ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠦᠪᠡᠳᠡᠭᠰᠢ ᠶᠡᠭᠡ  ᠪᠠᠷ ᠡᠬᠢᠯᠡᠭᠰᠡᠨ
ᠨᠡᠶᠢᠲᠡᠯᠡᠭᠰᠡᠨ ᠴᠠᠭ᠄
2024/1/23
      1 ᠰᠠᠷ᠎ᠠ  ᠶᠢᠨ 23 ᠤ ᠡᠳᠦᠷ ᠤᠨ ᠦᠳᠡ ᠶᠢᠨ ᠡᠮᠦᠨ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ᠃       ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠵᠢᠶᠠ ᠪᠦᠦ ᠯᠢᠶᠠᠩ᠂ ᠱᠢ ᠵᠦᠩ ᠴᠢᠨ᠂ ᠵᠠᠩ  ᠪᠠᠭᠠᠨ᠎ᠠ᠂ ᠯᠢ ᠶᠦᠩ ᠰᠢᠨ᠂ ᠰᠢᠶᠧ ᠳ᠋ᠠ ᠭᠠᠩ᠂ ᠳ᠋ᠦᠩ ᠺᠠᠢ᠂ ᠯᠢᠦ ᠶᠧ᠂ ᠬᠠᠨ ᠮᠢᠨ᠂ ᠳ᠋ᠤᠸᠠᠨ ᠸᠧᠨ ᠶᠤᠸᠠᠨ᠂  ᠰᠠᠷᠠᠩᠭᠤᠸ᠎ᠠ᠂ ᠵᠠᠩ ᠢ᠂ ᠪᠦᠷᠢᠨ ᠨᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃      ᠯᠢ ᠪᠦᠦ ᠴᠦᠨ᠂ ᠯᠢᠦ ᠭᠧᠨ ᠶᠤᠸᠠᠨ᠂ ᠮᠠ  ᠸᠧᠨ  ᠭᠠᠩ᠂ ᠱᠢ ᠭᠠᠩ᠂ ᠶᠠᠩ ᠴᠠᠩ ᠴᠦᠨ᠂ ᠯᠢᠦᠢ ᡁᠢ ᠭᠠᠩ᠂ ᠱᠢ ᡁᠢ ᠵᠦᠩ᠂ ᠰᠡᠴᠡᠠᠲᠤᠶᠠᠭ᠎ᠠ᠂ ᠬᠤᠩ ᠬᠠᠢ᠂ ᠯᠢ ᠵᠢᠶᠠ ᠯᠢᠨ᠂ ᠨᠠᠷᠬᠠᠦ᠋ᠯᠵᠡᠢ᠂ ᠯᠢᠶᠠᠩ ᠵᠢᠩ᠂ ᠯᠢ ᠲᠢᠶᠠᠨ ᠰᠢ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃       ᠦᠳᠡ ᠶᠢᠨ ᠡᠮᠦᠨ᠎ᠡ ᠶᠢᠨ 9 ᠴᠠᠭ ᠲᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠭᠢᠯᠡᠭᠴᠢ ᠵᠠᠩ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠡᠬᠢᠯᠡᠭᠰᠡᠨ ᠶᠢ ᠨᠡᠶᠢᠲᠡᠯᠡᠪᠡ᠃       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠱᠢ ᠵᠥᠩ ᠴᠢᠨ  ᠬᠤᠰᠢᠭᠤ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃       ᠱᠢ ᠵᠦᠩ ᠴᠢᠨ᠂ ᠰᠠᠶ᠋ᠢᠬᠠᠨ ᠥᠩᠭᠡᠷᠡᠭᠰᠡᠨ 2023 ᠣᠨ ᠪᠣᠯ ᠮᠠᠨ ᠤ ᠬᠤᠰᠢᠭᠤᠨ ᠤ ᠬᠥᠭᠵᠢᠯᠲᠡ ᠶᠢᠨ ᠲᠡᠦᠬᠡᠨ ᠳᠠᠬᠢ ᠳᠤᠷᠠᠰᠬᠠᠯ ᠤᠨ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠳᠠᠷᠬᠠᠨ ᠮᠤᠤᠮᠢᠩᠭᠠᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠲᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠢ ᠪᠢᠴᠢᠵᠦ ᠣᠷᠣᠭᠤᠯᠤᠭᠰᠠᠨ ᠠᠴᠠ ᠪᠢᠳᠡ ᠶᠡᠬᠡᠳᠡ ᠵᠣᠷᠢᠭᠵᠢᠵᠤ᠂ ᠡᠷᠴᠢ ᠵᠣᠷᠢᠭ ᠢᠶᠠᠨ ᠤᠯᠠᠮ ᠨᠡᠮᠡᠭᠳᠡᠭᠦᠯᠵᠡᠢ᠃ ᠨᠢᠭᠡ ᠵᠢᠯ ᠤᠨ ᠲᠤᠷᠰᠢ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠠ ᠪᠦᠯᠬᠦᠮᠳᠡᠯ ᠳᠠᠭᠠᠭᠤᠯᠭ᠎ᠠ ᠳᠣᠣᠷ᠎ᠠ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠪᠤᠭᠤᠲᠤ ᠳᠤ ᠭᠠᠷᠭᠠᠭᠰᠠᠨ ︽ᠨᠢᠭᠡ ᠰᠢᠨ᠎ᠡ  ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠶᠡᠭᠡ ᠶᠠᠪᠤᠳᠠᠯ︾  ᠢ ᠰᠠᠶᠢᠲᠤᠷ ᠬᠢᠬᠦ ᠪᠠᠷ ᠬᠥᠲᠥᠯᠥᠮᠵᠢ ᠪᠣᠯᠭᠠᠵᠤ᠂ ᠪᠦᠯᠬᠦᠮᠳᠡᠨ ᠲᠡᠮᠡᠴᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠶᠡᠷᠦ ᠪᠤᠰᠤ ᠶᠢᠨ ᠬᠢᠯᠪᠠᠷ ᠪᠤᠰᠤ ᠬᠥᠭᠵᠢᠯᠲᠡ ᠶᠢᠨ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠪᠠ᠃       2023 ᠣᠨ ᠳᠤ᠂ ᠪᠢᠳᠡ ᠭᠠᠳᠠᠭᠠᠳᠤ ᠶᠢᠨ ᠳᠠᠷᠤᠯᠲᠠ ᠶᠢ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠳᠣᠲᠣᠭᠠᠳᠤ ᠶᠢᠨ ᠬᠦᠴᠢᠷᠳᠡᠯ ᠢ ᠢᠳᠡᠪᠬᠢᠲᠡᠢ ᠪᠠᠷ ᠢᠯᠡᠨ ᠳᠠᠪᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠷᠢᠯᠢᠭ ᠤᠨᠤᠪᠴᠢᠲᠠᠢ ᠪᠠᠷ ᠬᠤᠰᠢᠭᠤᠨ ᠤ ᠳᠥᠷᠪᠡᠨ ᠪᠠᠭ ᠤᠨ ᠤᠳᠤᠷᠢᠳᠤᠯᠭ᠎ᠠ ᠲᠦᠷᠦᠭᠦᠯᠡᠨ ᠲᠥᠷᠥᠯ ᠵᠦᠢᠯ ᠢ ᠳᠠᠭᠠᠭᠠᠨ ᠬᠤᠯᠪᠣᠭᠠᠯᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠵᠦ᠂ ︽ᠨᠢᠭᠡ ᠬᠦᠰᠦᠨᠦᠭᠲᠦ᠂ ᠨᠢᠭᠡ ᠲᠠᠩᠰᠠ᠂ ᠨᠢᠭᠡ ᠲᠤᠰᠬᠠᠢ ᠠᠩᠭᠢ︾ ᠶᠢᠨ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ᠂ ᠳᠡᠭᠡᠳᠦ ᠬᠢᠵᠠᠭᠠᠷ ᠢ ᠨᠡᠶᠢᠯᠡᠭᠦᠯᠦᠨ ᠪᠤᠳᠤᠬᠤ ᠵᠡᠷᠭᠡ ᠡᠯ᠎ᠡ ᠭᠤᠭᠴᠤᠭ᠎ᠠ ᠶᠢ ᠴᠢᠩᠭ᠎ᠠ ᠠᠳᠬᠤᠨ᠂ ᠭᠠᠷᠠᠭ ᠢᠶᠠᠷ ᠰᠠᠷ᠎ᠠ ᠶᠢ ᠪᠠᠲᠤᠯᠠᠵᠤ᠂ ᠰᠠᠷ᠎ᠠ ᠪᠠᠷ ᠤᠯᠠᠷᠢᠯ ᠢ ᠪᠠᠲᠤᠯᠠᠨ᠂ ᠤᠯᠠᠷᠢᠯ ᠢᠶᠠᠷ ᠵᠢᠯ ᠢ ᠪᠠᠲᠤᠯᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠲᠣᠭᠲᠠᠭᠤᠨ ᠤ ᠳᠤᠮᠳᠠ ᠲᠦᠷᠭᠡᠨ ᠠᠬᠢᠭᠤᠯᠵᠤ᠂ ᠲᠡᠷᠢᠭᠦᠨ ᠳᠤ ᠣᠷᠣᠬᠤ ᠪᠠᠷ ᠴᠢᠷᠮᠠᠶᠢᠪᠠ᠃ ᠪᠥᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠵᠦ᠂ ᠪᠥᠬᠦ ᠬᠤᠲᠠ ᠳᠤ ᠲᠠᠪᠤᠳᠤᠭᠠᠷ ᠲᠤ ᠣᠷᠣᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 42.4% ᠪᠠᠷ ᠨᠡᠮᠡᠭᠳᠡᠵᠦ᠂ ᠪᠥᠬᠦ ᠬᠤᠲᠠ ᠳᠤ ᠭᠤᠷᠪᠠᠳᠤᠭᠠᠷ ᠲᠤ ᠣᠷᠣᠪᠠ᠃  ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 13.5% ᠢᠶᠠᠷ ᠨᠡᠮᠡᠭᠳᠡᠵᠦ᠂ ᠪᠦᠬᠦ ᠬᠤᠳᠠ ᠳᠤ ᠵᠢᠷᠭᠤᠳᠤᠭᠠᠷ ᠲᠤ ᠵᠢᠭᠰᠠᠭᠠᠭᠳᠠᠪᠠ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ 11.3% ᠢᠶᠠᠷ ᠨᠡᠮᠡᠭᠳᠡᠵᠦ᠂ 9 ᠰᠠᠷ᠎ᠠ ᠳᠠᠷᠠᠭᠠᠯᠠᠨ ᠨᠡᠮᠡᠭᠳᠡᠯ ᠤᠨ ᠬᠤᠷᠳᠤᠴᠠ ᠨᠢ ᠪᠦᠬᠦ ᠬᠤᠳᠠ ᠳᠤ ᠨᠢᠭᠡᠳᠦᠭᠡᠷ ᠲᠤ ᠣᠷᠣᠪᠠ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 8.53 ᠳ᠋ᠦᠩᠰᠢᠭᠤᠷ ᠲᠥᠭᠦᠷᠢᠭ ᠪᠡᠶᠡᠯᠡᠭᠦᠯᠵᠦ᠂ 21.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠳᠥᠷᠪᠡᠳᠦᠭᠡᠷ ᠲᠤ ᠣᠷᠣᠪᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠤᠰ ᠲᠤᠰ 3.8% ᠪᠠ 7.1% ᠪᠠᠷ ᠨᠡᠮᠡᠭᠳᠡᠪᠡ᠃ ᠪᠥᠬᠦ ᠬᠤᠰᠢᠭᠤᠨ ᠤ ᠠᠵᠤ ᠠᠬᠤᠢ ᠶᠢᠨ ︽ᠲᠣᠭᠲᠠᠭᠤᠨ︾ ᠤ ᠰᠠᠭᠤᠷᠢ ᠨᠠᠩ ᠪᠠᠲᠤ ᠪᠠᠬᠢ ᠪᠣᠯᠵᠤ᠂ ︽ᠤᠷᠤᠭᠰᠢᠯᠠᠬᠤ︾ ᠪᠠᠶᠢᠳᠠᠯ ᠨᠠᠩ ᠡᠷᠴᠢᠮᠲᠡᠢ ᠪᠤᠯᠤᠭᠰᠠᠨ ᠪᠠᠶᠢᠨ᠎ᠠ᠃       ᠪᠢᠳᠡ ᠬᠥᠭᠡᠭᠡᠵᠦ ᠭᠦᠢᠴᠡᠨ ᠳᠠᠪᠠᠵᠤ ᠭᠠᠷᠬᠤ ᠪᠠᠷ ᠴᠢᠷᠮᠠᠶᠢᠬᠤ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠶ ᠪᠣᠯᠭᠠᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ᠬᠦᠨᠳᠦ ᠡᠭᠦᠷᠭᠡ ᠶᠢ ᠡᠭᠦᠷᠭᠡᠯᠡᠵᠦ᠂ ᠬᠠᠲᠠᠭᠤ ᠳᠠᠶᠢᠯᠠᠯᠳᠤᠭᠠᠨ ᠢ ᠬᠢᠵᠦ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠵᠦᠢᠯ 42 ᠢ ᠰᠢᠨ᠎ᠡ ᠪᠠᠷ ᠠᠵᠢᠯ ᠡᠬᠢᠯᠡᠭᠦᠯᠵᠦ᠂ ᠳᠤᠮᠳᠠᠳᠤ ᠶᠢᠨ ᠴᠠᠬᠢᠯᠭᠠᠨ ᠬᠦᠴᠦᠨ ᠤ ᠰᠠᠯᠬᠢᠨ ᠬᠦᠴᠦ ᠭᠡᠷᠡᠯ ᠤᠨ ᠤᠶᠢᠯᠲᠠ ᠪᠠᠷ ᠤᠰᠤᠲᠥ᠋ᠷᠥᠭᠴᠢ ᠶᠢ ᠦᠢᠯᠡᠳᠪᠦᠷᠢᠯᠡᠬᠦ ᠨᠢ ᠪᠦᠬᠦ ᠬᠤᠳᠠ ᠶᠢᠨ ᠨᠢᠭᠡᠳᠦᠭᠡᠷ ︽ᠨᠣᠭᠤᠭᠠᠨ ᠤᠰᠤᠲᠥ᠋ᠷᠥᠭᠴᠢ︾ ᠶᠢ ᠦᠢᠯᠡᠳᠪᠦᠷᠢᠯᠡᠵᠦ᠂  ᠶᠢᠨ ᠣᠪᠣᠭ᠎ᠠ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠠᠰᠢᠭᠯᠠᠯᠲᠠ ᠳᠤ ᠣᠷᠣᠵᠤ᠂ ᠪᠦᠬᠦ ᠬᠤᠳᠠ ᠶᠢᠨ ᠹᠯᠣᠷ ᠤᠨ ᠠᠵᠤ ᠦᠢᠯᠡᠰ ᠤᠨ ᠬᠤᠭᠤᠰᠤᠨ ᠢ ᠨᠥᠬᠦᠪᠦᠷᠢᠯᠡᠵᠦ᠂ ᠠᠯᠤᠰ ᠬᠡᠳᠤ ᠶᠢᠨ ᠣᠶᠤᠨᠲᠤ ᠰᠠᠯᠬᠢᠨ ᠤ ᠮᠠᠰᠢᠨ ᠪᠣᠯᠣᠨ ᠠᠷᠠᠭᠠᠲᠤ ᠬᠦᠷᠳᠦᠨ ᠤ ᠬᠠᠶᠢᠷᠴᠠᠭ ᠤᠨ ᠨᠡᠶᠢᠯᠡᠮᠡᠯ ᠦᠢᠯᠡᠳᠪᠦᠷᠢ ᠰᠦᠨᠳᠡᠷᠯᠡᠨ ᠪᠤᠰᠬᠤ ᠶᠢᠨ ᠬᠠᠮᠲᠤ ᠲᠤᠷᠰᠢᠨ ᠦᠢᠯᠡᠳᠪᠦᠷᠢᠯᠡᠵᠦ᠂ ᠲᠦᠩ ᠸᠧᠢ ᠪᠣᠬᠢᠷᠲᠤᠯ ᠦᠭᠡᠢ ᠰᠠᠭᠤᠷᠢ ᠮᠠᠲ᠋ᠧᠷᠢᠶᠠᠯ ᠨᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠳᠠᠷᠬᠠᠨ ᠮᠤᠤᠮᠢᠩᠭᠠᠨ ᠤ ᠬᠤᠷᠳᠤᠴᠠ︾ ᠶᠢ ᠰᠢᠨᠡᠳᠬᠡᠵᠦ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ︽ᠲᠡᠭ︾ ᠤᠨ ᠰᠢᠪᠲᠤᠯᠤᠯᠲᠠ ᠶᠢ ᠪᠡᠶᠡᠯᠡᠭᠦᠯᠪᠡ᠃ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠴᠣᠭᠴᠠᠯᠠᠪᠤᠷᠢ ᠶᠢ 196 ᠲᠦᠮᠡᠨ ᠺᠢᠯᠣᠸᠠᠲ ᠲᠤ ᠰᠢᠨ᠎ᠡ ᠪᠠᠷ ᠨᠡᠮᠡᠭᠳᠡᠭᠦᠯᠵᠦ᠂ ᠲᠣᠣᠷ ᠲᠤ ᠨᠡᠶᠢᠳᠡ 381 ᠲᠦᠮᠡᠨ ᠺᠢᠯᠣᠸᠠᠲ ᠨᠡᠶᠢᠯᠡᠭᠦᠯᠵᠦ᠂ ᠬᠡᠪᠴᠢᠶ᠎ᠡ ᠨᠢ ᠪᠦᠬᠦ ᠬᠤᠳᠠ ᠳᠤ ᠨᠢᠭᠡᠳᠦᠭᠡᠷ ᠲᠤ ᠣᠷᠣᠪᠠ᠃ ᠮᠠᠨᠳᠤᠯ ᠪᠣᠭᠤᠮᠲᠠ ᠨᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠣᠶᠤᠨᠴᠢ ᠬᠠᠭᠤᠷᠠᠢ ᠵᠠᠮ ᠤᠨ ᠭᠠᠷᠠᠮ ᠤᠨ ᠲᠤᠷᠰᠢᠯᠲᠠ ᠶᠢᠨ ᠴᠡᠭ ᠪᠣᠯᠵᠤ᠂ ᠨᠢᠭᠡ ᠡᠳᠦᠷ᠂ ᠨᠢᠭᠡ ᠰᠠᠷ᠎ᠠ᠂ ᠪᠥᠬᠦ ᠵᠢᠯ ᠤᠨ ᠪᠠᠷᠠᠭᠠᠨ ᠤ ᠬᠡᠮᠵᠢᠶ᠎ᠡ ᠪᠠᠷ ᠨᠡᠭᠡᠭᠡᠯᠭᠡ ᠶᠢ ᠨᠡᠭᠡᠭᠡᠭᠰᠡᠨ ᠠᠴᠠ ᠨᠠᠰᠢᠬᠢ ᠬᠠᠮᠤᠭ ᠤᠨ ᠥᠨᠳᠥᠷ ᠲᠡᠮᠳᠡᠭᠯᠡᠯ ᠢ ᠰᠢᠨᠡᠳᠬᠡᠪᠡ᠃      ᠨᠢᠭᠡ ᠵᠢᠯ ᠤᠨ ᠲᠤᠷᠰᠢ᠂ ᠭᠤᠣᠯᠳᠠᠭᠤ ᠪᠥᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠦᠷᠭᠦᠯᠵᠢᠯᠡᠨ ᠰᠠᠶᠢᠵᠢᠷᠠᠭᠤᠯᠪᠠ᠃ ᠬᠡᠯᠪᠡᠷᠢ ᠪᠠᠨ ᠬᠤᠪᠢᠷᠠᠭᠤᠯᠬᠤ ᠶᠢ ᠴᠥᠬᠦᠷᠡᠰᠢ ᠦᠭᠡᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠪᠡ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠥᠭᠡᠷᠡᠴᠢᠯᠡᠯᠲᠡ ᠨᠡᠭᠡᠭᠡᠯᠲᠡ ᠶᠢ ᠲᠦᠷᠭᠡᠨ ᠪᠥᠭᠡᠳ ᠲᠣᠭᠲᠠᠭᠤᠨ ᠢᠶᠠᠷ ᠶᠠᠪᠤᠭᠳᠠᠭᠤᠯᠪᠠ᠃ ᠠᠮᠢ ᠠᠬᠤᠢ ᠶᠢ ᠰᠢᠯᠢᠳᠡᠭᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠪᠣᠬᠢᠷᠲᠤᠯ ᠦᠭᠡᠢ ᠬᠥᠭᠵᠢᠯᠲᠡ ᠶᠢ ᠯᠠᠪᠳᠠᠭᠤᠨ ᠪᠠᠲᠤᠲᠠᠢ ᠪᠥᠭᠡᠳ ᠬᠦᠴᠦᠨ ᠲᠠᠢ  ᠪᠤᠯᠭᠠᠪᠠ᠃ ᠨᠢᠭᠡᠳᠦᠯᠲᠡᠢ ᠲᠥᠯᠥᠪᠯᠡᠨ ᠨᠡᠶᠢᠲᠡ  ᠳᠤᠨᠢ ᠬᠠᠷᠠᠭᠠᠯᠵᠠᠵᠤ ᠠᠭᠤᠰᠤᠯᠴᠠᠬᠤ ᠶᠢ ᠠᠬᠢᠭᠤᠯᠤᠨ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠯᠳᠤᠭᠤᠯᠤᠨ ᠵᠡᠷᠭᠡ ᠪᠠᠷ ᠤᠷᠤᠭᠰᠢᠯᠠᠭᠤᠯᠪᠠ᠃ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠪᠣᠳᠠᠲᠤ ᠶᠠᠪᠤᠳᠠᠯ ᠪᠦᠲᠦᠭᠡᠪᠡᠯ᠂ ᠠᠷᠠᠳ ᠤᠨ ᠠᠮᠢᠳᠤᠷᠠᠯ ᠨᠡᠩ ᠲᠦᠭᠡᠮᠡᠯ ᠠᠰᠢᠭ ᠬᠦᠷᠲᠡᠭᠡᠨ᠎ᠡ᠃ ᠥᠩᠭᠡᠷᠡᠭᠰᠡᠨ ᠨᠢᠭᠡ ᠵᠢᠯ ᠳᠤ᠂ ᠪᠢᠳᠡ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠭ᠎ᠠ ᠶᠢ ᠠᠬᠢᠭᠤᠯᠬᠤ ᠲᠠᠯ᠎ᠠ ᠪᠠᠷ ᠰᠢᠨ᠎ᠡ ᠣᠯᠣᠯᠲᠠ ᠲᠠᠢ ᠪᠣᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠬᠠᠮᠰᠠᠷᠲᠤ ᠴᠢᠨᠠᠷ ᠲᠤ ᠰᠢᠨ᠎ᠡ ᠳᠡᠭᠡᠭᠰᠢᠯᠡᠯᠲᠡ ᠲᠠᠢ ᠪᠣᠯᠪᠠ᠃ ᠴᠢᠬᠤᠯᠠ ᠶᠡᠭᠡ ᠤᠴᠢᠷ ᠶᠠᠪᠤᠳᠠᠯ ᠢ ᠬᠤᠰᠢᠭᠤ ᠨᠠᠮ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠭᠥᠯᠢᠶᠡᠨ ᠠᠪᠴᠤ᠂ 76 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ 147 ᠬᠤᠪᠢ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠭᠦᠢᠴᠡᠳᠬᠡᠵᠦ᠂ 2686 ᠬᠤᠪᠢ ᠤᠲᠠᠰᠤᠨ ᠤ ᠠᠵᠢᠯ ᠤᠨ ᠬᠠᠭᠤᠳᠠᠰᠤ ᠶᠢ ᠰᠢᠢᠳᠪᠦᠷᠢᠯᠡᠵᠦ ᠳᠠᠭᠤᠰᠬᠠᠨ᠂ ᠪᠥᠬᠦ ᠬᠤᠲᠠ ᠳᠤ ᠨᠢᠭᠡᠳᠦᠭᠡᠷ ᠲᠤ ᠣᠷᠣᠪᠠ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢ ᠪᠡᠶᠡᠯᠡᠭᠦᠯᠵᠦ᠂ ᠮᠠᠨ ᠤ ᠬᠤᠰᠢᠭᠤ ᠪᠥᠬᠦ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠭᠠᠵᠠᠷ ᠣᠷᠣᠨ ᠳᠤ ᠰᠣᠩᠭᠤᠭᠳᠠᠭᠰᠠᠨ ᠪᠥᠭᠡᠳ ᠤᠯᠤᠰ ᠤᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠳᠤ ᠣᠷᠣᠯᠴᠠᠬᠤ ᠪᠠᠷ ᠲᠠᠨᠢᠯᠴᠠᠭᠤᠯᠤᠭᠳᠡᠪᠠ᠃ ᠲᠣᠭᠤᠷᠢᠨ ᠪᠠᠶᠢᠴᠠᠭᠠᠬᠤ᠂ ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠠᠰᠠᠭᠤᠳᠠᠯ ᠢ ᠴᠥᠮ ᠯᠠᠪᠳᠠᠭᠤᠨ ᠪᠠᠲᠤᠲᠠᠢ ᠪᠠᠷ ᠴᠡᠭᠴᠡᠯᠡᠨ ᠰᠠᠶᠢᠵᠢᠷᠠᠭᠤᠯᠪᠠ᠃ ︽ᠲᠠᠪᠤᠨ ᠠᠵᠤ ᠠᠬᠤᠢ ᠶᠢ ᠲᠦᠭᠡᠮᠡᠯᠵᠢᠭᠦᠯᠬᠦ︾ ᠱᠠᠲᠤ ᠦᠶ᠎ᠡ ᠶᠢᠨ ᠴᠢᠨᠠᠷᠲᠠᠢ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠵᠤ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾᠂ ᠺᠠᠳ᠋ᠷ ᠤᠨ ᠡᠩᠨᠡᠭᠡ ᠶᠢᠨ ︽ᠲᠠᠪᠤᠨ ᠦᠭᠡᠢ︾ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠱᠠᠲᠤᠴᠢ ᠴᠢᠨᠠᠷᠲᠠᠢ ᠦᠷ᠎ᠡ ᠪᠦᠲᠦᠮᠵᠢ ᠣᠯᠵᠤ᠂ ᠪᠥᠬᠦ ᠬᠤᠰᠢᠭᠤᠨ ᠤ ᠠᠵᠢᠯ ᠬᠢᠵᠦ ᠦᠢᠯᠡᠰ ᠴᠣᠭᠴᠠᠯᠠᠬᠤ ᠪᠠᠶᠢᠳᠠᠯ ᠤᠯᠠᠮ ᠠᠴᠠ ᠤᠯᠠᠮ ᠰᠠᠶᠢᠵᠢᠷᠠᠵᠤ᠂ ᠡᠷᠴᠢ ᠵᠣᠷᠢᠭ ᠤᠯᠠᠮ ᠠᠴᠠ ᠤᠯᠠᠮ ᠲᠡᠭᠦᠯᠳᠡᠷ ᠪᠣᠯᠵᠤ᠂ ᠠᠭᠤᠷ ᠠᠮᠢᠰᠬᠤᠯ ᠤᠯᠠᠮ ᠠᠴᠠ ᠤᠯᠠᠮ ᠥᠳᠬᠡᠷᠡᠪᠡ᠃       ᠱᠢ ᠵᠥᠩ ᠴᠢᠨ ᠢᠯᠡᠳᠬᠡᠯ ᠳᠤ ᠵᠢᠭᠠᠵᠤ ᠭᠠᠷᠭᠠᠭᠰᠠᠨ ᠨᠢ᠂ ᠣᠯᠣᠭᠰᠠᠨ ᠠᠮᠵᠢᠯᠲᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂  ᠬᠤᠰᠢᠭᠤ ᠨᠠᠮ ᠤᠨ ᠬᠤᠷᠢᠶ᠎ᠠ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠶᠢᠨ ᠦᠷ᠎ᠡ ᠳ᠋ᠦᠩ ᠮᠥᠨ᠂ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠪᠠ ᠡᠯ᠎ᠡ ᠲᠠᠯ᠎ᠠ ᠶᠢᠨ ᠬᠢᠨ ᠤ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ ᠭᠡᠵᠡᠢ᠃       ᠱᠢ ᠵᠥᠩ ᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠡᠯ᠎ᠡ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠥᠷᠭᠡᠨ ᠣᠯᠠᠨ ᠺᠠᠳ᠋ᠷ ᠣᠯᠠᠨ ᠲᠦᠮᠡᠨ ᠳᠤ ᠵᠠᠰᠠᠭ ᠤᠨ ᠣᠷᠳᠣᠨ ᠤ ᠠᠵᠢᠯ ᠢ ᠶᠡᠬᠡᠪᠡᠷ ᠳᠡᠮᠵᠢᠵᠦ ᠪᠠᠶᠢᠭ᠎ᠠ ᠠᠷᠠᠳ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠥᠰ ᠪᠠ ᠡᠯ᠎ᠡ ᠠᠷᠠᠳ ᠤᠨ ᠪᠦᠯᠬᠦᠮ ᠳᠤ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠪᠠ ᠰᠠᠭᠤᠭ᠎ᠠ ᠨᠢᠭᠡᠴᠡ ᠳᠤ᠂ ᠡᠯ᠎ᠡ ᠠᠬᠠᠮᠠᠳ ᠤᠳᠤᠷᠢᠳᠤᠯᠭ᠎ᠠ᠂ ᠠᠬᠠᠮᠠᠳ ᠨᠥᠬᠦᠳ ᠪᠠ ᠳᠠᠷᠬᠠᠨ ᠮᠤᠤᠮᠢᠩᠭᠠᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠭᠰᠡᠨ ᠪᠠᠶᠢᠨ᠎ᠠ᠃      ᠱᠢ ᠵᠥᠩ ᠴᠢᠨ ᠢᠯᠡᠳᠬᠡᠯ ᠳᠤ ᠪᠠᠨ᠂ 2024 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ ᠮᠥᠨ᠂ ᠪᠠᠰᠠ ᠴᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠵᠠᠰᠠᠭ ᠤᠨ ᠣᠷᠳᠣᠨ ᠤ ᠠᠵᠢᠯ ᠡᠷᠬᠡᠪᠰᠢ ᠵᠠᠩᠭᠢᠯᠠᠭ᠎ᠠ ᠶᠢᠨ ᠠᠵᠢᠯ ᠬᠢᠬᠦ ᠬᠡᠷᠡᠭᠲᠡᠢ᠃ ᠪᠦᠬᠦ ᠲᠠᠯ᠎ᠠ ᠶᠢ ᠪᠣᠳᠣᠯᠬᠢᠯᠠᠨ ᠣᠳᠣᠬᠢ ᠪᠠᠶᠢᠳᠠᠯ ᠢ ᠠᠵᠢᠭᠯᠠᠵᠤ᠂ ᠤᠯᠤᠰ ᠠᠴᠠ ᠰᠢᠨ᠎ᠡ ᠴᠠᠭ ᠦᠶ᠎ᠡ ᠳᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠠᠬᠢᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠳᠤ ᠳᠠᠷᠬᠠᠨ ᠮᠤᠤᠮᠢᠩᠭᠠᠨ ᠤ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠬᠥᠭᠵᠢᠯᠲᠡ  ᠶᠢ ᠲᠦᠯᠬᠢᠨ ᠠᠬᠢᠭᠤᠯᠬᠤ ᠲᠤᠬᠠᠢ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠶᠢᠨ ᠲᠣᠭᠤᠷᠢᠨ ᠳᠤ ︽ᠵᠢᠷᠭᠤᠭᠠᠨ ᠶᠡᠭᠡ ᠢᠨᠵᠧᠨᠧᠷᠢᠩ︾ ᠢ ᠬᠡᠷᠡᠭᠵᠢᠭᠦᠯᠬᠦ᠂ ᠬᠤᠲᠠ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠠᠴᠠ ︽ᠲᠤᠯᠤᠭᠠᠨ ᠶᠡᠭᠡ ᠠᠵᠢᠯᠯᠠᠭ᠎ᠠ︾ ᠶᠢᠨ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠬᠤᠶᠠᠷ ᠵᠢᠯ ᠳᠠᠷᠠᠭᠠᠯᠠᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠵᠡᠷᠭᠡ ᠶᠢ ᠨᠡᠶᠢᠲᠡᠯᠡᠵᠦ᠂ ᠲᠥᠷᠥ ᠶᠢᠨ ᠪᠣᠳᠣᠯᠭ᠎ᠠ ᠪᠠ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠬᠠᠷᠢᠯᠴᠠᠨ ᠳᠠᠪᠬᠤᠴᠠᠭᠤᠯᠤᠨ᠂ ᠬᠠᠮᠵᠢᠯᠴᠠᠨ ᠬᠦᠴᠦᠯᠡᠵᠦ᠂ ᠮᠠᠨ ᠤ ᠬᠤᠰᠢᠭᠤᠨ ᠤ ᠰᠢᠨ᠎ᠡ ᠨᠢᠭᠡ ᠡᠭᠡᠯᠵᠢ ᠶᠢᠨ ᠬᠥᠭᠵᠢᠯᠲᠡ ᠳᠤ ᠴᠢᠬᠤᠯᠠ ᠶᠡᠭᠡ ᠠᠰᠢᠭ ᠬᠦᠷᠲᠡᠭᠡᠭᠰᠡᠨ ᠪᠠᠶᠢᠨ᠎ᠠ᠂ ᠪᠢᠳᠡ ᠰᠠᠶᠢᠲᠤᠷ ᠠᠳᠬᠤᠳᠠᠭ ᠯᠠ ᠶᠤᠮ ᠪᠣᠯ ᠯᠠᠪᠲᠠᠢ ᠰᠢᠨ᠎ᠡ ᠣᠷᠣᠨ ᠵᠠᠢ ᠶᠢ ᠨᠡᠭᠡᠭᠡᠵᠦ ᠴᠢᠳᠠᠨ᠎ᠠ᠃ ᠣᠳᠣ ᠳᠤ ᠪᠠᠨ ᠵᠣᠭᠰᠣᠨ ᠢᠷᠡᠭᠡᠳᠦᠢ ᠪᠠᠨ ᠪᠠᠷᠠᠯᠠᠬᠤᠶ᠎ᠠ᠂ ᠬᠤᠰᠢᠭᠤᠨ ᠤ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠤᠳᠠᠭ᠎ᠠ ᠪᠦᠷᠢ ᠶᠢᠨ ᠬᠤᠰᠢᠭᠤᠨ ᠤ ᠨᠠᠮ ᠤᠨ ᠬᠤᠷᠢᠶᠠᠨ ᠤ ᠪᠥᠬᠦᠳᠡ ᠬᠤᠷᠠᠯ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠳᠠᠷᠬᠠᠨ ᠮᠤᠤᠮᠢᠩᠭᠠᠨ ᠢ ᠪᠦᠲᠦᠭᠡᠨ ᠪᠠᠶᠢᠭᠤᠯᠬᠤ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠬᠢᠵᠦ᠂ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ᠂ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠮᠢᠩᠭᠠᠨ ᠲᠦᠮᠡᠨ ᠲᠣᠨ ᠤ ᠲᠠᠰ ᠤᠨ ᠠᠷᠠᠯᠵᠢᠶᠠᠨ ᠤ ᠪᠣᠭᠤᠮᠲᠠ ᠶᠢ ᠪᠦᠲᠦᠭᠡᠨ ᠪᠠᠶᠢᠭᠤᠯᠬᠤ ᠵᠡᠷᠭᠡ ᠬᠠᠷᠠᠯᠲᠠ ᠶᠢ ᠶᠠᠭ ᠲᠦᠷᠭᠡᠨ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠠᠴᠠ ᠪᠠᠰᠠ ︽ᠲᠠᠪᠤᠨ ᠡᠷᠬᠡᠪᠰᠢ︾ ᠶᠢᠨ ᠠᠵᠢᠯ ᠤᠨ ᠲᠤᠷᠰᠢᠯᠭ᠎ᠠ᠂ ︽ᠵᠢᠷᠭᠤᠭᠠᠨ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠰᠢᠪᠲᠤᠯᠬᠤ︾ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠲᠣᠭᠲᠠᠭᠠᠵᠤ᠂ ᠪᠢᠳᠡᠨ ᠤ ᠬᠥᠭᠵᠢᠯᠲᠡ ᠶᠢᠨ ᠣᠷᠣᠨ ᠪᠠᠶᠢᠷᠢ ᠨᠠᠩ ᠲᠣᠳᠣᠷᠬᠠᠢ ᠪᠣᠯᠵᠤ᠂ ᠢᠷᠡᠭᠡᠳᠦᠢ ᠨᠠᠩ ᠰᠠᠷᠠᠭᠤᠯ ᠠᠭᠤᠳᠠᠮ ᠪᠣᠯᠪᠠ᠃ ᠡᠭᠦᠨ ᠤ ᠬᠠᠮᠲᠤ᠂ ᠣᠯᠠᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠪᠢᠳᠡ ᠨᠡᠯᠢᠶᠡᠳ ᠪᠠᠲᠤ ᠪᠠᠬᠢ ᠬᠥᠭᠵᠢᠯᠲᠡ ᠶᠢᠨ ᠰᠠᠭᠤᠷᠢ ᠶᠢ ᠬᠤᠷᠠᠮᠳᠤᠭᠤᠯᠵᠤ᠂ ᠡᠨᠧᠷᠭᠢ᠂ ᠡᠬᠢ ᠪᠠᠶᠠᠯᠢᠭ᠂ ᠭᠠᠵᠠᠷ ᠣᠷᠣᠨ᠂ ᠨᠤᠲᠤᠭ ᠳᠡᠪᠢᠰᠬᠡᠷ᠂ ᠬᠢᠯᠢ ᠶᠢᠨ ᠪᠣᠭᠤᠮᠲᠠ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ᠂ ᠣᠷᠴᠢᠨ ᠲᠣᠭᠤᠷᠢᠨ ᠤ ᠪᠠᠭᠲᠠᠭᠠᠮᠵᠢ ᠵᠡᠷᠭᠡ ᠲᠠᠯ᠎ᠠ ᠶᠢᠨ ᠶᠡᠷᠦᠩᠬᠡᠶᠢᠯᠡᠭᠰᠡᠨ ᠳᠠᠪᠠᠭᠤᠯᠢᠭ ᠢ ᠭᠦᠢᠴᠡᠳ ᠢᠯᠡᠷᠡᠭᠦᠯᠵᠦ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠥᠭᠵᠢᠯᠲᠡ ᠶᠢ ᠬᠦᠰᠡᠬᠦ᠂ ᠬᠥᠭᠵᠢᠯᠲᠡ ᠶᠢ ᠡᠷᠢᠯᠬᠢᠯᠡᠬᠦ ᠬᠦᠰᠡᠯ ᠡᠷᠡᠮᠡᠯᠵᠡᠯ ᠨᠠᠩ ᠴᠢᠩᠭ᠎ᠠ ᠪᠣᠯᠵᠠᠢ᠂ ᠡᠲᠡᠭᠡᠷ ᠨᠢ ᠴᠥᠮ ᠪᠢᠳᠡᠨ ᠤ ᠤᠷᠤᠭᠰᠢ ᠳᠠᠪᠰᠢᠬᠤ ᠢᠲᠡᠭᠡᠯ ᠵᠣᠷᠢᠭ ᠪᠠ ᠬᠦᠴᠦᠨ ᠴᠢᠳᠠᠯ ᠪᠣᠯᠣᠨ᠎ᠠ ᠭᠡᠵᠡᠢ᠃      ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠪᠤᠭᠤᠲᠤ ᠳᠤ ᠭᠠᠷᠭᠠᠭᠰᠠᠨ ︽ᠨᠢᠭᠡ ᠰᠢᠨ᠎ᠡ  ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠣᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ  ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠡᠮᠡᠭᠳᠡᠯ ᠤᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠢ ᠬᠦᠴᠦᠯᠡᠨ ᠰᠢᠢᠳᠪᠦᠷᠢᠯᠡᠵᠦ᠂ ᠠᠵᠤ ᠠᠬᠤᠢ ᠶᠢᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠰᠠᠭᠤᠷᠢᠨ ᠳᠡᠭᠡᠷ᠎ᠡ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠶᠢ ᠪᠡᠶᠡᠯᠡᠭᠦᠯᠬᠦ ᠶᠢ ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠂ ᠨᠡᠶᠢᠭᠡᠮ ᠤᠨ ᠲᠣᠭᠲᠠᠭᠤᠨ ᠢ ᠪᠠᠲᠤᠯᠠᠵᠤ᠂ ᠪᠥᠬᠦ ᠣᠷᠣᠨ ᠳᠤ ᠲᠡᠷᠢᠭᠦᠨ ᠤ ᠪᠠᠶᠢᠷᠢᠨ ᠳᠤ ᠣᠷᠣᠬᠤ ᠪᠠᠷ ᠴᠢᠷᠮᠠᠶᠢᠵᠤ᠂ ᠮᠠᠩᠯᠠᠢ ᠳᠤ ᠨᠢ ᠭᠠᠷᠬᠤ ᠪᠠᠷ ᠮᠡᠷᠡᠶᠢᠨ ᠴᠢᠷᠮᠠᠶᠢᠨ᠎ᠠ᠃       ᠡᠨᠡ ᠵᠢᠯ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠠᠳᠠᠯᠢ ᠬᠤᠭᠤᠴᠠᠭᠠᠨ ᠤ ᠬᠢ ᠠᠴᠠ 10% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 30% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 20% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ 10% ᠠᠴᠠ ᠳᠡᠭᠡᠭᠰᠢ ᠨᠡᠮᠡᠭᠳᠡᠭᠦᠯᠵᠦ᠂ ᠤᠯᠠᠨ ᠨᠡᠶᠢᠲᠡ ᠶᠢᠨ ᠡᠩ ᠤᠨ ᠲᠥᠰᠥᠪ ᠤᠨ ᠣᠷᠣᠯᠭ᠎ᠠ ᠶᠢ 12% ᠠᠴᠠ ᠳᠡᠭᠡᠭᠰᠢ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠠᠳᠠᠯᠢ ᠠᠯᠬᠤᠮ ᠲᠠᠢ ᠪᠠᠶᠢᠯᠭᠠᠨ᠎ᠠ᠃       ᠰᠢᠨ᠎ᠡ ᠨᠢᠭᠡ ᠵᠢᠯ ᠳᠤ᠂ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠠᠰᠠᠭᠤᠳᠠᠯ ᠳᠤ ᠬᠠᠨᠳᠤᠵᠤ᠂ ᠬᠠᠷᠠᠯᠲᠠ ᠶᠢ ᠰᠢᠷᠳᠡᠨ ᠠᠵᠢᠯᠯᠠᠵᠤ᠂ ᠬᠢᠷᠢ ᠬᠡᠮ ᠳᠤ ᠬᠦᠷᠦᠭᠰᠡᠨ ᠪᠠᠶᠢᠳᠠᠯ᠂ ᠪᠠᠷᠢᠮᠵᠢᠶ᠎ᠠ ᠶᠢ ᠳᠠᠪᠠᠭᠰᠠᠨ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ︽ᠨᠠᠢᠮᠠᠨ ᠶᠡᠭᠡ ᠠᠵᠢᠯᠯᠠᠭ᠎ᠠ︾ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃ ᠨᠢᠭᠡ ᠳᠤ᠂ ᠪᠡᠯᠡ ᠣᠷᠣᠭᠤᠯᠤᠯᠲᠠ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ ᠲᠠᠯ᠎ᠠ ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠠᠩᠯᠠᠢ ᠳᠤ ᠨᠢ ᠭᠠᠷᠬᠤ ᠪᠠᠷ ᠮᠡᠷᠡᠶᠢᠨ ᠴᠢᠷᠮᠠᠶᠢᠬᠤ ᠬᠡᠷᠡᠭᠲᠡᠢ᠃ ᠬᠤᠶᠠᠷ ᠲᠤ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ ᠤᠯᠠᠨ ᠲᠦᠮᠡᠨ ᠢ ᠥᠷᠭᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠠᠩᠯᠠᠢ ᠳᠤ ᠨᠢ ᠭᠠᠷᠬᠤ ᠪᠠᠷ ᠮᠡᠷᠡᠶᠢᠨ ᠴᠢᠷᠮᠠᠶᠢᠨ᠎ᠠ᠃ ᠭᠤᠷᠪᠠ ᠳᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠬᠤᠷᠳᠤᠴᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠮᠢᠩᠭᠠᠨ ᠳ᠋ᠦᠩᠰᠢᠭᠤᠷ ᠲᠥᠭᠦᠷᠢᠭ ᠤᠨ ᠲᠠᠰ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠲᠠᠯ᠎ᠠ ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠠᠩᠯᠠᠢ ᠳᠤ ᠨᠢ ᠭᠠᠷᠬᠤ ᠪᠠᠷ ᠮᠡᠷᠡᠶᠢᠨ ᠴᠢᠷᠮᠠᠶᠢᠨ᠎ᠠ᠃ ᠳᠥᠷᠪᠡ ᠳᠤ ᠥᠭᠡᠷᠡᠴᠢᠯᠡᠯᠲᠡ ᠨᠡᠭᠡᠭᠡᠯᠲᠡ ᠶᠢᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠮᠢᠩᠭᠠᠨ ᠲᠦᠮᠡᠨ ᠲᠣᠨ ᠤ ᠲᠡᠰ ᠤᠨ ᠠᠷᠠᠯᠵᠢᠶᠠᠨ ᠤ ᠪᠣᠭᠤᠮᠲᠠ ᠶᠢ ᠪᠦᠲᠦᠭᠡᠨ ᠪᠠᠶᠢᠭᠤᠯᠬᠤ ᠲᠠᠯ᠎ᠠ ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠠᠩᠯᠠᠢ  ᠳᠤ ᠨᠢ ᠭᠠᠷᠬᠤ ᠪᠠᠷ ᠮᠡᠷᠡᠶᠢᠨ ᠴᠢᠷᠮᠠᠶᠢᠨ᠎ᠠ᠃ ᠲᠠᠪᠤ ᠳᠤ᠂ ᠦᠵᠡᠰᠬᠦᠯᠡᠩᠲᠦ ᠰᠠᠶᠢᠬᠠᠨ ᠳᠠᠷᠬᠠᠨ ᠮᠤᠤᠮᠢᠩᠭᠠᠨ ᠤ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠠᠩᠯᠠᠢ ᠳᠤ ᠨᠢ ᠭᠠᠷᠬᠤ ᠪᠠᠷ ᠮᠡᠷᠡᠶᠢᠨ ᠴᠢᠷᠮᠠᠶᠢᠨ᠎ᠠ᠃ ᠵᠢᠷᠭᠤᠭ᠎ᠠ ᠳᠤ᠂ ᠬᠤᠳᠠ ᠬᠥᠳᠡᠭᠡ ᠶᠢᠨ ᠬᠠᠷᠢᠯᠴᠠᠨ ᠠᠭᠤᠰᠤᠯᠴᠠᠵᠤ ᠵᠡᠷᠭᠡᠪᠡᠷ ᠤᠷᠤᠭᠰᠢᠯᠠᠬᠤ ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢᠰᠢᠬᠤ ᠳᠤ ᠲᠣᠬᠢᠷᠠᠮᠵᠢᠲᠠᠢ ᠠᠵᠤ ᠦᠢᠯᠡᠰ ᠤᠨ ᠪᠦᠬᠦᠯᠢ ᠴᠣᠭᠴᠠ ᠶᠢᠨ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠠᠩᠯᠠᠢ ᠳᠤ ᠨᠢ ᠭᠠᠷᠬᠤ ᠪᠠᠷ ᠮᠡᠷᠡᠶᠢᠨ ᠴᠢᠷᠮᠠᠶᠢᠨ᠎ᠠ᠃ ᠲᠤᠯᠤᠭ᠎ᠠ ᠳᠤ᠂ ᠠᠷᠠᠳ ᠤᠨ ᠠᠮᠢᠳᠤᠷᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠠᠩᠯᠠᠢ ᠳᠤ ᠨᠢ ᠭᠠᠷᠬᠤ ᠪᠠᠷ ᠮᠡᠷᠡᠶᠢᠨ ᠴᠢᠷᠮᠠᠶᠢᠨ᠎ᠠ᠃ ᠨᠠᠢᠮᠠ ᠳᠤ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠲᠠᠯ᠎ᠠ ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠮᠠᠩᠯᠠᠢ ᠳᠤ ᠨᠢ ᠭᠠᠷᠬᠤ ᠪᠠᠷ ᠮᠡᠷᠡᠶᠢᠨ ᠴᠢᠷᠮᠠᠶᠢᠨ᠎ᠠ᠃       ᠱᠢ ᠵᠥᠩ ᠴᠢᠨ ᠬᠡᠯᠡᠬᠦ ᠳᠤ ᠪᠠᠨ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠢᠳᠡ ᠡᠷᠬᠡᠪᠰᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠠᠲᠤ ᠪᠠᠬᠢ ᠪᠣᠶ ᠪᠣᠯᠭᠠᠨ ᠦᠢᠯᠡᠳᠦᠯᠭᠡᠵᠢᠭᠦᠯᠵᠦ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠢᠨ᠎ᠡ ᠳᠦᠷᠰᠦ ᠪᠠᠶᠢᠳᠠᠯ᠂ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠬᠠᠨᠤᠮᠵᠢᠲᠠᠶ ᠰᠢᠨ᠎ᠡ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠵᠡᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠪᠥᠬᠦ ᠣᠷᠣᠨ ᠳᠤ ᠲᠡᠷᠢᠭᠦᠨ ᠳᠤ ᠣᠷᠣᠬᠤ ᠪᠠᠷ ᠮᠡᠷᠡᠶᠢᠨ ᠴᠢᠷᠮᠠᠶᠢᠵᠤ᠂  ᠮᠠᠩᠯᠠᠢ ᠳᠤ ᠨᠢ ᠭᠠᠷᠬᠤ ᠪᠠᠷ ᠮᠡᠷᠡᠶᠢᠨ ᠴᠢᠷᠮᠠᠶᠢᠬᠤ ᠬᠠᠷᠠᠯᠲᠠ ᠶᠢ ᠪᠡᠶᠡᠯᠡᠭᠦᠯᠦᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ︽  ᠳᠠᠷᠬᠠᠨ ᠮᠤᠤᠮᠢᠩᠭᠠᠨ ᠤ ᠦᠢᠯᠡᠳᠦᠯᠭᠡ︾ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢᠨ ᠲᠥᠯᠥᠭᠡ ᠡᠷᠡᠯᠬᠡᠭᠯᠡᠨ ᠲᠡᠮᠡᠴᠡᠵᠡᠭᠡᠶ᠎ᠡ ᠭᠡᠰᠡᠨ ᠪᠠᠶᠢᠨ᠎ᠠ︕       ᠶᠡᠭᠡ ᠬᠤᠷᠠᠯ ᠠᠴᠠ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠪᠣᠯᠣᠨ 2024 ᠣᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ᠶᠢ ᠳᠠᠷᠤᠮᠠᠯᠯᠠᠨ ᠲᠠᠷᠬᠠᠭᠠᠪᠠ᠃ ᠳᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ 2023 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2024 ᠣᠨ ᠤ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ  ᠵᠢᠱᠢᠭᠳᠡᠭᠰᠡᠨ ᠲᠦᠷᠦᠯ ᠵᠦᠢᠯ ᠤᠨ ᠪᠦᠷᠢᠯᠳᠦᠭᠰᠡᠨ ᠪᠠᠶᠢᠳᠠᠯ ᠤᠨ ᠮᠡᠳᠡᠭᠦᠯᠦᠯᠲᠡ᠂ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠢᠯᠧᠲ ᠥᠭᠴᠦ ᠪᠠᠲᠤᠯᠠᠬᠤ ᠠᠷᠭ᠎ᠠ  ︵ᠲᠦᠰᠦᠯ︶ ᠢ ᠲᠥᠯᠥᠭᠡᠯᠡᠭᠴᠢᠳ ᠲᠤ ᠳᠡᠪᠰᠢᠭᠦᠯᠦᠨ ᠬᠢᠨᠠᠨ ᠪᠠᠶᠢᠴᠠᠭᠠᠯᠭᠠᠪᠠ᠃       ᠲᠣᠰ ᠤᠳᠠᠭᠠᠨ ᠤ ᠶᠡᠭᠡ ᠬᠤᠷᠠᠯ ᠳᠤ ᠲᠥᠯᠥᠭᠡᠯᠡᠭᠴᠢ ᠪᠤᠰᠤ ᠬᠤᠰᠢᠭᠤᠨ ᠤ ᠤᠳᠤᠷᠢᠳᠤᠯᠭ᠎ᠠ᠂ ᠵᠠᠰᠠᠭ ᠤᠨ ᠣᠷᠳᠣᠨ ᠤ ᠪᠦᠷᠢᠯᠳᠦᠭᠦᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ᠂ ᠬᠤᠲᠠ ᠶᠢᠨ ᠠᠷᠠᠳ ᠤᠨ ᠲᠥᠯᠥᠭᠡᠯᠡᠭᠴᠢ᠂ ᠬᠤᠰᠢᠭᠤᠨ ᠤ ᠨᠠᠮ ᠣᠯᠠᠨ ᠲᠦᠮᠡᠨ ᠤ ᠰᠠᠯᠠᠭ᠎ᠠ ᠮᠥᠴᠢᠷ᠂ ᠨᠢᠭᠡᠳᠦᠭᠡᠷ ᠵᠥᠪᠯᠡᠯ ᠬᠤᠶᠠᠷ ᠬᠤᠷᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ᠂ ᠬᠤᠰᠢᠭᠤᠨ ᠤ ᠬᠠᠷᠢᠶᠠᠲᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠤᠰᠢᠭᠤᠨ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠪᠥᠬᠦ ᠭᠡᠰᠢᠭᠦᠳ ᠰᠤᠯᠠ ᠣᠷᠣᠯᠴᠠᠪᠠ᠃ ᠤᠤᠯ ᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠳᠤᠷᠢᠳᠤᠯᠭ᠎ᠠ ᠰᠡᠷᠭᠦᠯᠡᠩ ᠵᠢᠴᠢ 13 ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠢ ᠰᠤᠯᠠ ᠰᠣᠨᠣᠰᠴᠠᠢ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号