴᠠ ᠶᠢᠨ ᠳ᠋ᠠᠶᠢᠲ᠋ᠠ ᠬᠥᠮᠥᠷᠭᠡ ᠶᠢᠨ ᠬᠠᠮᠢᠶᠠᠷᠤᠯᠲᠠ ᠶᠢᠨ ᠰᠢᠰᠲ᠋ᠧᠮ ᠢ | ᠮᠡᠳᠡᠭᠦᠯᠬᠦ ᠠᠵᠢᠯ ᠢ ᠪᠡᠶᠡᠯᠡᠭᠦᠯᠪᠡ ᠃ 2022 ᠣᠨ ᠤ ᠠᠭᠤᠷᠬᠠᠶ ᠶᠢᠨ ᠡᠬᠢ | ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠮᠡᠳᠡᠭᠡ ᠵᠠᠩᠭᠢ ᠶᠢ ᠢᠯᠡ ᠨᠡᠶᠢᠲᠡᠯᠡᠬᠦ ᠠᠵᠢᠯ ᠢ ᠪᠡᠶᠡᠯᠡᠭᠦᠯᠵᠦ᠂ | 106 ᠠᠭᠤᠷᠬᠠᠶ ᠶᠢᠨ ᠡᠬᠢ ᠪᠠᠶᠠᠯᠢᠭ ᠤᠨ ᠡᠷᠬᠡ ᠶᠢ ᠢᠯᠡ ᠨᠡᠶᠢᠲᠡᠯᠡᠵᠦ᠂ ᠢᠯᠡ ᠨᠡᠶᠢᠲᠡᠯᠡᠭᠰᠡᠨ ᠨᠣᠷᠮ᠎ᠠ 100 | % ᠳᠤ ᠬᠥᠷᠪᠡ᠃ ᠬᠤᠶᠠᠷ ᠲᠤ ᠠᠭᠤᠷᠬᠠᠶ ᠶᠢᠨ ᠦᠢᠯᠡᠰ ᠤᠨ ᠡᠷᠬᠡ ᠶᠢᠨ ᠬᠠᠮᠢᠶᠠᠷᠤᠯᠲᠠ ᠶᠢᠨ ᠠᠵᠢᠯ ᠢ ᠬᠠᠤᠯᠢ | ᠲᠣᠭᠲᠠᠭᠠᠯ ᠶᠣᠰᠣᠭᠠᠷ ᠦᠷᠨᠢᠭᠥᠯᠪᠡ ᠃ ᠠᠭᠤᠷᠬᠠᠶ ᠮᠠᠯᠲᠠᠬᠤ ᠡᠷᠬᠡ ᠶᠢ ᠳᠠᠩᠰᠠᠯᠠᠨ ᠬᠢᠨᠠᠨ | ᠪᠠᠶᠢᠴᠠᠭᠠᠭᠰᠠᠨ ᠰᠠᠨᠠᠯ ᠤᠨ ᠮᠡᠳᠡᠭᠦᠯᠦᠯᠲᠡ 22 ᠬᠤᠪᠢ ᠭᠠᠷᠭᠠᠵᠤ ᠂ ᠠᠭᠤᠷᠬᠠᠢ ᠬᠠᠶᠢᠬᠤ | ᠡᠷᠬᠡ ᠶᠢ ᠳᠠᠩᠰᠠᠯᠠᠬᠤ ᠭᠠᠷ ᠭᠦᠢᠴᠡᠳᠬᠡᠯ 19 ᠬᠤᠪᠢ ᠭᠠᠷᠭᠠᠵᠤ ᠂ ᠪᠦᠲᠦᠭᠡᠨ | ᠪᠠᠶᠢᠭᠤᠯᠬᠤ ᠲᠥᠷᠥᠯ ᠵᠦᠢᠯ ᠢ ᠤᠷᠢᠳᠴᠢᠯᠠᠨ ᠪᠠᠶᠢᠴᠠᠭᠠᠨ ᠯᠠᠪᠯᠠᠬᠤ ᠭᠠᠷ ᠭᠦᠢᠴᠡᠳᠬᠡᠯ 45 ᠬᠤᠪᠢ ᠭᠠᠷᠭᠠᠵᠤ ᠂ | ᠪᠠᠶᠢᠴᠠᠭᠠᠨ ᠯᠠᠪᠯᠠᠬᠤ ᠭᠠᠷ ᠭᠦᠢᠴᠡᠳᠬᠡᠯ 27 ᠬᠤᠪᠢ ᠭᠠᠷᠭᠠᠪᠠ᠃ ᠪᠠᠲᠤᠬᠠᠭᠠᠯᠭ᠎ᠠ | ᠪᠠᠯᠭᠠᠰᠤᠨ ᠤ ᠪᠠᠶᠠᠠᠠᠤᠪᠤᠭ᠎ᠠ ᠶᠢᠨ ᠶᠦᠩ ᠹᠧᠩ ᠴᠢᠯᠠᠭᠤᠨ | ᠲᠠᠯᠠᠪᠠᠢ ᠶᠢᠨ ᠠᠭᠤᠷᠬᠠᠶ ᠮᠠᠯᠲᠠᠬᠤ ᠡᠷᠬᠡ ᠶᠢ ᠦᠷᠭᠦᠯᠵᠢᠯᠡᠭᠦᠯᠬᠦ ᠳᠡᠩᠰᠡᠯᠡᠯᠲᠡ ᠶᠢ ᠪᠡᠶᠡᠯᠡᠭᠦᠯᠦᠭᠰᠡᠨ | ᠪᠥᠭᠡᠳ ᠠᠭᠤᠷᠬᠠᠶ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠭᠤᠪᠠ᠃ ᠭᠤᠷᠪᠠ ᠳᠤ᠂ ᠪᠦᠬᠦ ᠬᠤᠰᠢᠭᠤᠨ ᠤ | ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠬᠢ ᠳᠢᠭᠯᠢᠮ ᠢ ᠤᠯᠠᠮ ᠨᠢᠭᠡ ᠠᠯᠬᠤᠮ ᠳᠦᠷᠢᠮᠵᠢᠭᠦᠯᠵᠦ᠂ | ᠨᠡᠭᠡᠭᠡᠨ ᠮᠠᠯᠲᠠᠬᠤ ᠶᠢ ᠬᠢᠨᠠᠨ ᠬᠠᠮᠢᠶᠠᠷᠬᠤ ᠬᠦᠴᠦᠯᠡᠴᠡ ᠪᠠᠨ ᠴᠢᠩᠭᠠᠳᠬᠠᠵᠤ᠂ ᠬᠤᠲᠠ ᠶᠢᠨ ᠲᠣᠪᠴᠢᠶ᠎ᠠ ᠲᠠᠢ | ᠬᠠᠮᠵᠢᠯᠴᠠᠨ 2023 ᠣᠨ ᠤ ᠠᠭᠤᠷᠬᠠᠢ ᠶᠢᠨ ᠪᠣᠳᠠᠲᠠᠢ ᠬᠡᠮᠵᠢᠯᠲᠡ ᠶᠢᠨ ᠠᠵᠢᠯ ᠢ | ᠦᠷᠨᠢᠭᠥᠯᠪᠡ ᠃ ᠡᠨᠡ ᠵᠢᠯ ᠬᠣᠲᠠ ᠶᠢᠨ ᠲᠤᠪᠴᠢᠶᠠᠨ | ᠡᠴᠡ 6 ᠠᠭᠤᠷᠬᠠᠶ ᠶᠢᠨ ᠠᠵᠤ ᠠᠬᠤᠢᠯᠠᠯ ᠢ ᠪᠣᠳᠠᠲᠠᠶ ᠬᠡᠮᠵᠢᠬᠦ | ᠡᠭᠦᠷᠭᠡ ᠪᠠᠭᠤᠯᠭᠠᠵᠤ᠂ ᠣᠳᠣᠬᠠᠨ ᠳᠤ ᠨᠢᠭᠡᠨᠲᠡ ᠭᠠᠳᠠᠷ ᠠᠵᠢᠯ ᠤᠨ ᠪᠣᠳᠠᠲᠠᠶ ᠭᠠᠵᠠᠷ ᠤᠨ | ᠬᠡᠮᠵᠢᠯᠲᠡ ᠶᠢ ᠪᠦᠬᠦᠨ ᠢ ᠪᠡᠶᠡᠯᠡᠭᠦᠯᠵᠦ᠂ ᠮᠡᠳᠡᠭᠦᠯᠦᠯᠲᠡ ᠲᠤᠰᠢᠶᠠᠭᠰᠠᠨ ᠪᠥᠭᠡᠳ ᠬᠢᠨᠠᠨ ᠲᠣᠭᠲᠠᠭᠠᠯᠲᠠ ᠬᠢᠪᠠ᠃ | ᠳᠥᠷᠪᠡ ᠳᠤ᠂ ᠠᠭᠤᠷᠬᠠᠶ ᠶᠢᠨ ᠦᠢᠯᠡᠰ ᠤᠨ ᠡᠷᠬᠡ ᠶᠢ ᠳᠡᠩᠰᠡᠯᠡᠵᠦ ᠬᠢᠨᠠᠨ ᠵᠥᠪᠰᠢᠶᠡᠷᠡᠬᠦ ᠴᠠᠭ ᠢ | ᠪᠣᠭᠣᠨᠢᠰᠬᠠᠪᠠ ᠃ ᠲᠢᠩᠬᠢᠮ᠂ ᠬᠤᠲᠠ ᠵᠢᠴᠢ ᠲᠣᠰ ᠱᠠᠲᠤᠨ ᠤ ᠦᠨᠡᠮᠯᠡᠯ ᠣᠯᠭᠤᠬᠤ | ᠡᠷᠬᠡ ᠮᠡᠳᠡᠯ ᠤᠨ ᠬᠡᠪᠴᠢᠶᠡᠨ ᠤ ᠠᠭᠤᠷᠬᠠᠶ ᠶᠢᠨ ᠦᠢᠯᠡᠰ ᠤᠨ ᠡᠷᠬᠡ ᠶᠢ ᠬᠢᠨᠠᠨ ᠵᠥᠪᠰᠢᠶᠡᠷᠡᠵᠦ | ᠳᠠᠩᠰᠠᠯᠠᠬᠤ ᠴᠠᠭ ᠬᠤᠭᠤᠴᠠᠭ᠎ᠠ ᠶᠢ ᠤᠤᠯ ᠤᠨ 13 ᠠᠵᠢᠯᠯᠠᠬᠤ ᠡᠳᠦᠷ ᠠᠴᠠ 8 ᠠᠵᠢᠯᠯᠠᠬᠤ ᠡᠳᠦᠷ ᠪᠣᠯᠲᠠᠯ᠎ᠠ | ᠪᠣᠭᠤᠨᠢᠰᠬᠠᠵᠤ᠂ ᠲᠢᠩᠬᠢᠮ ᠠᠴᠠ ᠦᠨᠡᠮᠯᠡᠯ ᠣᠯᠭᠤᠬᠤ ᠡᠷᠬᠡ ᠮᠡᠳᠡᠯ ᠤᠨ ᠬᠡᠪᠴᠢᠶ᠎ᠡ ᠶᠢᠨ ᠠᠭᠤᠷᠬᠠᠶ ᠬᠠᠶᠢᠬᠤ | ᠡᠷᠬᠡ ᠶᠢ ᠦᠯᠡᠳᠡᠭᠡᠬᠦ᠂ ᠳᠡᠩᠰᠡᠯᠡᠯᠲᠡ ᠶᠢ ᠬᠦᠴᠦᠨ ᠥᠬᠡᠶ ᠪᠣᠯᠭᠠᠬᠤ ᠶᠢ ᠭᠥᠯᠢᠶᠡᠨ ᠠᠪᠬᠤ ᠠᠴᠠ ᠠᠪᠤᠭᠠᠳ | ᠬᠢᠨᠠᠨ ᠵᠥᠪᠰᠢᠶᠡᠷᠡᠭᠰᠡᠨ ᠲᠤᠭ᠎ᠠ ᠪᠠᠷᠢᠮᠲᠠ ᠶᠢ ᠳᠡᠭᠡᠭᠰᠢ ᠳᠠᠮᠵᠢᠭᠤᠯᠬᠤ ᠬᠦᠷᠲᠡᠯ᠎ᠡ 6 ᠠᠵᠢᠯᠯᠠᠬᠤ ᠡᠳᠦᠷ ᠪᠣᠯᠲᠠᠯ᠎ᠠ | ᠪᠣᠭᠤᠨᠢᠰᠬᠠᠵᠤ᠂ ᠠᠭᠤᠷᠬᠠᠶ ᠶᠢᠨ ᠦᠢᠯᠡᠰ ᠤᠨ ᠡᠷᠬᠡᠲᠦ ᠬᠥᠮᠦᠨ ᠤ ᠲᠤᠰᠢᠶᠠᠬᠤ ᠴᠢᠬᠤᠯᠠᠲᠠᠶ ᠮᠡᠳᠡᠭᠦᠯᠬᠦ | ᠮᠠᠲ᠋ᠧᠷᠢᠶᠠᠯ ᠢ ᠲᠠᠰᠤᠷᠠᠯᠲᠠ ᠥᠬᠡᠶ ᠴᠣᠮᠬᠠᠳᠬᠠᠵᠤ᠂ ᠠᠭᠤᠷᠬᠠᠶ ᠶᠢᠨ ᠦᠢᠯᠡᠰ ᠤᠨ ᠠᠵᠤ ᠠᠬᠤᠶᠢᠯᠠᠯ ᠳᠤ | ᠪᠦᠲᠦᠮᠵᠢᠲᠡᠶ ᠦᠢᠯᠡᠴᠢᠯᠡᠪᠡ ᠃ ᠣᠲᠣ ᠪᠣᠯᠲᠠᠯ᠎ᠠ᠂ ᠭᠤᠷᠪᠠᠨ ᠱᠠᠲᠤᠨ ᠤ ᠬᠠᠮᠲᠤᠷᠠᠨ | ᠬᠢᠨᠠᠭᠰᠠᠨ ᠠᠭᠤᠷᠬᠠᠶ ᠶᠢᠨ ᠡᠬᠢ ᠪᠠᠶᠠᠯᠢᠭ ᠤᠨ ᠬᠡᠷᠡᠭᠯᠡᠬᠦ ᠡᠷᠬᠡ ᠶᠢᠨ ᠳᠡᠩᠰᠡᠯᠡᠯᠲᠡ ᠶᠢᠨ ᠮᠡᠳᠡᠭᠦᠯᠦᠯᠲᠡ ᠶᠢ ᠨᠡᠶᠢᠲᠡ | 1 ᠬᠤᠪᠢ ᠭᠦᠢᠴᠡᠳᠬᠡᠵᠦ ᠂ ᠬᠤᠶᠠᠷ ᠱᠠᠲᠤᠨ ᠤ ᠬᠠᠮᠲᠤᠷᠠᠨ ᠬᠢᠨᠠᠭᠰᠠᠨ ᠠᠭᠤᠷᠬᠠᠶ ᠶᠢᠨ ᠡᠬᠢ | ᠪᠠᠶᠠᠯᠢᠭ ᠤᠨ ᠬᠡᠷᠡᠭᠯᠡᠬᠦ ᠡᠷᠬᠡ ᠶᠢᠨ ᠳᠡᠩᠰᠡᠯᠡᠯᠲᠡ ᠶᠢᠨ ᠮᠡᠳᠡᠭᠦᠯᠦᠯᠲᠡ ᠶᠢ ᠨᠡᠶᠢᠲᠡ 12 ᠬᠤᠪᠢ | ᠭᠦᠢᠴᠡᠳᠬᠡᠪᠡ ᠃ ᠲᠠᠪᠤ ᠳᠤ ᠪᠠᠶᠢᠭᠠᠯᠢ ᠶᠢᠨ ᠡᠬᠢ ᠪᠠᠶᠠᠯᠢᠭ ᠤᠨ | ᠬᠡᠪᠴᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠯᠠᠪᠳᠠᠭᠤᠨ ᠪᠠᠲᠤᠲᠠᠢ ᠭᠦᠢᠴᠡᠳᠬᠡᠪᠡ ᠃ ︽ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠨᠡᠭᠦᠷᠡᠰᠦ | ᠡᠴᠡ ᠪᠤᠰᠤᠳ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠲᠤᠰᠬᠠᠶ ᠪᠠᠶᠢᠴᠠᠭᠠᠯᠲᠠ ᠶᠢᠨ | ᠠᠵᠢᠯ ᠤᠨ ᠲᠥᠰᠦᠯ︾ ᠢ ᠲᠣᠭᠲᠠᠭᠠᠵᠤ᠂ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ | ᠠᠶᠤᠯᠭᠦᠶ ᠦᠢᠯᠡᠳᠪᠤᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ | ᠠᠭᠤᠷᠬᠠᠶ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠬᠠᠶᠢᠨ ᠪᠠᠶᠢᠴᠠᠭᠠᠵᠤ ᠨᠡᠭᠡᠭᠡᠨ ᠮᠠᠯᠲᠠᠬᠤ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ | ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ | ᠬᠡᠪᠴᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠲᠥᠷᠥᠯ ᠢ ᠲᠣᠭᠲᠠᠪᠤᠷᠢᠵᠢᠭᠤᠯᠬᠤ | ᠠᠵᠢᠯ ᠢ ᠠᠬᠢᠭᠤᠯᠪᠠ ᠃ ᠣᠳᠣᠬᠠᠨ ᠪᠣᠯᠲᠠᠯ᠎ᠠ᠂ 132 ᠠᠵᠤ ᠠᠬᠤᠶᠢᠯᠠᠯ ᠢ ᠲᠣᠭᠤᠷᠢᠨ | ᠪᠠᠶᠢᠴᠠᠭᠠᠵᠤ᠂ 528 ᠬᠥᠮᠦᠨ ᠤᠳᠠᠭ᠎ᠠ ᠪᠠᠶᠢᠴᠠᠭᠠᠯᠲᠠ ᠬᠢᠵᠦ᠂ 10 ᠬᠡᠮ ᠰᠣᠭᠤᠭ ᠢ ᠢᠯᠡᠷᠡᠭᠦᠯᠵᠦ᠂ ᠨᠢᠭᠡᠨᠲᠡ | ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠵᠢᠷᠭᠤᠭ᠎ᠠ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠬᠡᠯᠡᠯᠴᠡᠭᠡᠷ ᠢᠶᠠᠷ ᠰᠢᠯᠵᠢᠭᠦᠯᠦᠨ ᠥᠭᠬᠦ ᠳᠤ ᠳᠣᠭᠢᠷᠠᠬᠤ ᠥᠨᠴᠥᠭ ᠪᠤᠯᠤᠩ᠂ ᠬᠡᠰᠡᠭ ᠪᠤᠰᠠᠭ᠂ 300 ᠮᠧᠲᠷ | ᠣᠷᠴᠢᠮ ᠵᠡᠷᠭᠡ ᠠᠭᠤᠷᠬᠠᠶ ᠮᠠᠯᠲᠠᠬᠤ ᠡᠷᠬᠡ ᠶᠢ ᠲᠤᠰᠠᠭᠠᠷ ᠪᠠᠶᠢᠭᠤᠯᠬᠤ ᠳᠤ ᠳᠣᠭᠢᠷᠠᠬᠤ ᠥᠬᠡᠶ ᠪᠠᠶᠢᠳᠠᠯ ᠢ | ᠡᠮᠬᠢᠯᠡᠬᠦ ᠶᠢᠨ ᠬᠠᠮᠲᠤ ᠳᠡᠭᠡᠭᠰᠢ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠪᠡ ᠃ | | ︵ᠳᠣᠯᠤᠭ᠎ᠠ︶ ︽ᠬᠤᠶᠠᠷ ᠠᠭᠤᠯᠠ︾ ᠶᠢᠨ ᠣᠨᠣᠯ ᠢ ᠪᠥᠬᠦ ᠲᠠᠯ᠎ᠠ ᠪᠠᠷ | ᠦᠢᠯᠡᠳᠦᠯᠭᠡᠵᠢᠭᠦᠯᠵᠦ ᠂ ᠠᠭᠤᠷᠬᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠶᠢ | ᠠᠬᠢᠭᠤᠯᠪᠠ ᠃ ᠨᠢᠭᠡ ᠳᠤ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠤᠨ | ᠨᠤᠲᠤᠭ ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠵᠠᠰᠠᠨ ᠰᠡᠷᠭᠦᠭᠡᠬᠦ ᠲᠥᠯᠥᠪᠵᠢᠭᠦᠯᠭᠡ ︵ | 2021—2035 ᠣᠨ︶︾ ᠶᠢ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ ᠪᠠᠲᠤᠲᠠᠶ ᠳᠥᠯᠭᠢᠨ | ᠠᠬᠢᠭᠤᠯᠵᠤ᠂ ᠨᠢᠭᠡᠨᠲᠡ ᠬᠤᠶᠠᠷ ᠡᠭᠡᠯᠵᠢ ᠰᠠᠨᠠᠯ ᠬᠤᠷᠢᠶᠠᠵᠤ᠂ ᠲᠣᠪᠬᠢᠮᠠᠯ ᠳᠤ ᠵᠠᠰᠠᠪᠤᠷᠢ ᠣᠷᠣᠭᠤᠯᠤᠨ | ᠲᠡᠭᠦᠯᠳᠡᠷᠵᠢᠭᠦᠯᠵᠦ᠂ ᠲᠠᠷᠠᠭᠠᠴᠢ ᠶᠢᠨ ᠠᠯᠬᠤᠮ ᠳᠤ ᠲᠤᠰᠬᠠᠶ ᠮᠡᠷᠭᠡᠵᠢᠯᠲᠡᠨ ᠤ ᠰᠢᠯᠭᠠᠷᠠᠭᠤᠯᠤᠯᠲᠠ ᠶᠢ ᠳᠥᠯᠭᠢᠨ | ᠠᠬᠢᠭᠤᠯᠵᠤ᠂ ᠰᠢᠯᠭᠠᠷᠠᠭᠤᠯᠤᠯᠲᠠ ᠶᠢᠨ ᠳᠠᠷᠠᠭ᠎ᠠ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ ᠵᠢᠩᠬᠢᠨᠢ ᠪᠠᠷ | ᠨᠡᠶᠢᠲᠡᠯᠡᠨ ᠬᠡᠷᠡᠭᠵᠢᠭᠦᠯᠦᠨ᠎ᠡ᠃ ᠬᠤᠶᠠᠷ ᠲᠤ ᠲᠡᠦᠬᠡ ᠶᠢᠨ ᠦᠯᠡᠳᠡᠭᠳᠡᠯ ᠠᠭᠤᠷᠬᠠᠶ ᠶᠢᠨ ᠵᠠᠰᠠᠯᠲᠠ ᠶᠢ ᠠᠬᠢᠭᠤᠯᠵᠤ᠂ | ᠪᠠᠲᠤᠬᠠᠭᠠᠯᠭ᠎ᠠ ᠶᠢᠨ ᠡᠷᠬᠢᠨ ᠲᠣᠭᠤᠷᠢᠨ ᠤ ᠲᠡᠦᠬᠡ ᠶᠢᠨ ᠦᠯᠡᠳᠡᠭᠳᠡᠯ ᠠᠭᠤᠷᠬᠠᠶ ᠶᠢᠨ ᠠᠮᠢ ᠠᠬᠤᠶ ᠶᠢ ᠵᠠᠰᠠᠨ | ᠰᠡᠷᠭᠦᠭᠡᠬᠦ ᠲᠥᠷᠥᠯ ᠵᠦᠢᠯ ᠢ ᠤᠯᠬᠤ ᠪᠠᠷ ᠢᠳᠡᠪᠬᠢᠲᠡᠶ ᠴᠢᠷᠮᠠᠶᠢᠵᠤ᠂ 2023 ᠣᠨ ᠳᠤ ᠣᠨ ᠤ ᠲᠤᠰᠬᠠᠶ | ᠵᠦᠢᠯ ᠤᠨ ᠪᠠᠯᠠ ᠮᠥᠩᠭᠦ ᠶᠢ 1206 ᠲᠦᠮᠡᠨ ᠲᠥᠭᠦᠷᠢᠭ ︵ᠲᠥᠷᠥᠯ ᠵᠦᠢᠯ ᠤᠨ ᠶᠡᠷᠦᠩᠬᠡᠶ | ᠪᠠᠯᠠ ᠮᠥᠩᠭᠦ 2416 ᠲᠦᠮᠡᠨ ᠲᠥᠭᠦᠷᠢᠭ︶ ᠪᠠᠭᠤᠯᠭᠠᠵᠤ᠂ ᠲᠥᠷᠥᠯ ᠵᠦᠢᠯ ᠤᠨ ᠵᠢᠷᠤᠭ | ᠲᠥᠯᠥᠪᠯᠡᠭᠡ ᠶᠢ ᠨᠢᠭᠡᠨᠲᠡ ᠴᠣᠬᠤᠯᠠᠪᠤᠷᠢᠯᠠᠨ ᠬᠠᠷᠢᠭᠤᠯᠵᠤ᠂ ᠪᠠᠷᠢᠯᠭ᠎ᠠ ᠶᠢᠨ ᠠᠵᠢᠯ ᠢ ᠬᠢᠨᠠᠨ ᠬᠠᠮᠢᠶᠠᠷᠬᠤ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠨᠢᠭᠡᠨᠲᠡ ᠪᠡᠶᠡᠯᠡᠭᠦᠯᠵᠦ᠂ ᠲᠥᠷᠥᠯ ᠵᠦᠢᠯ ᠤᠨ | ᠡᠯ᠎ᠡ ᠳᠠᠭᠠᠭᠠᠴᠢᠯᠠᠯᠲᠠ ᠶᠢᠨ ᠬᠡᠰᠡᠭ ᠠᠵᠢᠯ ᠨᠢᠭᠡᠨᠲᠡ ᠡᠬᠢᠯᠡᠪᠡ ᠃ ᠡᠨᠡ ᠵᠢᠯ ᠥᠪᠥᠷ | ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠦᠨᠡᠲᠦ ᠬᠡᠰᠡᠭ ᠤᠨ | ᠲᠡᠦᠬᠡ ᠶᠢᠨ ᠦᠯᠡᠳᠡᠭᠳᠡᠯ ᠠᠭᠤᠷᠬᠠᠶ︾ ᠶᠢ ᠭᠤᠶᠤᠴᠢᠯᠠᠨ ᠮᠡᠳᠡᠭᠦᠯᠵᠦ᠂ ᠣᠳᠣᠬᠠᠨ ᠳᠤ ᠲᠣᠰ ᠲᠥᠷᠥᠯ | ᠵᠦᠢᠯ ᠢ ᠨᠢᠭᠡᠨᠲᠡ ᠬᠥᠮᠥᠷᠭᠡ ᠳᠤ ᠣᠷᠣᠭᠤᠯᠪᠠ︔ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢ ᠢᠳᠡᠪᠬᠢᠲᠡᠶ | ᠰᠦᠪᠡᠭᠴᠢᠯᠡᠨ ᠠᠰᠢᠭᠯᠠᠵᠤ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠶᠢ ᠵᠠᠰᠠᠬᠤ ᠠᠵᠢᠯ ᠢ | ᠠᠬᠢᠭᠤᠯᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠤ ᠳᠠᠷᠠᠭ᠎ᠠ ᠪᠣᠳᠠᠲᠠᠶ ᠲᠥᠰᠦᠯ ᠢ | ᠦᠨᠳᠦᠰᠦᠯᠡᠨ ᠡᠮᠬᠢ ᠵᠢᠷᠤᠮ ᠲᠠᠢ ᠪᠠᠷ ᠠᠬᠢᠭᠤᠯᠪᠠ ︔ ︽ᠨᠡᠮᠡᠭᠳᠡᠯ ᠬᠠᠰᠤᠭᠳᠠᠯ ᠢ ᠬᠤᠯᠪᠣᠬᠤ︾ | ᠲᠥᠷᠦᠯ ᠵᠦᠢᠯ ᠤᠨ ᠬᠡᠷᠡᠭᠵᠢᠭᠦᠯᠦᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠦᠢᠯᠡᠳᠪᠦᠷᠢ ᠠᠭᠤᠷᠬᠠᠢ ᠶᠢᠨ | ᠬᠠᠶᠠᠭᠳᠠᠮᠠᠯ ᠭᠠᠵᠠᠷ ᠲᠤ ᠳᠠᠬᠢᠨ ᠬᠠᠭᠠᠯᠪᠤᠷᠢᠯᠠᠬᠤ ᠶᠢ ᠬᠡᠷᠡᠭᠵᠢᠭᠦᠯᠬᠦ ᠪᠠᠷ ᠳᠠᠮᠵᠢᠨ᠂ ᠡᠮᠬᠢᠯᠡᠵᠦ ᠠᠷᠪᠢᠯᠠᠭᠰᠠᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠯ ᠲᠤᠭ᠎ᠠ ᠶᠢ ᠨᠢᠭᠡᠳᠦᠯᠲᠡᠢ ᠬᠠᠮᠢᠶᠠᠷᠴᠤ | ᠲᠥᠪᠯᠡᠷᠡᠭᠦᠯᠦᠨ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠭᠠᠵᠠᠷ ᠰᠢᠷᠣᠢ ᠶᠢ ᠡᠷᠴᠢᠮᠵᠢᠭᠦᠯᠦᠨ | ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠳᠠᠬᠢᠨ ᠬᠠᠭᠠᠯᠪᠤᠷᠢᠯᠠᠭᠰᠠᠨ ᠤ ᠳᠠᠷᠠᠭᠠᠬᠢ ᠭᠠᠵᠠᠷ ᠬᠡᠷᠡᠭᠯᠡᠬᠦ | ᠭᠦᠢᠴᠡᠳᠬᠡᠯ ᠲᠤᠭ᠎ᠠ ᠶᠢ ᠮᠤᠵᠢ ᠶᠢᠨ ᠳᠣᠲᠣᠷ᠎ᠠ ᠠᠷᠠᠯᠵᠢᠶᠠᠯᠠᠬᠤ ᠳᠤ ᠬᠡᠷᠡᠭᠯᠡᠵᠦ᠂ ᠮᠠᠨ ᠤ ᠬᠤᠰᠢᠭᠤᠨ ᠤ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠯ ᠲᠤᠭ᠎ᠠ ᠶᠢᠨ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠢ | ᠨᠠᠮᠳᠠᠭᠤᠯᠤᠨ᠂ ᠲᠥᠯᠥᠪᠯᠡᠭᠡ ᠶᠢᠨ ᠲᠥᠷᠦᠯ ᠵᠦᠢᠯ ᠢ ᠬᠤᠶᠠᠷ ᠪᠦᠯᠦᠭ ᠬᠤᠪᠢᠶᠠᠨ ᠬᠡᠷᠡᠭᠵᠢᠭᠦᠯᠵᠦ᠂ ᠨᠢᠭᠡᠳᠦᠭᠡᠷ | ᠪᠦᠯᠦᠭ ᠬᠢᠭᠡᠳ ᠪᠠᠲᠤᠬᠠᠭᠠᠯᠭ᠎ᠠ ᠶᠢᠨ ᠡᠷᠭᠢᠨ ᠲᠣᠭᠤᠷᠢᠨ ᠢ ᠵᠠᠰᠠᠨ ᠰᠡᠷᠭᠦᠭᠡᠬᠦ ᠲᠥᠷᠦᠯ ᠵᠦᠢᠯ ᠢ ᠵᠡᠷᠭᠡᠪᠡᠷ ᠲᠦᠯᠬᠢᠨ | ᠠᠬᠢᠭᠤᠯᠪᠠ᠃ ᠭᠤᠷᠪᠠ ᠳᠤ᠂ ᠬᠤᠭᠤᠴᠠᠭᠠᠨ ᠳ᠋ᠤᠭᠠᠨ ᠪᠠᠶᠢᠭ᠎ᠠ ᠠᠭᠤᠷᠬᠠᠶ ᠶᠢᠨ ᠭᠠᠵᠠᠷ ᠤᠨ ᠣᠷᠴᠢᠨ | ᠲᠣᠭᠤᠷᠢᠨ ᠤ ᠵᠠᠰᠠᠯᠲᠠ ᠶᠢ ᠠᠬᠢᠭᠤᠯᠵᠤ᠂ ᠲᠣᠰ ᠵᠢᠯ ᠳᠤ 33 ᠠᠭᠤᠷᠬᠠᠶ ᠶᠢᠨ ᠣᠨ ᠤ ᠵᠠᠰᠠᠯᠲᠠ ᠶᠢᠨ | ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ ᠳᠠᠩᠰᠠᠯᠠᠭᠤᠯᠬᠤ ᠶᠢᠨ ᠬᠠᠮᠲᠤ᠂ ᠠᠭᠤᠷᠬᠠᠶ ᠶᠢᠨ ᠠᠵᠤ ᠠᠬᠤᠶᠢᠯᠠᠯ ᠢ | ᠣᠨ ᠤ ᠵᠠᠰᠠᠯᠲᠠ ᠶᠢᠨ ᠲᠥᠯᠥᠪᠯᠡᠭᠡ ᠶᠣᠰᠣᠭᠠᠷ ᠵᠠᠰᠠᠯᠲᠠ ᠶᠢᠨ ᠰᠠᠭᠤᠷᠢ ᠮᠥᠩᠭᠦ ᠶᠢ ᠭᠠᠷᠭᠠᠨ ᠠᠪᠴᠤ᠂ | ᠵᠠᠰᠠᠯᠲᠠ ᠶᠢᠨ ᠢᠨᠵᠧᠨᠧᠷᠢᠩ ᠢ ᠡᠮᠬᠢ ᠵᠢᠷᠤᠮ ᠲᠠᠢ ᠥᠷᠨᠢᠭᠦᠯᠬᠦ ᠶᠢ ᠱᠠᠭᠠᠷᠳᠠᠵᠤ᠂ ᠣᠲᠣ ᠪᠣᠯᠲᠠᠯ᠎ᠠ ᠨᠢᠭᠡᠨᠲᠡ | ᠪᠦᠭᠦᠳᠡ ᠶᠢ ᠨᠢ ᠵᠠᠰᠠᠵᠤ ᠳᠠᠭᠤᠰᠬᠠᠪᠠ᠃ ᠳᠥᠷᠪᠡ ᠳᠤ᠂ ᠬᠤᠶᠠᠳᠤᠭᠠᠷ ᠡᠭᠡᠯᠵᠢ ᠶᠢᠨ ᠲᠥᠪ ᠤᠨ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠮᠠᠨ ᠤ ᠬᠤᠰᠢᠭᠤ 13 | ᠵᠠᠳᠠᠭᠠᠶ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ ᠵᠢᠴᠢ ᠤᠷᠭᠤᠮᠠᠯ ᠤᠨ | ᠪᠦᠷᠬᠦᠴᠡ ᠶᠢ ᠰᠡᠷᠭᠦᠭᠡᠬᠦ ᠠᠵᠢᠯ ᠳᠤ ᠬᠤᠯᠪᠣᠭᠳᠠᠵᠤ᠂ ᠡᠭᠦᠨ ᠤ ᠳᠣᠲᠣᠷᠠᠬᠢ 3 ᠠᠭᠤᠷᠬᠠᠶ ᠶᠢ ᠨᠢ | ᠴᠡᠭᠴᠡᠯᠡᠨ ᠰᠠᠶᠢᠵᠢᠷᠠᠭᠤᠯᠬᠤ ᠴᠢᠬᠤᠯᠠ ᠥᠬᠡᠶ᠂ ᠪᠠᠰᠠ 10 ᠠᠭᠤᠷᠬᠠᠶ ᠶᠢ ᠨᠢ ᠶᠠᠭ ᠵᠠᠰᠠᠬᠤ ᠲᠥᠯᠥᠪᠯᠡᠭᠡ | ᠶᠣᠰᠣᠭᠠᠷ ᠵᠠᠰᠠᠯᠲᠠ ᠶᠢ ᠠᠬᠢᠭᠤᠯᠵᠤ᠂ ᠣᠲᠣ ᠪᠣᠯᠲᠠᠯ᠎ᠠ ᠨᠢᠭᠡᠨᠲᠡ 9 ᠠᠭᠤᠷᠬᠠᠶ ᠶᠢ ᠵᠠᠰᠠᠵᠤ ᠳᠠᠭᠤᠰᠬᠠᠪᠠ᠃ | ᠲᠠᠪᠤ ᠳᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠯᠠᠪᠳᠠᠭᠤᠨ | ᠪᠠᠲᠤᠲᠠᠶ ᠠᠬᠢᠭᠤᠯᠵᠤ᠂ ᠨᠥᠬᠦᠴᠡᠯ ᠳᠤ ᠨᠡᠶᠢᠴᠡᠬᠦ ᠠᠭᠤᠷᠬᠠᠶ ᠶᠢᠨ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ | ᠪᠠᠶᠢᠭᠠᠳ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ | ᠪᠠᠷᠢᠮᠵᠢᠶ᠎ᠠ ᠳᠤ ᠬᠦᠷᠦᠭᠦᠯᠬᠦ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠪᠠ ᠃ | ᠵᠢᠷᠭᠤᠭ᠎ᠠ ᠳᠤ᠂ ᠬᠠᠳᠠᠭᠠᠯᠠᠭᠳᠠᠵᠤ ᠪᠠᠢᠭ᠎ᠠ ᠠᠭᠤᠷᠬᠠᠢ ᠶᠢᠨ ᠠᠵᠤ ᠠᠬᠤᠶᠢᠯᠠᠯ ᠤᠨ ᠡᠷᠭᠢᠯᠲᠡ ᠶᠢ ᠢᠳᠡᠪᠬᠢᠲᠡᠢ | ᠠᠬᠢᠭᠤᠯᠵᠤ᠂ ᠴᠡᠭᠠᠨᠬᠠᠳᠠ ᠶᠢᠨ ᠪᠧᠯᠬᠢ ᠴᠣᠬᠤᠢ ᠶᠢᠨ ᠴᠢᠯᠠᠭᠤᠯᠢᠭ ᠤᠨ ᠠᠭᠤᠷᠬᠠᠢ ᠪᠠ | ᠴᠡᠭᠠᠨᠬᠠᠳᠠ ᠶᠢᠨ ᠮᠤᠰᠢᠭᠠᠢ ᠠᠭᠤᠷᠬᠠᠢ ᠶᠢᠨ ᠣᠷᠣᠨ ᠤ ᠴᠣᠬᠤᠢ ᠶᠢᠨ | ᠴᠢᠯᠠᠭᠤᠯᠢᠭ ᠤᠨ ᠠᠭᠤᠷᠬᠠᠢ ᠶᠢᠨ ᠭᠦᠨ ᠬᠡᠰᠡᠭ ᠤᠨ ᠠᠭᠤᠷᠬᠠᠢ ᠬᠠᠶᠢᠬᠤ ᠡᠷᠬᠡ ᠶᠢ ᠪᠠᠢᠭᠤᠯᠪᠠ ᠃ | ᠳᠣᠯᠤᠭ᠎ᠠ ᠳᠤ ᠦᠶᠡᠷ ᠤᠨ ᠬᠤᠭᠤᠴᠠᠭᠠᠨ ᠤ ᠭᠠᠵᠠᠷ ᠰᠢᠨᠵᠢᠯᠡᠭᠡᠨ ᠤ ᠭᠠᠮᠰᠢᠭ ᠢ | ᠰᠡᠷᠭᠡᠶᠢᠯᠡᠨ ᠵᠠᠰᠠᠬᠤ ᠠᠵᠢᠯ ᠢ ᠢᠳᠡᠪᠬᠢᠲᠡᠶ ᠥᠷᠨᠢᠭᠦᠯᠵᠦ᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ | ᠭᠠᠵᠠᠷ ᠰᠢᠨᠵᠢᠯᠡᠭᠡᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ︵ | 2021—2025︶︾ ᠶᠢ ᠳᠠᠷᠤᠮᠠᠯᠯᠠᠨ ᠲᠠᠷᠬᠠᠭᠠᠵᠤ᠂ ᠦᠶᠡᠷ ᠤᠨ ᠬᠤᠭᠤᠴᠠᠭᠠᠨ ᠳᠤ 24 ᠴᠠᠭ ᠢᠶᠠᠷ | ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠣᠰ ᠵᠢᠯ ᠳᠤ ᠭᠠᠵᠠᠷ | ᠰᠢᠨᠵᠢᠯᠡᠭᠡᠨ ᠤ ᠭᠠᠮᠰᠢᠭ ᠡᠭᠦᠰᠦᠭᠰᠡᠨ ᠥᠬᠡᠶ᠃ | ︵ᠨᠠᠢᠮᠠ︶ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠡᠬᠢ | ᠪᠠᠶᠠᠯᠢᠭ ᠢ ᠨᠡᠭᠡᠭᠡᠨ ᠠᠰᠢᠭᠯᠠᠬᠤ ᠡᠮᠬᠢ ᠳᠢᠭᠯᠢᠮ ᠢ ᠬᠠᠮᠠᠭᠠᠯᠠᠪᠠ ᠃ ᠨᠢᠭᠡ ᠳᠤ ᠬᠠᠤᠯᠢ | ᠬᠡᠷᠡᠭᠵᠢᠭᠦᠯᠬᠦ ᠬᠥᠳᠡᠯᠦᠩᠭᠦᠶ ᠲᠣᠭᠤᠷᠢᠨ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠦᠨᠡᠨ ᠬᠦ ᠡᠷᠲᠡ ᠢᠯᠡᠷᠡᠭᠦᠯᠵᠦ᠂ ᠡᠷᠲᠡ ᠬᠤᠷᠢᠭᠯᠠᠵᠤ᠂ ᠴᠢᠩᠭ᠎ᠠ | ᠪᠠᠶᠢᠴᠠᠭᠠᠨ ᠰᠢᠢᠳᠪᠦᠷᠢᠯᠡᠵᠡᠢ ᠃ ᠣᠲᠣ ᠪᠣᠯᠲᠠᠯ᠎ᠠ᠂ ᠨᠡᠶᠢᠲᠡ 261 ᠲᠡᠷᠭᠡ | ᠬᠥᠳᠡᠯᠭᠡᠵᠦ᠂ 839 ᠬᠥᠮᠦᠨ ᠤᠳᠠᠭ᠎ᠠ ᠲᠣᠭᠤᠷᠢᠨ ᠪᠠᠶᠢᠴᠠᠭᠠᠵᠠᠢ᠃ ᠬᠤᠶᠠᠷ ᠲᠤ᠂ ᠳᠠᠭᠠᠭᠤᠯᠢ ᠤᠳᠤᠨ ᠤ ᠬᠡᠷᠡᠯ | ᠵᠢᠷᠤᠭ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠲᠤᠬᠠᠶ ᠶᠢᠨ ᠭᠠᠵᠠᠷ ᠲᠤᠨᠢ ᠬᠠᠷᠭᠤᠭᠤᠯᠤᠨ | ᠪᠠᠶᠢᠴᠠᠭᠠᠬᠤ ᠵᠢᠴᠢ ᠭᠡᠷᠡᠴᠢ ᠭᠠᠷᠭᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠪᠡ᠃ ᠲᠣᠰ ᠵᠢᠯ ᠳᠤ ᠮᠠᠨ ᠤ | ᠬᠤᠰᠢᠭᠤᠨ ᠤ 1208 ᠵᠢᠷᠤᠭ ᠤᠨ ᠲᠣᠯᠪᠤ ᠶᠢ ᠪᠠᠭᠤᠯᠭᠠᠵᠤ᠂ ᠮᠠᠨ ᠤ ᠲᠣᠪᠴᠢᠶ᠎ᠠ ᠪᠣᠯᠤᠨ ᠰᠤᠮᠤ ᠰᠢᠶᠠᠩ | ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠣᠲᠣᠭᠠᠳᠤ | ᠭᠠᠳᠠᠭᠠᠳᠤ ᠶᠢᠨ ᠠᠵᠢᠯ ᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠭᠠᠭᠤᠯᠢ ᠣᠳᠣᠨ ᠤ ᠠᠯᠤᠰ ᠰᠡᠷᠡᠯ ᠤᠨ | ᠵᠢᠷᠤᠭ ᠲᠤ ᠬᠢᠨᠠᠨ ᠪᠠᠶᠢᠴᠠᠭᠠᠯᠲᠠ ᠬᠢᠪᠡ᠃ ᠣᠲᠣ ᠪᠣᠯᠲᠠᠯ᠎ᠠ᠂ 1204 ᠵᠢᠷᠤᠭ ᠤᠨ ᠲᠣᠯᠪᠤ ᠶᠢ ᠬᠠᠷᠭᠤᠭᠤᠯᠤᠨ | ᠪᠠᠶᠢᠴᠠᠭᠠᠵᠤ ᠭᠡᠷᠡᠴᠢ ᠳᠤᠷᠠᠳᠴᠤ᠂ ᠬᠠᠤᠯᠢ ᠠᠴᠠ ᠵᠥᠷᠢᠴᠡᠭᠰᠡᠨ 4 ᠵᠢᠷᠤᠭ ᠤᠨ ᠲᠣᠯᠪᠤ ᠶᠢ ᠨᠢᠭᠡᠨᠲᠡ ᠰᠤᠮᠤ | ᠰᠢᠶᠠᠩ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠤᠪᠴᠢᠶᠠᠨ ᠳᠤ ᠰᠢᠯᠵᠢᠭᠦᠯᠦᠨ ᠲᠤᠰᠢᠶᠠᠵᠤ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ | ᠰᠢᠢᠳᠪᠦᠷᠢᠯᠡᠭᠦᠯᠪᠡ᠃ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠬᠤ ᠪᠠᠷ ᠳᠠᠮᠵᠢᠭᠤᠯᠤᠨ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ | ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠷᠢᠬᠤ | ᠠᠰᠠᠭᠤᠳᠠᠯ ᠢ ᠡᠷᠡᠰ ᠬᠤᠷᠢᠭᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠦᠨᠡᠨ ᠬᠦ ᠪᠠᠲᠤ | ᠰᠠᠬᠢᠵᠤ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠠᠲᠤ ᠴᠣᠭᠴᠠᠯᠠᠪᠠ ᠃ | ᠭᠤᠷᠪᠠ ᠳᠤ᠂ ᠪᠠᠶᠢᠭᠠᠯᠢ ᠶᠢᠨ ᠡᠬᠢ ᠪᠠᠶᠠᠯᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠨᠠᠷᠢᠨ ᠬᠢᠨᠠᠮᠠᠭᠠᠢ | ᠨᠠᠢᠳᠠᠪᠤᠷᠢᠵᠢᠭᠤᠯᠪᠠ ᠃ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ | ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽12345︾ ᠬᠤᠲᠠ ᠶᠢᠨ ᠳᠠᠷᠤᠭ᠎ᠠ ᠶᠢᠨ ᠬᠠᠯᠠᠮᠰᠢᠯ | ᠤᠲᠠᠰᠤ 129 ᠶᠢ ᠭᠥᠯᠢᠶᠡᠨ ᠠᠪᠴᠤ ᠰᠢᠢᠳᠪᠦᠷᠢᠯᠡᠨ᠂ ᠣᠯᠠᠨ ᠲᠦᠮᠡᠨ ᠤ ᠵᠠᠬᠢᠳᠠᠯ᠂ ᠤᠲᠠᠰᠤ᠂ ᠰᠤᠷᠪᠤᠯᠵᠢᠯᠠᠯ | ᠬᠢᠵᠦ ᠬᠠᠷᠢᠭᠤ ᠲᠤᠰᠬᠠᠭᠰᠠᠨ ᠵᠦᠢᠯᠡᠰ ᠢ ᠲᠡᠷᠡ ᠳᠠᠷᠤᠶ ᠳᠤᠨᠢ ᠪᠠᠶᠢᠴᠠᠭᠠᠨ ᠬᠠᠷᠭᠤᠭᠤᠯᠵᠤ᠂ ᠵᠠᠬᠢᠳᠠᠯ | ᠰᠤᠷᠪᠤᠯᠵᠢᠯᠠᠯ ᠬᠢᠭᠰᠡᠳ ᠲᠤ ᠴᠠᠭ ᠲᠤᠬᠠᠶ ᠳᠤᠨᠢ ᠬᠠᠷᠢᠭᠤᠯᠲᠠ ᠥᠭᠪᠡ᠃ | ︵ᠶᠢᠰᠦ︶ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ ᠃ ᠨᠢᠭᠡ ᠳᠤ᠂ | ︽ᠪᠤᠭᠤᠲᠤ ᠬᠤᠲᠠ ᠶᠢᠨ ︿ᠲᠠᠨ ᠳᠤ ᠲᠠᠭᠠᠰᠢᠶᠠᠭᠳᠠᠭᠰᠠᠨ﹀ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠤᠨ ᠨᠠᠷᠠᠲᠤ ᠲᠥᠷᠥᠯ ᠲᠡᠮᠳᠡᠭᠲᠦ ᠶᠢ ᠪᠥᠬᠦ ᠲᠠᠯ᠎ᠠ ᠪᠠᠷ ᠴᠡᠪᠡᠷᠯᠡᠬᠦ ᠠᠵᠢᠯ ᠤᠨ ᠡᠭᠦᠷᠭᠡ ᠶᠢᠨ | ᠠᠵᠢᠯᠯᠠᠭᠠᠨ ᠤ ᠲᠥᠰᠦᠯ︾ ᠪᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︿ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠣᠨ﹀ ᠤ ᠠᠵᠢᠯᠯᠠᠭ᠎ᠠ ᠶᠢᠨ ᠲᠥᠰᠦᠯ︾ ᠢ ᠢᠳᠡᠪᠬᠢᠲᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠢᠯᠯᠠᠭ᠎ᠠ ᠶᠢᠨ ᠡᠭᠦᠷᠭᠡ ᠪᠠᠨ ᠴᠢᠨᠠᠷ ᠪᠠ ᠲᠤᠭ᠎ᠠ ᠪᠠᠷ ᠨᠢ ᠪᠡᠶᠡᠯᠡᠭᠦᠯᠬᠦ ᠶᠢ | ᠪᠠᠲᠤᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠨᠡᠨ ᠬᠦ | ᠰᠢᠯᠢᠳᠡᠭᠵᠢᠭᠦᠯᠪᠡ ᠃ ᠬᠤᠶᠠᠷ ᠲᠤ᠂ ᠲᠠᠰ ᠳᠠᠷᠠᠭᠠᠯᠠᠯ ᠪᠠ | ᠭᠦᠢᠴᠡᠳᠭᠡᠬᠦ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠬᠠᠤᠯᠢ | ᠶᠣᠰᠣᠭᠠᠷ ᠭᠥᠯᠢᠶᠡᠨ ᠠᠪᠴᠤ ᠰᠢᠢᠳᠪᠦᠷᠢᠯᠡᠵᠦ ᠂ ᠣᠳᠣᠬᠠᠨ ᠳᠤ ᠨᠡᠶᠢᠲᠡ 487 | ᠬᠤᠪᠢ ︵ᠰᠦᠯᠵᠢᠶᠡᠨ ᠳᠡᠭᠡᠷ᠎ᠡ 49 ᠬᠤᠪᠢ᠂ ᠰᠦᠯᠵᠢᠶᠡᠨ ᠭᠠᠳᠠᠨ᠎ᠠ 438 ᠬᠤᠪᠢ︶ ᠭᠥᠯᠢᠶᠡᠨ ᠠᠪᠴᠤ | ᠰᠢᠢᠳᠪᠦᠷᠢᠯᠡᠨ ᠂ ᠲᠤᠬᠠᠶᠢᠯᠠᠭᠰᠠᠨ ᠠᠵᠢᠯ ᠤᠨ ᠭᠥᠯᠢᠶᠡᠨ ᠠᠪᠴᠤ | ᠰᠢᠢᠳᠪᠦᠷᠢᠯᠡᠭᠰᠡᠨ ᠨᠣᠷᠮ᠎ᠠ ᠪᠠ ᠣᠯᠠᠨ ᠲᠦᠮᠡᠨ ᠤ ᠲᠠᠭᠠᠰᠢᠶᠠᠯ ᠤᠨ ᠨᠣᠷᠮ᠎ᠠ | 100 % ᠳᠤ ᠬᠦᠷᠴᠦ᠂ ᠬᠤᠭᠤᠴᠠᠭ᠎ᠠ ᠠᠴᠠ ᠬᠡᠲᠦᠷᠡᠭᠰᠡᠨ᠂ ᠵᠠᠭᠠᠯᠳᠤᠯᠭ᠎ᠠ ᠬᠢᠭᠰᠡᠨ ᠵᠡᠷᠭᠡ ᠪᠠᠢᠳᠠᠯ | ᠦᠭᠡᠢ ᠃ ᠭᠤᠷᠪᠠ ᠳᠤ ︽ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠬᠦ ᠠᠵᠢᠯ ᠤᠨ | ᠴᠤᠪᠤᠷᠠᠯ︾ ᠤᠨ ᠲᠤᠰᠬᠠᠶ ᠠᠵᠢᠯᠯᠠᠭ᠎ᠠ ᠶᠢ ᠦᠷᠨᠢᠭᠥᠯᠪᠡ ᠃ ︽ᠡᠷᠬᠡ ᠶᠢ ᠳᠣᠷᠣᠭᠰᠢ | ᠪᠠᠭᠤᠯᠭᠠᠬᠤ᠂ ᠭᠤᠭᠴᠤᠭ᠎ᠠ ᠶᠢ ᠴᠣᠮᠬᠠᠳᠬᠠᠬᠤ᠂ ᠴᠢᠬᠤᠯᠠ ᠨᠥᠬᠦᠴᠡᠯ ᠢ ᠴᠥᠭᠡᠳᠬᠡᠬᠦ᠂ ᠴᠠᠭ ᠤᠨ ᠬᠢᠵᠠᠭᠠᠷ ᠢ | ᠪᠣᠭᠤᠨᠢᠰᠬᠠᠬᠤ︾ ᠳᠥᠷᠪᠡᠨ ᠵᠦᠢᠯ ᠤᠨ ᠪᠠᠷᠢᠮᠵᠢᠶ᠎ᠠ ᠪᠠᠷ ᠪᠠᠷᠢᠮᠵᠢᠶᠠᠯᠠᠵᠤ᠂ ᠳᠣᠲᠣᠭᠠᠳᠤ ᠶᠢᠨ ᠣᠯᠠᠨ | ᠨᠡᠶᠢᠲᠡ ᠶᠢᠨ ᠬᠠᠮᠢᠶᠠᠷᠤᠯᠲᠠ ᠪᠠ ᠭᠠᠳᠠᠭᠠᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠤᠶᠠᠷ ᠲᠥᠷᠥᠯ ᠤᠨ ᠵᠦᠢᠯᠡᠰ ᠢ ᠨᠢᠭᠡᠳᠦᠯᠲᠡᠶ ᠲᠥᠯᠥᠪᠯᠡᠨ᠂ ᠪᠠᠶᠢᠭᠠᠯᠢ ᠶᠢᠨ ᠡᠬᠢ ᠪᠠᠶᠠᠯᠢᠭ ᠤᠨ | ᠬᠡᠪᠴᠢᠶᠡᠨ ᠳᠠᠬᠢ ᠵᠠᠰᠠᠭ ᠤᠨ ᠶᠠᠪᠤᠳᠠᠯ ᠤᠨ ᠠᠵᠢᠯ ᠢ ᠤᠯᠠᠮ ᠨᠢᠭᠡ ᠠᠯᠬᠤᠮ ︽ᠵᠢᠷᠤᠮᠵᠢᠭᠤᠯᠬᠤ᠂ | ᠴᠣᠮᠬᠠᠳᠬᠠᠬᠤ᠂ ᠲᠦᠷᠭᠡᠳᠬᠡᠬᠦ︾ ᠶᠢ ᠠᠬᠢᠭᠤᠯᠪᠠ ᠃ ᠳᠥᠷᠪᠡ ᠳᠤ᠂ ᠪᠥᠬᠦ ᠣᠷᠣᠨ ᠳᠤ | ᠨᠢᠭᠡᠳᠦᠯᠲᠡᠶ ᠬᠡᠷᠡᠭᠵᠢᠭᠦᠯᠬᠦ ᠱᠠᠭᠠᠷᠳᠠᠯᠭ᠎ᠠ ᠶᠣᠰᠣᠭᠠᠷ᠂ ᠲᠤᠬᠠᠶᠢᠯᠠᠭᠰᠠᠨ ᠠᠵᠢᠯ ᠤᠨ ᠨᠢᠭᠡᠳᠦᠯᠲᠡᠶ | ᠵᠦᠢᠯᠡᠰ ᠤᠨ ᠨᠡᠷᠡᠶᠢᠳᠦᠯ᠂ ᠴᠢᠬᠤᠯᠠ ᠮᠠᠲ᠋ᠧᠷᠢᠶᠠᠯ ᠤᠨ ᠨᠠᠷᠢᠨ ᠬᠠᠭᠤᠳᠠᠰᠤ᠂ ᠬᠢᠨᠠᠨ ᠪᠠᠶᠢᠴᠠᠭᠠᠬᠤ | ᠭᠤᠤᠯᠳᠠᠯᠭ᠎ᠠ ᠵᠡᠷᠭᠡ ᠲᠠᠯ᠎ᠠ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠯᠵᠢᠶᠡᠨ ᠭᠠᠳᠠᠨᠠᠬᠢ | ︿ᠪᠥᠬᠦ ᠣᠷᠣᠨ ᠳᠤ ᠨᠡᠶᠢᠳᠡᠮ ᠭᠦᠢᠴᠡᠳᠬᠡᠬᠦ﹀ ᠵᠦᠢᠯᠡᠰ ᠤᠨ ᠨᠠᠷᠢᠨ ᠬᠠᠭᠤᠳᠠᠰᠤ︾ ᠶᠢ ᠡᠮᠬᠢᠯᠡᠬᠦ ᠶᠢᠨ | ᠬᠠᠮᠲᠤ᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠤᠨ ᠲᠤᠬᠠᠶᠢᠯᠠᠭᠰᠠᠨ ᠠᠵᠢᠯ ᠢ | ᠵᠢᠩᠬᠢᠨᠢ ᠪᠠᠷ ᠨᠡᠶᠢᠲᠡᠯᠡᠨ ᠨᠡᠪᠲᠡᠷᠡᠭᠦᠯᠪᠡ ᠃ | ᠬᠥᠲᠥᠯᠥᠭᠴᠢ᠄ 2024 ᠣᠨ ᠳᠤ ᠶᠠᠮᠠᠷ ᠲᠥᠯᠥᠪᠯᠡᠭᠡ ᠲᠠᠢ ᠪᠣᠶ︖ | ᠵᠣᠴᠢᠨ᠄ | ︵ᠨᠢᠭᠡ︶ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ | ᠰᠢᠯᠢᠳᠡᠭᠵᠢᠭᠦᠯᠵᠦ᠂ ᠪᠣᠭᠤᠮᠲᠠ ᠪᠠ ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠠᠬᠢᠭᠤᠯᠤᠨ᠎ᠠ᠃ ᠨᠢᠭᠡ ᠳᠤ᠂ | ᠠᠷᠠᠳ ᠤᠨ ᠠᠮᠢᠳᠤᠷᠠᠯ ᠤᠨ ᠲᠥᠷᠥᠯ᠂ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ | ᠲᠥᠷᠥᠯ᠂ ᠰᠠᠭᠤᠷᠢ ᠲᠥᠬᠦᠭᠡᠷᠦᠮᠵᠢ ᠶᠢᠨ ᠲᠥᠷᠥᠯ ᠵᠢᠴᠢ ᠪᠥᠬᠦ ᠬᠤᠰᠢᠭᠤᠨ ᠤ ᠴᠢᠬᠤᠯᠠ ᠶᠡᠭᠡ ᠠᠵᠤ ᠦᠢᠯᠡᠰ ᠤᠨ | ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ | ᠵᠠᠶ ᠶᠢᠨ ᠬᠤᠲᠠ ᠪᠠᠯᠭᠠᠰᠤᠨ ᠤ ᠬᠠᠮᠢᠶᠠᠷᠤᠨ ᠡᠵᠡᠮᠳᠡᠬᠦ ᠱᠤᠭᠤᠮ ᠢ ᠰᠢᠯᠢᠳᠡᠭᠵᠢᠭᠦᠯᠬᠦ ᠰᠠᠨᠠᠯ ᠢ ᠰᠤᠳᠤᠯᠤᠨ | ᠳᠤᠷᠠᠳᠤᠨ᠎ᠠ᠃ ᠬᠤᠶᠠᠷ ᠲᠤ ᠮᠠᠨᠳᠤᠯ ᠪᠣᠭᠤᠮᠲᠠ᠂ ᠪᠠᠷᠠᠭᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ | ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ ᠶᠢ ᠣᠯᠬᠤ ᠪᠠᠷ ᠢᠳᠡᠪᠬᠢᠯᠡᠨ ᠴᠢᠷᠮᠠᠶᠢᠵᠤ᠂ ᠬᠤᠲᠠ ᠪᠠᠯᠭᠠᠰᠤᠨ ᠤ | ᠨᠡᠭᠡᠭᠡᠯᠲᠡ ᠶᠢᠨ ᠵᠠᠭᠠᠭ ᠢ ᠰᠢᠯᠢᠳᠡᠭᠵᠢᠭᠦᠯᠦᠨ ᠲᠣᠬᠢᠷᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠢ | ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠤ ᠦᠢᠯᠡᠳᠪᠦᠷᠢ ᠵᠢᠴᠢ ᠪᠣᠭᠤᠮᠲᠠ ᠶᠢᠨ ᠠᠷᠠᠯᠵᠢᠶ᠎ᠠ | ᠬᠤᠳᠠᠯᠳᠤᠭᠠᠨ ᠤ ᠠᠵᠤ ᠠᠬᠤᠶ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ | ︵ᠬᠤᠶᠠᠷ︶ ᠡᠬᠢ ᠪᠠᠶᠠᠯᠢᠭ ᠤᠨ ᠬᠦᠴᠦᠨ ᠵᠦᠢᠯ ᠢ ᠵᠦᠢ ᠵᠣᠬᠢᠰᠲᠠᠶ ᠲᠣᠬᠢᠷᠠᠭᠤᠯᠵᠤ᠂ ᠠᠵᠤ ᠦᠢᠯᠡᠰ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ︽ᠪᠣᠳᠠᠲᠠᠶ ᠲᠠᠢ ᠤᠶᠠᠯᠳᠤᠭᠤᠯᠬᠤ᠂ | ᠲᠤᠤᠱᠯᠠᠭᠤᠯᠤᠨ ᠨᠠᠶᠢᠳᠠᠪᠤᠷᠢᠵᠢᠭᠤᠯᠬᠤ︾ ᠲᠠᠯ᠎ᠠ ᠪᠠᠷ ᠪᠣᠳᠠᠲᠠᠶ ᠠᠷᠭ᠎ᠠ ᠭᠠᠷᠭᠠᠵᠤ ᠂ ᠬᠤᠲᠠ ᠶᠢᠨ | ᠨᠠᠮ ᠤᠨ ᠬᠤᠷᠢᠶᠠᠨ ᠤ ᠲᠣᠭᠲᠠᠭᠠᠭᠰᠠᠨ ︽ᠬᠤᠶᠠᠷ ᠰᠢᠨ᠎ᠡ︾ ᠶᠢᠨ ᠤᠳᠤᠷᠢᠳᠤᠮᠵᠢ ᠶᠢᠨ ᠲᠣᠭᠤᠷᠢᠨ ᠳᠤ᠂ ᠮᠠᠨ ᠤ | ᠬᠤᠰᠢᠭᠤᠨ ᠤ ︽ᠮᠢᠩᠭᠠᠨ ᠲᠦᠮᠡᠨ ᠬᠢᠯᠦᠸᠠᠲ ᠤᠨ ᠲᠡᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ᠂ ᠮᠢᠩᠭᠠᠨ | ᠲᠦᠮᠡᠨ ᠲᠣᠨ ᠤ ᠳᠡᠰ ᠤᠨ ᠠᠷᠠᠯᠵᠢᠶᠠᠨ ᠤ ᠪᠣᠭᠤᠮᠲᠠ᠂ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠠᠵᠤ | ᠦᠢᠯᠡᠳᠪᠤᠷᠢ ᠶᠢᠨ ᠬᠦᠷᠢᠶᠡᠯᠡᠩ ᠲᠣᠭᠤᠷᠢᠭ︾ ᠢ ᠪᠠᠢᠭᠤᠯᠬᠤ ᠬᠠᠷᠠᠯᠲᠠ ᠶᠤᠰᠤᠭᠠᠷ᠂ | ᠪᠠᠶᠢᠭᠠᠯᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠪᠠ ᠭᠠᠵᠠᠷ ᠰᠢᠷᠣᠶ ᠶᠢᠨ | ᠦᠢᠯᠡᠳᠪᠦᠷᠢᠯᠡᠯ ᠤᠨ ᠡᠯᠧᠮᠧᠨ᠋ᠲ ᠢ ᠵᠦᠶ ᠵᠣᠬᠢᠰᠲᠠᠶ | ᠳᠣᠬᠢᠷᠠᠭᠤᠯᠵᠤ ᠂ ᠠᠵᠢᠯ ᠤᠨ ᠲᠤᠰᠬᠠᠶ ᠠᠩᠭᠢ ᠳᠤ ᠲᠦᠰᠢᠭᠯᠡᠵᠦ | ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ ᠂ ᠲᠥᠷᠥᠯ ᠵᠦᠢᠯ ᠢ ᠲᠦᠷᠦᠭᠦᠯᠡᠨ | ᠬᠢᠬᠦ ᠨᠢᠭᠡᠴᠡ ᠪᠣᠯᠤᠨ ᠪᠦᠲᠦᠭᠡᠨ ᠪᠠᠶᠢᠭᠤᠯᠬᠤ ᠨᠢᠭᠡᠴᠡ ᠳᠤ ︽ᠨᠢᠭᠡ ᠳᠤ ᠬᠠᠨᠳᠤᠬᠤ ︾ ᠶᠢᠨ | ᠳᠠᠭᠠᠯᠲᠠ ᠦᠢᠯᠡᠴᠢᠯᠡᠭᠡᠨ ᠢ ᠴᠠᠭ ᠲᠤᠬᠠᠶ ᠳᠤᠨᠢ ᠬᠠᠩᠭᠠᠵᠤ ᠂ ᠭᠠᠵᠠᠷ | ᠬᠡᠷᠡᠭᠯᠡᠬᠦ ᠶᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ ᠳᠤ ᠤᠷᠢᠳᠠᠪᠠᠷ ᠮᠡᠳᠡᠭᠦᠯᠬᠦ ᠶᠢ | ᠬᠡᠷᠡᠭᠵᠢᠭᠦᠯᠵᠦ ᠂ ᠬᠢᠨᠠᠨ ᠪᠠᠶᠢᠴᠠᠭᠠᠬᠤ ᠶᠢ ᠲᠡᠷᠢᠭᠦᠨ ᠳᠤ ᠲᠠᠯᠪᠢᠵᠤ ᠂ | ᠪᠠᠷᠢᠨ ᠮᠡᠳᠡᠭᠦᠯᠵᠦ ᠪᠠᠷᠢᠨ ᠰᠢᠭᠦᠵᠦ ᠂ ᠭᠤᠤᠯᠳᠠᠯᠭ᠎ᠠ ᠲᠠᠢ ᠲᠥᠷᠥᠯ ᠵᠦᠢᠯ ᠤᠨ ᠭᠠᠵᠠᠷ | ᠰᠢᠷᠣᠶ ᠶᠢᠨ ᠭᠠᠷᠳᠠᠮ ᠢ ᠭᠦᠢᠴᠡᠳᠬᠡᠬᠦ ᠶᠢ ᠠᠬᠢᠭᠤᠯᠵᠤ ᠂ ᠠᠵᠤ | ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ︵ ᠭᠤᠷᠪᠠ︶ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠵᠠᠬ᠎ᠠ ᠳᠡᠯᠭᠡᠭᠦᠷ ᠲᠤ ᠣᠷᠣᠭᠤᠯᠬᠤ ᠶᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠎ᠡ ᠃ ᠮᠠᠨ ᠤ ᠬᠤᠰᠢᠭᠤᠨ ᠤ ᠬᠠᠮᠲᠤ ᠶᠢᠨ | ᠡᠵᠡᠩᠨᠡᠯᠲᠡ ᠶᠢᠨ ᠴᠢᠨᠠᠷᠲᠠᠶ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ | ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠥᠳᠡᠭᠡ ᠲᠣᠰᠬᠤᠨ ᠤ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠳᠡᠯ ᠭᠠᠵᠠᠷ ᠢ ᠢᠳᠡᠪᠬᠢᠲᠡᠶ | ᠠᠮᠢᠳᠤᠯᠢᠭᠵᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠵᠦ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠠᠬᠢᠭᠤᠯᠤᠨ᠎ᠠ᠃ ᠨᠥᠬᠦᠴᠡᠯ ᠳᠤ ᠨᠡᠶᠢᠴᠡᠬᠦ | 8 ᠠᠭᠤᠷᠬᠠᠶ ᠪᠣᠯᠤᠨ ᠵᠢᠭᠤᠯᠴᠢᠯᠠᠯ ᠤᠨ ᠬᠠᠮᠲᠤ ᠶᠢᠨ ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠤᠨ ᠬᠤᠳᠠᠯᠳᠤᠬᠤ ᠶᠢᠨ ᠬᠠᠮᠲᠤ ᠲᠡᠷᠢᠭᠦᠨ ᠤ ᠬᠢᠳᠡᠯ | ᠲᠤᠷᠰᠢᠯᠭ᠎ᠠ ᠶᠢ ᠳ᠋ᠦᠩᠨᠡᠵᠦ᠂ ᠬᠠᠮᠲᠤ ᠶᠢᠨ ᠡᠵᠡᠩᠨᠡᠯᠲᠡ ᠶᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ | ᠳᠡᠯᠭᠡᠭᠦᠷ ᠲᠤ ᠪᠦᠬᠦ ᠲᠠᠯ᠎ᠠ ᠪᠠᠷ ᠣᠷᠣᠭᠤᠯᠬᠤ ᠳᠤ ᠰᠠᠭᠤᠷᠢ ᠲᠠᠯᠪᠢᠨ᠎ᠠ᠃ | ︵ᠳᠦᠷᠪᠡ︶ ᠠᠭᠤᠷᠬᠠᠢ ᠬᠠᠢᠬᠤ ᠰᠢᠪᠲᠤᠯᠤᠯᠲᠠ ᠶᠢᠨ ᠠᠵᠢᠯᠯᠠᠭ᠎ᠠ ᠶᠢ ᠪᠦᠬᠦ ᠬᠦᠴᠦᠨ ᠢᠶᠠᠷ | ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠨ᠎ᠠ᠃ ᠨᠢᠭᠡ ᠳᠤ᠂ | ᠮᠠᠨ ᠤ ᠬᠤᠰᠢᠭᠤᠨ ᠤ ᠪᠠᠶ᠋ᠬᠠᠤᠪᠤᠭ᠎ᠠ ᠶᠢᠨ ᠬᠤᠪᠣᠷ ᠰᠢᠷᠣᠢ ᠶᠢᠨ ᠬᠠᠶᠢᠨ ᠪᠠᠶᠢᠴᠠᠭᠠᠬᠤ ᠲᠦᠷᠤᠯ ᠵᠦᠢᠯ ᠢ ᠪᠠᠲᠤᠯᠠᠬᠤ | ᠠᠵᠢᠯ ᠤᠨ ᠳᠤᠭᠤᠶᠢᠯᠠᠩ ᠪᠠᠶᠢᠭᠤᠯᠵᠤ᠂ ᠠᠵᠤ ᠦᠢᠯᠡᠳᠪᠦᠷᠢ ᠮᠠᠯ ᠠᠵᠤ ᠠᠬᠤᠢ ᠶᠢᠨ ᠵᠥᠷᠢᠴᠡᠯ ᠪᠣᠯᠤᠨ ᠬᠠᠶᠢᠨ | ᠪᠠᠶᠢᠴᠠᠭᠠᠬᠤ ᠨᠢᠭᠡᠴᠡ ᠶᠢᠨ ᠠᠵᠢᠯ ᠳᠤᠮᠳᠠᠬᠢ ᠬᠦᠴᠢᠷᠳᠡᠯ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ | ᠲᠦᠷᠤᠯ ᠵᠦᠢᠯ ᠢ ᠤᠷᠤᠭᠰᠢᠲᠠᠢ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ ᠬᠤᠶᠠᠷ ᠲᠤ ᠤᠯᠤᠰ ᠪᠠ ᠥᠪᠡᠷᠲᠡᠭᠡᠨ | ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠨᠢᠭᠡᠴᠡ ᠯᠦᠭᠡ ᠶᠢᠨ ᠵᠣᠯᠭᠠᠭᠤᠯᠤᠨ | ᠬᠤᠷᠰᠢᠯᠴᠠᠬᠤ ᠶᠢ ᠭᠦᠨᠵᠡᠭᠡᠶᠢᠷᠡᠭᠦᠯᠵᠦ᠂ ︽ᠬᠠᠭᠤᠴᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠭᠰᠠᠨ ᠦᠷ᠎ᠡ | ᠪᠦᠲᠦᠭᠡᠯ︾ ᠢ ᠡᠷᠢᠬᠦ ᠪᠠᠷ ᠳᠠᠮᠵᠢᠨ ᠂ ᠠᠭᠤᠷᠬᠠᠶ ᠶᠢᠨ ᠨᠥᠬᠦᠴᠡᠯ ᠢᠶᠠᠷ ᠰᠠᠶᠢᠨ ᠭᠠᠵᠠᠷ ᠰᠢᠨᠵᠢᠯᠡᠭᠡᠨ ᠤ | ᠬᠠᠶᠢᠨ ᠪᠠᠶᠢᠴᠠᠭᠠᠬᠤ ᠲᠣᠭᠤᠷᠢᠭ ᠢ ᠬᠦᠷᠢᠶᠡᠯᠡᠨ ᠲᠣᠭᠲᠠᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ | ᠱᠠᠲᠤᠨ ᠤ ᠰᠠᠭᠤᠷᠢ ᠮᠥᠩᠭᠦ ᠶᠢᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠢᠳᠡᠪᠬᠢᠲᠡᠶ ᠪᠠᠷ | ᠮᠡᠳᠡᠭᠦᠯᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠶ | ᠣᠢᠯᠭᠠᠨᠠ ᠃ ᠭᠤᠷᠪᠠ ᠳᠤ ︽ᠬᠠᠭᠤᠴᠢᠨ ᠠᠭᠤᠷᠬᠠᠶ︾ ᠶᠢᠨ ᠬᠠᠳᠠᠭᠠᠯᠠᠮᠵᠢ ᠶᠢ ᠨᠡᠮᠡᠭᠳᠡᠭᠦᠯᠵᠦ᠂ | ᠨᠥᠬᠦᠴᠡᠯ ᠳᠤ ᠨᠡᠶᠢᠴᠡᠬᠦ ᠠᠭᠤᠷᠬᠠᠶ ᠳᠤ ᠭᠦᠨ ᠬᠡᠰᠡᠭ ᠪᠠ ᠬᠥᠪᠡᠭᠡ ᠲᠠᠯ᠎ᠠ ᠶᠢᠨ ᠡᠬᠢ ᠪᠠᠶᠠᠯᠢᠭ ᠤᠨ ᠬᠠᠶᠢᠨ | ᠰᠢᠨᠵᠢᠯᠡᠯᠲᠡ ᠶᠢ ᠨᠡᠮᠡᠭᠳᠡᠭᠦᠯᠵᠦ᠂ ᠠᠭᠤᠷᠬᠠᠶ ᠶᠢᠨ ᠬᠠᠳᠠᠭᠠᠯᠠᠭᠳᠠᠴᠠ ᠶᠢ ᠤᠯᠠᠮ ᠨᠢᠭᠡ ᠠᠯᠬᠤᠮ | ᠢᠯᠡᠷᠡᠭᠦᠯᠦᠨ᠎ᠡ ᠃ | ︵ᠲᠠᠪᠤ︶ ᠥᠮᠴᠢᠯᠡᠯ ᠤᠨ ᠡᠷᠬᠡ ᠶᠢᠨ ᠦᠯᠡᠳᠡᠭᠳᠡᠯ ᠠᠰᠠᠭᠤᠳᠠᠯ ᠢ | ᠰᠢᠢᠳᠪᠦᠷᠢᠯᠡᠵᠦ ᠂ ᠤᠯᠠᠨ ᠲᠦᠮᠡᠨ ᠤ ᠪᠠᠴᠢᠮ ᠲᠤᠯᠭᠠᠮ ᠬᠦᠴᠢᠷ ᠵᠣᠪᠠᠭᠤᠷᠢ ᠬᠦᠰᠡᠯ | ᠡᠷᠡᠮᠡᠯᠵᠡᠯ ᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ᠃ ᠨᠢᠭᠡ ᠳᠤ ᠬᠡᠷ ᠪᠠᠶᠢᠰᠢᠩ ᠤᠨ ᠥᠮᠴᠢᠯᠡᠬᠦ | ᠡᠷᠬᠡ ᠶᠢᠨ ᠦᠯᠡᠳᠡᠭᠳᠡᠯ ᠲᠣᠭᠤᠷᠢᠭ ᠤᠨ ᠡᠷᠦᠬᠡ ᠬᠤᠪᠢᠶᠠᠨ ᠳᠠᠩᠰᠠᠯᠠᠬᠤ ᠠᠵᠢᠯ ᠢ ᠦᠷᠭᠦᠯᠵᠢᠯᠡᠨ ᠠᠬᠢᠭᠤᠯᠵᠤ᠂ | ᠣᠷᠣᠯᠠᠨ ᠬᠤᠷᠢᠶᠠᠵᠤ ᠳᠠᠩᠰᠠᠯᠠᠭᠤᠯᠬᠤ ᠬᠠᠮᠢᠶ᠎ᠠ ᠪᠥᠬᠦᠶ ᠠᠰᠠᠭᠤᠳᠠᠯ ᠣᠷᠣᠰᠢᠵᠤ ᠪᠠᠶᠢᠭ᠎ᠠ ᠲᠣᠭᠤᠷᠢᠭ ᠲᠤ | ᠬᠠᠮᠲᠤᠷᠠᠨ ᠵᠠᠯᠬᠠᠭᠠᠨ ᠰᠢᠳᠬᠡᠬᠦ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠤᠨ᠂ ᠰᠠᠯᠠᠭ᠎ᠠ ᠮᠥᠴᠢᠷ ᠤᠨ ᠨᠡᠶᠢᠯᠡᠮᠡᠯ | ᠬᠦᠴᠦᠨ ᠢ ᠪᠦᠷᠢᠯᠳᠦᠭᠦᠯᠵᠦ᠂ ᠣᠷᠣᠯᠠᠨ ᠬᠤᠷᠢᠶᠠᠬᠤ ᠵᠠᠷᠤᠳᠠᠯ ᠢᠶᠠᠨ ᠬᠤᠭᠤᠴᠠᠭ᠎ᠠ ᠲᠣᠭᠲᠠᠭᠠᠨ ᠲᠤᠰᠢᠶᠠᠯᠭᠠᠬᠤ ᠪᠠᠷ | ᠵᠠᠷᠯᠢᠭᠳᠠᠵᠤ᠂ ᠰᠠᠭᠤᠭᠠᠯᠢ ᠠᠷᠠᠳ ᠤᠨ ᠡᠷᠦᠬᠡ ᠬᠤᠪᠢᠶᠠᠨ ᠦᠨᠡᠮᠯᠡᠯ ᠭᠦᠢᠴᠡᠳᠬᠡᠬᠦ | ᠠᠬᠢᠴᠠ ᠶᠢ ᠪᠥᠬᠦ ᠬᠦᠴᠦᠨ ᠢᠶᠠᠷ ᠠᠬᠢᠭᠤᠯᠤᠨ᠎ᠠ ᠃ ᠠᠰᠠᠭᠤᠳᠠᠯ ᠣᠷᠣᠰᠢᠬᠤ ᠥᠬᠡᠶ ᠲᠣᠭᠤᠷᠢᠭ ᠲᠤ ᠴᠢᠭᠯᠡᠭᠦᠯᠦᠨ | ᠂ ᠨᠡᠶᠢᠭᠡᠮ ᠲᠣᠭᠤᠷᠢᠭ ᠲᠤ ᠨᠠᠢᠳᠠᠨ ᠮᠡᠳᠡᠭᠳᠡᠬᠦ ᠪᠢᠴᠢᠭ ᠨᠠᠭᠠᠬᠤ᠂ ᠸᠢᠴᠠᠲ ᠢᠶᠠᠷ ᠮᠡᠳᠡᠭᠳᠡᠬᠦ ᠵᠡᠷᠭᠡ | ᠠᠷᠭ᠎ᠠ ᠮᠠᠶ᠋ᠢᠭ ᠢ ᠠᠪᠴᠤ᠂ ᠰᠠᠭᠤᠭᠠᠯᠢ ᠠᠷᠠᠳ ᠤᠨ ᠦᠨᠡᠮᠯᠡᠯ ᠭᠦᠢᠴᠡᠳᠬᠡᠬᠦ ᠢᠳᠡᠪᠬᠢᠵᠢᠯ ᠢ | ᠳᠡᠭᠡᠭᠰᠢᠯᠡᠭᠦᠯᠦᠨ᠂ ᠡᠷᠦᠬᠡ ᠬᠤᠪᠢᠶᠠᠨ ᠦᠨᠡᠮᠯᠡᠯ ᠭᠦᠢᠴᠡᠳᠬᠡᠬᠦ ᠡᠷᠴᠢᠮ ᠢ | ᠴᠢᠩᠭᠠᠷᠠᠭᠤᠯᠤᠨ᠎ᠠ᠃ ᠬᠤᠶᠠᠷ ᠲᠤ ᠠᠵᠤ ᠦᠢᠯᠡᠳᠪᠦᠷᠢ ᠬᠤᠳᠠᠯᠳᠤᠭ᠎ᠠ᠂ ᠣᠷᠣᠨ | ᠰᠠᠭᠤᠴᠠ ᠶᠢᠨ ᠪᠤᠰᠤ ᠲᠥᠷᠥᠯ ᠤᠨ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢ ᠳᠡᠩᠰᠡᠯᠡᠨ | ᠲᠡᠮᠳᠡᠭᠯᠡᠬᠦ ᠠᠵᠢᠯ ᠢ ᠦᠷᠭᠦᠯᠵᠢᠯᠡᠨ ᠠᠬᠢᠭᠤᠯᠵᠤ᠂ ᠬᠠᠮᠢᠭ᠎ᠠ ᠪᠦᠬᠦᠢ ᠰᠠᠯᠠᠭ᠎ᠠ | ᠮᠥᠴᠢᠷ ᠯᠦᠭᠡ ᠨᠡᠪᠲᠡᠷᠡᠯᠴᠡᠨ ᠵᠣᠬᠢᠴᠠᠭᠤᠯᠬᠤ ᠶᠢ ᠰᠠᠶᠢᠲᠤᠷ ᠬᠢᠵᠦ᠂ ᠠᠵᠤ ᠦᠢᠯᠡᠳᠪᠦᠷᠢ | ᠬᠤᠳᠠᠯᠳᠤᠭ᠎ᠠ᠂ ᠣᠷᠣᠨ ᠰᠠᠭᠤᠴᠠ ᠶᠢᠨ ᠪᠤᠰᠤ ᠲᠥᠷᠥᠯ ᠤᠨ ᠲᠥᠷᠥᠯ ᠵᠦᠢᠯ ᠤᠨ ᠥᠯᠥ ᠬᠥᠳᠡᠯᠬᠦ | ᠬᠥᠷᠥᠩᠭᠡ ᠶᠢ ᠳᠡᠩᠰᠡᠯᠡᠨ ᠲᠡᠮᠳᠡᠭᠯᠡᠬᠦ ᠶᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠪᠠ ᠠᠵᠤ ᠠᠬᠤᠶᠢᠯᠠᠯ ᠤᠨ | ᠪᠠᠴᠢᠮ ᠬᠦᠴᠢᠷᠳᠡᠯ ᠪᠠ ᠬᠦᠰᠡᠯ ᠡᠷᠡᠮᠡᠯᠵᠡᠯ ᠤᠨ ᠠᠰᠠᠭᠤᠳᠠᠯ ᠢ ᠦᠨᠡᠨᠬᠦ ᠰᠢᠢᠳᠪᠤᠷᠢᠯᠡᠨ᠎ᠡ᠃ | ︵ᠵᠢᠷᠭᠤᠭ᠎ᠠ︶ ᠰᠡᠯᠡᠭᠦᠦ ᠪᠠᠶᠢᠭ᠎ᠠ ᠭᠠᠵᠠᠷ ᠰᠢᠷᠣᠶ ᠶᠢ ᠲᠦᠢᠯᠪᠤᠷᠢᠲᠠᠢ | ᠪᠠᠢᠴᠠᠭᠠᠵᠤ ᠂ ᠭᠠᠵᠠᠷ ᠰᠢᠷᠣᠶ ᠡᠵᠡᠩᠨᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠢᠭᠡ ᠳᠤ᠂ | ᠠᠵᠢᠯ ᠤᠨ ᠡᠬᠡ ᠲᠠᠩᠰᠠ ᠵᠢᠴᠢ ︽ᠨᠢᠭᠡ ᠭᠠᠵᠠᠷ ᠲᠤ ᠨᠢᠭᠡ ᠪᠣᠳᠣᠯᠭ᠎ᠠ ᠲᠣᠭᠲᠠᠭᠠᠬᠤ︾ ᠲᠥᠷᠥᠯ | ᠵᠦᠢᠯ ᠤᠨ ᠨᠠᠷᠢᠨ ᠲᠠᠩᠰᠠ ᠶᠢ ᠪᠠᠶᠢᠭᠤᠯᠤᠨ ᠨᠠᠷᠢᠯᠢᠬᠵᠢᠭᠤᠯᠵᠤ᠂ ᠨᠠᠷᠢᠯᠢᠭ ᠣᠨᠣᠴᠠᠲᠠᠶ ᠪᠠᠷ ᠲᠥᠷᠥᠯ | ᠬᠤᠪᠢᠶᠠᠨ ᠰᠢᠩᠭᠡᠭᠡᠨ ᠰᠢᠢᠳᠪᠦᠷᠢᠯᠡᠬᠦ ᠶᠢ ᠠᠬᠢᠭᠤᠯᠵᠤ᠂ ︽ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠵᠥᠪᠰᠢᠶᠡᠷᠡᠭᠡᠳ ᠬᠠᠩᠭᠠᠭᠰᠠᠨ ᠥᠬᠡᠶ ᠵᠢᠴᠢ ᠰᠡᠯᠡᠭᠦᠦ | ᠪᠠᠶᠢᠭ᠎ᠠ ᠭᠠᠵᠠᠷ ᠰᠢᠷᠣᠶ ᠶᠢ ᠰᠢᠩᠭᠡᠭᠡᠨ ᠰᠢᠢᠳᠪᠦᠷᠢᠯᠡᠬᠦ ᠬᠡᠷᠡᠭᠵᠢᠭᠦᠯᠬᠦ ᠲᠥᠰᠦᠯ︾ ᠤᠨ | ᠶᠣᠰᠣᠭᠠᠷ᠂ ᠲᠥᠷᠥᠯ ᠵᠦᠢᠯ ᠳᠠᠷᠠᠭᠠᠯᠠᠨ ᠢᠯᠭᠠᠷᠠᠭᠤᠯᠤᠨ ᠪᠠᠶᠢᠴᠠᠭᠠᠵᠤ᠂ ᠰᠢᠯᠲᠠᠭᠠᠨ ᠢ ᠨᠢ ᠵᠠᠳᠠᠯᠤᠨ᠂ | ᠵᠢᠱᠢᠭᠰᠡᠨ ᠪᠡᠶᠡᠯᠡᠭᠦᠯᠬᠦ ᠴᠠᠭ ᠢ ᠲᠣᠳᠣᠷᠬᠠᠶᠢᠯᠠᠵᠤ᠂ ᠣᠨ ᠤ ᠠᠵᠢᠯ ᠤᠨ ᠡᠬᠡ ᠲᠠᠩᠰᠠ ᠪᠠᠶᠢᠭᠤᠯᠬᠤ ᠶᠢᠨ ᠬᠠᠮᠲᠤ | ᠴᠠᠭ ᠲᠤᠬᠠᠶ ᠳᠤ ᠨᠢ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠬᠤᠲᠠ ᠶᠢᠨ ᠲᠣᠪᠴᠢᠶ᠎ᠠ ᠲᠠᠢ ᠰᠠᠶᠢᠲᠤᠷ | ᠵᠣᠯᠭᠠᠭᠤᠯᠵᠤ᠂ ᠵᠥᠪᠰᠢᠶᠡᠷᠡᠭᠡᠳ ᠬᠠᠩᠭᠠᠭᠰᠠᠨ ᠥᠬᠡᠶ ᠵᠢᠴᠢ ᠰᠤᠯᠠ ᠪᠠᠶᠢᠭ᠎ᠠ ᠭᠠᠵᠠᠷ ᠰᠢᠷᠣᠶ ᠶᠢᠨ | ᠡᠭᠦᠷᠭᠡ ᠶᠢᠨ ᠲᠤᠭ᠎ᠠ ᠬᠡᠮᠵᠢᠶᠡᠨ ᠤ ᠬᠤᠪᠢᠷᠠᠯᠲᠠ ᠶᠢᠨ ᠪᠠᠶᠢᠳᠠᠯ ᠤᠨ ᠲᠤᠬᠠᠶ ᠡᠬᠡ ᠲᠠᠩᠰᠠ ᠶᠢ ᠴᠠᠭ ᠲᠤᠬᠠᠶ ᠳᠤ ᠨᠢ | ᠰᠢᠨᠡᠳᠬᠡᠬᠦ ᠪᠠ ᠲᠡᠭᠦᠯᠳᠡᠷᠵᠢᠭᠦᠯᠦᠨ᠎ᠡ ᠃ ᠬᠤᠶᠠᠷ ᠲᠤ᠂ ︽ᠬᠠᠩᠭᠠᠬᠤ ᠪᠠᠷ ᠭᠤᠤᠯ ᠪᠣᠯᠭᠠᠵᠤ᠂ ᠬᠠᠩᠭᠠᠬᠤ ᠪᠠ | ᠬᠠᠰᠤᠬᠤ ᠶᠢ ᠤᠶᠠᠯᠳᠤᠭᠤᠯᠬᠤ︾ ᠵᠠᠷᠴᠢᠮ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠠᠵᠠᠷ ᠰᠢᠷᠣᠶ ᠶᠢᠨ ᠬᠠᠩᠭᠠᠯᠭ᠎ᠠ ᠶᠢ ᠲᠦᠷᠭᠡᠳᠬᠡᠬᠦ᠂ ᠭᠠᠵᠠᠷ | ᠰᠢᠷᠣᠶ ᠬᠠᠩᠭᠠᠬᠤ ᠭᠠᠷᠳᠠᠮ ᠢ ᠲᠡᠭᠦᠯᠳᠡᠷᠵᠢᠭᠦᠯᠬᠦ᠂ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢ ᠬᠠᠷᠭᠤᠭᠤᠯᠤᠨ | ᠬᠦᠴᠦᠨ ᠥᠬᠡᠶ ᠪᠣᠯᠭᠠᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢ ᠴᠢᠩᠭᠠᠷᠠᠭᠤᠯᠬᠤ᠂ ᠭᠠᠵᠠᠷ | ᠰᠢᠷᠣᠶ ᠶᠢ ᠣᠷᠣᠯᠠᠨ ᠲᠠᠲᠠᠪᠤᠷᠢᠯᠠᠬᠤ ᠵᠠᠬ᠎ᠠ ᠬᠢᠵᠠᠭᠠᠷ ᠤᠨ ᠬᠠᠩᠭᠠᠯᠭ᠎ᠠ ᠶᠢᠨ ᠲᠥᠷᠥ ᠶᠢᠨ ᠪᠣᠳᠣᠯᠭ᠎ᠠ ᠶᠢ | ᠲᠣᠳᠣᠷᠬᠠᠶᠢᠯᠠᠬᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠯᠡᠳᠡᠭᠳᠡᠯ ᠲᠥᠷᠥᠯ ᠵᠦᠢᠯ ᠳᠤ | ᠭᠠᠵᠠᠷ ᠰᠢᠷᠣᠶ ᠬᠠᠩᠭᠠᠬᠤ ᠭᠠᠷᠳᠠᠮ ᠢ ᠲᠡᠭᠦᠯᠳᠡᠷᠵᠢᠭᠦᠯᠬᠦ᠂ ᠭᠠᠵᠠᠷ ᠰᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ | ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ ᠭᠠᠵᠠᠷ ᠰᠢᠷᠣᠶ ᠶᠢ ᠰᠢᠩᠭᠡᠭᠡᠨ ᠠᠰᠢᠭᠯᠠᠬᠤ ᠶᠢ ᠪᠥᠬᠦ | ᠬᠦᠴᠦᠨ ᠢᠶᠠᠷ ᠠᠬᠢᠭᠤᠯᠤᠨ᠎ᠠ ᠃ | ︵ᠳᠣᠯᠤᠭ᠎ᠠ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠵᠤ᠂ | ᠤᠯᠤᠰ ᠤᠨ ᠭᠠᠵᠠᠷ ᠰᠢᠷᠣᠶ ᠶᠢ ᠦᠨᠡᠨᠬᠦ ᠰᠠᠬᠢᠨ ᠬᠠᠮᠠᠭᠠᠯᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠦᠷᠭᠦᠯᠵᠢᠯᠡᠨ ᠪᠠᠲᠤᠯᠠᠵᠤ᠂ | ︽ᠡᠷᠲᠡ ᠠᠴᠠ ᠣᠯᠵᠤ ᠮᠡᠳᠡᠬᠦ᠂ ᠡᠷᠲᠡ ᠠᠴᠠ ᠬᠤᠷᠢᠭᠯᠠᠬᠤ᠂ ᠴᠢᠩᠭ᠎ᠠ ᠪᠠᠶᠢᠴᠠᠭᠠᠨ | ᠰᠢᠢᠳᠪᠦᠷᠢᠯᠡᠬᠦ ︾ ᠵᠠᠷᠴᠢᠮ ᠢ ᠪᠠᠷᠢᠮᠲᠠᠯᠠᠨ᠂ ᠲᠣᠭᠤᠷᠢᠨ ᠪᠠᠶᠢᠴᠠᠭᠠᠬᠤ ᠶᠢ ᠬᠢᠨᠠᠮᠠᠭᠠᠶ | ᠵᠣᠬᠢᠶᠠᠨ ᠪᠠᠶᠢᠭᠤᠯᠤᠨ ᠥᠷᠨᠢᠭᠦᠯᠵᠦ᠂ ︽ᠥᠴᠦᠬᠡᠨ ᠴᠦ ᠠᠭᠤᠴᠢᠯᠠᠬᠤ ᠦᠭᠡᠶ︾ ᠣᠪᠣᠷ ᠢᠶᠠᠷ ᠬᠤᠪᠢ ᠪᠠᠷ ᠢᠶᠠᠨ | ᠬᠤᠯᠠᠭᠠᠶᠢᠯᠠᠨ ᠮᠠᠯᠲᠠᠬᠤ᠂ ᠳᠠᠪᠬᠤᠷᠭ᠎ᠠ ᠪᠠ ᠵᠠᠭᠠᠭ ᠠᠴᠠ ᠳᠠᠪᠠᠭ᠋ᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠲᠡᠦᠬᠡᠨ ᠠᠴᠠ | ᠦᠯᠡᠳᠡᠭᠳᠡᠵᠦ ᠢᠷᠡᠭᠰᠡᠨ ᠬᠠᠤᠯᠢ ᠠᠴᠠ ᠵᠥᠷᠢᠴᠡᠨ ᠭᠠᠵᠠᠷ ᠬᠡᠷᠡᠭᠯᠡᠭᠰᠡᠨ ᠢ ᠴᠡᠭᠴᠡᠯᠡᠨ | ᠵᠠᠰᠠᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ | ᠠᠬᠢᠭᠤᠯᠤᠨ᠎ᠠ ᠃ | |