ᠠᠷᠠᠳ ᠤᠨ ᠲᠦᠯᠦᠭᠡᠯᠡᠭᠴᠢ — ᠰᠡᠴᠡᠠᠭᠡᠷᠡᠯ
ᠨᠡᠶᠢᠲᠡᠯᠡᠭᠰᠡᠨ ᠴᠠᠭ᠄
2024/1/24
      ᠨᠢᠭᠡᠨ ᠬᠠᠷᠢᠭᠤᠴᠠᠯᠭ᠎ᠠ ᠲᠠᠢ ᠠᠵᠦ ᠠᠬᠤᠶᠢᠯᠠᠯᠳᠠᠨ ᠤ ᠲᠦᠯᠦᠭᠡᠯᠡᠭᠴᠢ ᠪᠤᠯᠬᠤ ᠪᠤᠯ ᠶᠡᠷᠦ ᠠᠴᠠ ᠰᠡᠴᠡᠠᠭᠡᠷᠡᠯ  ᠤᠨ ᠠᠷᠠᠳ ᠤᠨ ᠲᠦᠯᠦᠭᠡᠯᠡᠭᠴᠢ ᠪᠠᠷ ᠰᠤᠩᠭᠤᠭᠳᠠᠭᠰᠠᠨ ᠤ ᠤᠭ ᠰᠠᠨᠠᠭ᠎ᠠ ᠮᠦᠨ᠃ ᠦᠢᠯᠡᠰ ᠪᠤᠰᠬᠠᠨ ᠠᠵᠦ ᠠᠬᠤᠶᠢᠯᠠᠯ ᠡᠷᠬᠢᠯᠡᠭᠰᠡᠨ ᠡᠳᠡᠭᠡᠷ ᠵᠢᠯ ᠤᠨ ᠲᠤᠷᠰᠢ ᠰᠡᠴᠡᠠᠭᠡᠷᠡᠯ ᠨᠡᠭᠦᠳᠡᠯ ᠮᠠᠯᠵᠢᠯ ᠤᠨ ᠠᠮᠳᠠᠳᠦ ᠢᠳᠡᠭᠡᠨ ᠤ ᠰᠤᠶᠤᠯ  ᠤᠨ ᠰᠢᠨ᠎ᠡ ᠤᠷᠤᠨ ᠵᠠᠢ ᠶᠢ ᠨᠡᠭᠡᠭᠡᠭᠰᠡᠨ ᠪᠦᠭᠡᠳ ᠲᠤᠬᠠᠶᠢᠯᠠᠭᠰᠠᠨ ᠠᠵᠢᠯ ᠢᠶᠠᠨ ᠲᠠᠰᠤᠷᠠᠯᠳᠠ ᠦᠭᠡᠢ ᠦᠷᠭᠡᠳᠭᠡᠵᠦ᠂ ᠠᠷᠠᠳ ᠤᠨ ᠠᠮᠢᠳᠤᠷᠠᠯ ᠢ ᠦᠷᠭᠦᠯᠵᠢᠯᠡᠨ ᠠᠩᠬᠠᠷᠴᠦ᠂ ᠢᠳᠡᠪᠬᠢᠳᠡᠢ ᠪᠠᠷ ᠰᠠᠨᠠᠯ ᠵᠦᠪᠯᠡᠯᠭᠡ ᠲᠤᠷᠠᠳᠤᠨ ᠠᠷᠭ᠎ᠠ ᠤᠬᠠᠭᠠᠨ ᠭᠠᠷᠭᠠᠵᠦ᠂ ᠦᠪᠡᠷ ᠤᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠭᠰᠡᠭᠡᠷ ᠢᠷᠡᠵᠠᠢ᠃
微信图片_20240123161804.jpg
      ᠰᠡᠴᠡᠠᠭᠡᠷᠡᠯ2011 ᠤᠨ ᠠᠴᠠ ᠡᠬᠢᠯᠡᠨ ᠪᠡᠶ᠎ᠡ ᠪᠠᠨ ᠲᠠᠭᠠᠭᠠᠵᠦ ᠦᠢᠯᠡᠰ ᠪᠤᠰᠬᠠᠨ᠂2015 ᠤᠨ ᠳᠤ ︽ᠭᠡᠷ ᠪᠦᠯᠢ ᠶᠢᠨ ᠮᠠᠯᠵᠢᠯ ᠤᠨ ᠲᠠᠯᠠᠪᠠᠢ︾ ᠪᠠᠶᠢᠭᠤᠯᠵᠦ᠂ ︽ᠲᠤᠤᠷ ᠰᠦᠯᠵᠢᠶᠡᠨ ᠤ ᠴᠠᠭ ᠦᠶ᠎ᠡ᠂ ᠮᠠᠯᠵᠢᠯ ᠤᠨ ᠲᠠᠯᠠᠪᠠᠢ ᠶᠢᠨ ᠵᠡᠭᠦᠳᠦ︾ ᠬᠤᠪᠢ ᠬᠦᠮᠦᠨ ᠤ ᠵᠠᠬᠢᠶᠠᠯᠠᠨ ᠲᠡᠵᠢᠭᠡᠬᠦ ᠲᠦᠯᠦᠪᠯᠡᠭᠡ ᠶᠢ ᠬᠡᠷᠡᠭᠵᠢᠭᠦᠯᠵᠦ᠂ ᠲᠠᠷᠬᠠᠨ ᠮᠤᠤᠮᠢᠩᠭᠠᠨ ᠤ ᠮᠢᠩᠭᠠᠨ ᠡᠷᠦᠬᠡ ᠮᠠᠯᠴᠢᠳ ᠲᠤ ᠠᠰᠢᠭ ᠬᠦᠷᠳᠡᠭᠡᠵᠦ᠂2019 ᠤᠨ ᠤ3 ᠰᠠᠷ᠎ᠠ ᠳᠤ ᠲᠦᠷᠦᠯ ᠲᠡᠮᠳᠡᠭ ᠢ ᠪᠦᠬᠦ ᠲᠠᠯ᠎ᠠ ᠪᠠᠷ ᠲᠡᠰ ᠲᠡᠪᠰᠢᠭᠦᠯᠵᠦ᠂ ᠦᠪᠦᠷ ᠮᠤᠩᠭᠤᠯ ᠤᠨ ᠨᠡᠭᠦᠳᠡᠯᠴᠢᠨ ᠤ ᠲᠤᠷᠠᠰᠤᠮᠵᠢ ᠠᠵᠦ ᠦᠢᠯᠡᠰ ᠤᠨ ᠬᠢᠵᠠᠭᠠᠷᠳᠦ ᠺᠤᠮᠫᠠᠨᠢ ᠶᠢ ᠪᠠᠶᠢᠭᠤᠯᠪᠠ᠃
微信图片_20240123161812.jpg
      2023 ᠤᠨ ᠳᠤ᠂ ᠨᠡᠭᠦᠳᠡᠯᠴᠢᠨ ᠤ ᠲᠤᠷᠠᠰᠤᠮᠵᠢ ︽ᠲᠦᠷᠦᠯ ᠰᠠᠳᠤᠨ ᠢᠶᠠᠨ ᠡᠷᠢᠬᠦ ᠵᠤᠭᠠᠴᠠᠯ ᠤᠨ ᠭᠡᠷ ᠲᠡᠷᠭᠡᠳᠦ ᠨᠡᠭᠦᠳᠡᠯ ᠠᠶᠠᠯᠠᠯ︾ ᠤᠨ ᠤᠬᠠᠭᠤᠯᠭ᠎ᠠ ᠲᠠᠨᠢᠯᠴᠠᠭᠤᠯᠭ᠎ᠠ ᠶᠢᠨ ᠠᠵᠢᠯᠯᠠᠭ᠎ᠠ ᠪᠠᠨ ᠡᠬᠢᠯᠡᠭᠦᠯᠵᠦ᠂129 ᠡᠳᠦᠷ ᠲᠤ ᠦᠪᠦᠷ ᠮᠤᠩᠭᠤᠯ ᠤᠨ12 ᠠᠶᠢᠮᠠᠭ ᠬᠤᠳᠠ᠂100 ᠭᠠᠷᠤᠢ ᠬᠤᠰᠢᠭᠤ ᠰᠢᠶᠠᠨ᠂11 ᠪᠤᠭᠤᠮᠳᠠ ᠪᠠᠷ ᠶᠠᠪᠤᠵᠦ᠂18000 ᠺᠢᠯᠤᠮᠧᠲᠷ ᠤᠨ ᠠᠶᠠᠯᠠᠯ ᠢ ᠪᠡᠶᠡᠯᠡᠭᠦᠯᠵᠦ᠂ ᠦᠪᠦᠷ ᠮᠤᠩᠭᠤᠯ ᠤᠨ ᠭᠡᠷ ᠲᠡᠷᠭᠡᠳᠦ ᠨᠡᠭᠦᠳᠡᠯ ᠵᠤᠭᠠᠴᠠᠯ ᠤᠨ ᠠᠩᠬᠠᠨ ᠤ ᠵᠠᠮ ᠢ ᠨᠡᠭᠡᠭᠡᠵᠠᠢ᠃ ᠺᠤᠮᠫᠠᠨᠢ ᠶᠢᠨ ᠨᠡᠷᠡᠳᠦ ᠦᠢᠯᠡᠳᠭᠦᠨ ︽ᠲᠠᠯ᠎ᠠ ᠨᠤᠳᠤᠭ ᠤᠨ ᠰᠤᠯᠠ ᠢᠳᠡᠭᠡᠨ︾ ᠭᠠᠷ ᠪᠡᠯᠡᠭ ᠨᠢ ︽ᠦᠪᠦᠷ ᠮᠤᠩᠭᠤᠯ ᠤᠨ ᠵᠠᠭᠤᠨ ᠰᠢᠯᠢᠳᠡᠭ ᠲᠠᠷᠢᠶᠠᠯᠠᠩ ᠤᠨ ᠤᠨᠴᠠ ᠲᠠᠨᠢᠯᠴᠠᠭᠤᠯᠭ᠎ᠠ  ᠶᠢᠨ ᠦᠢᠯᠡᠳᠭᠦᠨ︾ ᠭᠡᠬᠦ ᠢᠷᠠᠭᠤ ᠠᠯᠳᠠᠷ ᠢ ᠬᠦᠷᠳᠡᠵᠦ᠂ ᠨᠡᠭᠦᠳᠡᠯᠴᠢᠨ ᠤ ᠲᠤᠷᠠᠰᠤᠮᠵᠢ ᠨᠡᠷᠡᠳᠦ ᠲᠡᠮᠳᠡᠭᠳᠦ ᠨᠢ ︽ᠦᠪᠦᠷ ᠮᠤᠩᠭᠤᠯ ᠤᠨ ᠨᠡᠷᠡᠳᠦ ᠲᠡᠮᠳᠡᠭᠳᠦ︾ ᠭᠡᠬᠦ ᠢᠷᠠᠭᠤ ᠠᠯᠳᠠᠷ ᠢ ᠬᠦᠷᠳᠡᠭᠰᠡᠨ ᠪᠦᠭᠡᠳ ᠵᠢᠩᠭᠢᠨᠢ ᠪᠠᠷ ︽ᠦᠪᠦᠷ ᠮᠤᠩᠭᠤᠯ ᠤᠨ ᠪᠤᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠭᠦᠨ ᠢ ᠭᠠᠳᠠᠭᠰᠢ ᠭᠠᠷᠭᠠᠬᠤ ᠠᠵᠦ ᠦᠢᠯᠡᠰ ᠤᠨ ᠬᠤᠯᠪᠤᠭᠠᠨ ᠤ ᠬᠡᠷᠡᠭ ᠡᠷᠬᠢᠯᠡᠭᠴᠢᠳ ᠤᠨ ᠨᠢᠭᠡᠴᠡ︾ ᠪᠤᠯᠤᠭᠰᠠᠨ ᠪᠠᠶᠢᠨ᠎ᠠ᠃
微信图片_20240123161818.jpg
      2023 ᠤᠨ ᠳᠤ ᠵᠢᠩᠭᠢᠨᠢ ᠪᠠᠷ ᠡᠬᠢᠯᠡᠭᠦᠯᠦᠭᠰᠡᠨ ︽ᠨᠡᠭᠦᠳᠡᠯᠴᠢᠨ ᠤ ᠲᠤᠷᠠᠰᠤᠮᠵᠢ᠂ ᠲᠦᠮᠡᠨ ᠲᠡᠯᠭᠡᠭᠦᠷ  ᠤᠨ ᠴᠠᠭ ᠦᠶ᠎ᠡ︾ ᠬᠤᠯᠪᠤᠭᠠᠳᠦ ᠲᠡᠯᠭᠡᠭᠦᠷ ᠤᠨ ᠲᠦᠯᠦᠪᠯᠡᠭᠡ ᠨᠢ ᠠᠷᠠᠪ ᠤᠨ ᠬᠤᠯᠪᠤᠭᠠᠳᠦ ᠠᠬᠠᠮᠠᠳᠳᠦ ᠤᠯᠤᠰ᠃ ᠮᠤᠩᠭᠤᠯ ᠤᠯᠤᠰ ᠪᠤᠯᠤᠨ ᠤᠯᠤᠰ ᠤᠨ ᠲᠤᠳᠤᠭᠠᠳᠦ ᠶᠢᠨ ᠤᠯᠠᠨ ᠮᠤᠵᠢ ᠬᠤᠳᠠ ᠳᠤ200 ᠭᠠᠷᠤᠢ ᠵᠠᠩ ᠦᠢᠯᠡ  ᠶᠢᠨ ᠰᠤᠶᠤᠯ ᠢ ᠪᠡᠶᠡᠴᠢᠯᠡᠨ ᠤᠶᠢᠯᠠᠭᠠᠬᠤ ᠤᠷᠳᠤᠨ᠂ ᠨᠡᠷᠡᠳᠦ ᠲᠡᠮᠳᠡᠭᠳᠦ ᠢᠳᠡᠭᠡᠨ ᠤᠮᠳᠠᠭᠠᠨ ᠤ ᠴᠤᠭᠯᠠᠷᠠᠯ ᠤᠨ ᠲᠡᠯᠭᠡᠭᠦᠷ᠂ ᠡᠷᠡᠭᠦᠯᠵᠢᠯ ᠤᠨ ᠢᠳᠡᠭᠡᠨ ᠤ ᠪᠡᠶᠡᠴᠢᠯᠡᠨ ᠤᠶᠢᠯᠠᠭᠠᠬᠤ ᠬᠤᠯᠪᠤᠭᠠᠳᠦ ᠲᠡᠯᠭᠡᠭᠦᠷ᠂ ᠭᠤᠤᠯ ᠰᠡᠳᠦᠪᠳᠦ ᠠᠷᠠᠳ ᠤᠨ ᠤᠷᠤᠨ ᠰᠠᠭᠤᠴᠠ ᠵᠢᠴᠢ ᠡᠵᠡᠩᠨᠡᠯᠳᠡ ᠶᠢᠨ ᠲᠦᠪ ᠵᠡᠷᠭᠡ ᠶᠢ ᠨᠡᠭᠡᠭᠡᠵᠡᠢ᠃
微信图片_20240123161829.jpg
      ᠰᠡᠴᠡᠠᠭᠡᠷᠡᠯ ᠴᠠᠭᠠᠨ ᠢᠳᠡᠭᠡ ᠦᠢᠯᠡᠳᠬᠦ ᠤᠷ᠎ᠠ ᠮᠡᠷᠭᠡᠵᠢᠯ ᠤᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠪᠤᠯᠤᠭᠰᠠᠨ ᠤ ᠬᠤᠪᠢ ᠳᠤ᠂ ᠨᠡᠭᠦᠳᠡᠯ ᠮᠠᠯᠵᠢᠯ ᠤᠨ ᠰᠣᠶᠣᠯ ᠢ ᠲᠦᠭᠡᠮᠡᠵᠢᠭᠦᠯᠬᠦ ᠶᠢ ᠴᠢᠬᠤᠯᠠᠴᠢᠯᠠᠵᠦ ᠂ ᠲᠤᠮᠳᠠᠳᠦ ᠪᠠᠭ᠎ᠠ ᠰᠤᠷᠭᠠᠭᠤᠯᠢ ᠶᠢᠨ ᠰᠤᠷᠤᠭᠴᠢᠳ ᠢ ᠮᠠᠯᠵᠢᠯ ᠤᠨ ᠲᠠᠯᠠᠪᠠᠢ ᠳᠤ ᠪᠠᠨ ᠠᠪᠠᠴᠢᠵᠦ ᠦᠨᠢᠶ᠎ᠡ ᠰᠠᠭᠠᠬᠤ᠂ ᠴᠠᠭᠠᠨ ᠢᠳᠡᠭᠡᠨ ᠬᠢᠬᠦ᠂ ᠬᠤᠨᠢ ᠬᠠᠶᠢᠴᠢᠯᠠᠬᠤ ᠵᠡᠷᠭᠡ ᠨᠡᠭᠦᠳᠡᠯ ᠮᠠᠯᠵᠢᠯ ᠤᠨ ᠠᠮᠢᠳᠤᠷᠠᠯ ᠢ ᠪᠡᠶᠡᠴᠢᠯᠡᠨ ᠤᠶᠢᠯᠠᠭᠠᠭᠤᠯᠵᠦ᠂ ᠤᠳᠤᠬᠠᠨ ᠪᠤᠯᠳᠠᠯ᠎ᠠ ᠲᠤᠮᠳᠠᠳᠦ ᠪᠠᠭ᠎ᠠ ᠰᠤᠷᠭᠠᠭᠤᠯᠢ ᠶᠢᠨ ᠰᠤᠷᠤᠭᠴᠢᠳ ᠢ ᠨᠢᠭᠡᠨᠳᠡ5 ᠮᠢᠩᠭ᠎ᠠ ᠭᠠᠷᠤᠢ ᠬᠦᠮᠦᠨ ᠣᠳᠠᠭ᠎ᠠ ᠬᠦᠯᠢᠶᠡᠨ ᠠᠪᠴᠦ ᠵᠤᠴᠢᠯᠠᠪᠠ᠃      ᠡᠭᠦᠨ ᠤ ᠬᠠᠮᠳᠦ᠂ ᠰᠡᠴᠡᠠᠭᠡᠷᠡᠯ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳ᠋ᠤᠺᠲ᠋ᠤᠷᠠᠨᠲ  ᠤᠨ ᠰᠤᠳᠤᠯᠭᠠᠨ ᠤ ᠰᠡᠳᠦᠪ ᠲᠠᠢ ᠬᠠᠮᠳᠦ ᠪᠠᠷ ᠬᠢᠭᠰᠡᠨ ︽ᠨᠡᠭᠦᠳᠡᠯᠴᠢᠨ ᠤ ᠲᠤᠷᠠᠰᠤᠮᠵᠢ — ᠦᠪᠦᠷ ᠮᠤᠩᠭᠤᠯ ᠤᠨ ᠬᠤᠨᠢᠨ ᠮᠢᠬᠠᠨ ᠤ ᠵᠦᠢᠯ ᠤᠨ ᠦᠨ᠎ᠡ ᠦᠷᠳᠡᠭ ᠢ ᠲᠠᠬᠢᠨ ᠱᠤᠭᠤᠬᠤ︾ ᠰᠤᠳᠤᠯᠭᠠᠨ ᠤ ᠰᠡᠳᠦᠪ ᠨᠢ ᠤᠷᠤᠨ ᠤ ᠲᠡᠰ ᠤᠨ ᠡᠭᠦᠳᠦᠯᠳᠡ ᠶᠢᠨ ᠤᠷᠤᠯᠳᠤᠭᠠᠨ ᠳᠤ ᠬᠤᠶᠠᠳᠤᠭᠠᠷ ᠲᠤ ᠤᠷᠤᠵᠦ᠂ ᠪᠦᠬᠦ ᠤᠯᠤᠰ ᠤᠨ ᠤᠷᠤᠯᠳᠤᠭᠠᠨ ᠳᠤ ᠭᠤᠷᠪᠠᠳᠤᠭᠠᠷ ᠲᠤ ᠤᠷᠤᠪᠠ᠃      ᠰᠡᠴᠡᠠᠭᠡᠷᠡᠯ ᠮᠠᠯᠴᠢᠨ ᠲᠠᠷᠢᠶᠠᠴᠢᠨ ᠲᠠᠢ ︽ᠠᠶᠤᠯ ᠲᠦᠭᠰᠢᠭᠦᠷᠢ ᠶᠢ ᠬᠠᠮᠳᠤᠪᠠᠷ ᠡᠭᠦᠷᠭᠡᠯᠡᠬᠦ᠂ ᠠᠰᠢᠭ ᠲᠤᠰᠠ  ᠶᠢ ᠲᠡᠭᠰᠢ ᠪᠠᠷ ᠬᠦᠷᠳᠡᠬᠦ︾ ᠬᠡᠯᠪᠡᠷᠢ ᠶᠢᠨ ᠠᠰᠢᠭ ᠲᠤᠰᠠ ᠶᠢᠨ ᠬᠠᠷᠢᠴᠠᠭ᠎ᠠ ᠪᠠᠶᠢᠭᠤᠯᠵᠦ᠂ ᠡᠷᠬᠢᠨ ᠲᠤᠭᠤᠷᠢᠨ ᠤ ᠮᠠᠯᠴᠢᠳ ᠤᠨ ᠠᠮᠢᠳᠤᠷᠠᠯ ᠪᠠ ᠲᠠᠷᠢᠵᠦ ᠲᠡᠵᠢᠭᠡᠬᠦ ᠶᠢ ᠤᠯᠠᠮᠵᠢᠯᠠᠯ ᠠᠴᠠ ᠣᠳᠣ ᠦᠶ᠎ᠡ ᠶᠢᠨ ᠬᠡᠯᠪᠡᠷᠢ ᠳᠤ ᠬᠤᠪᠢᠷᠠᠭᠤᠯᠤᠨ᠂ ᠲᠠᠷᠬᠠᠨ ᠮᠤᠤᠮᠢᠩᠭᠠᠨ ᠤ ᠲᠠᠯ᠎ᠠ ᠨᠤᠳᠤᠭ ᠤᠨ ᠬᠤᠨᠢ ᠶᠢ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠪᠤᠷᠤᠯᠠᠭᠤᠯᠬᠤ ᠭᠤᠷᠪᠠᠨ ᠠᠵᠦ ᠦᠢᠯᠡᠰ ᠤᠨ ᠲᠤᠭᠠᠴᠢᠯᠠᠯᠳᠠ ᠶᠢ ᠲᠦᠯᠬᠢᠨ ᠠᠬᠢᠭᠤᠯᠵᠦ᠂180 ᠡᠷᠦᠬᠡ ᠮᠠᠯᠴᠢᠳ  ᠢ ᠲᠠᠶᠢᠴᠢᠯᠠᠨ ᠲᠠᠭᠠᠭᠤᠯᠵᠦ ᠤᠷᠤᠯᠭ᠎ᠠ ᠶᠢ ᠨᠢ ᠨᠡᠮᠡᠭᠳᠡᠭᠦᠯᠦᠨ᠂80 ᠭᠠᠷᠤᠢ ᠬᠦᠮᠦᠰ ᠲᠤ ᠠᠵᠢᠯ ᠤᠨ ᠤᠷᠤᠨ ᠪᠠᠶᠢᠷᠢ ᠬᠠᠩᠭᠠᠵᠦ ᠦᠭᠭᠦᠭᠰᠡᠨ ᠪᠠᠶᠢᠨ᠎ᠠ᠃
      ︽ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠲᠡᠭᠡᠳᠦᠯᠡᠵᠦ᠂ ᠲᠡᠷᠢᠬᠦᠨ ᠤ ᠬᠢ ᠶᠢ ᠡᠭᠦᠳᠭᠦ ᠪᠠᠷ ᠴᠢᠷᠮᠠᠶᠢᠵᠦ᠂ ᠲᠡᠰᠪᠤᠷᠢ ᠬᠠᠳᠠᠭᠤᠵᠢᠯᠳᠠᠢ ᠲᠡᠮᠡᠴᠡᠵᠦ᠂ ᠵᠤᠷᠢᠭᠳᠠᠢ ᠪᠠᠷ ᠰᠢᠨ᠎ᠡ ᠶᠢ ᠡᠭᠦᠳᠴᠦ᠂ ᠨᠡᠷ᠎ᠡ ᠠᠰᠢᠭ ᠢ ᠦᠯᠦ ᠬᠦᠭᠡᠭᠡᠴᠡᠯᠳᠦᠨ᠂ ᠲᠤᠷᠠᠳᠠᠶᠢᠶ᠎ᠠ ᠬᠤᠪᠢ ᠨᠡᠮᠡᠷᠢ ᠦᠵᠡᠭᠦᠯᠬᠦ︾ ᠪᠤᠯ ᠰᠡᠴᠡᠠᠭᠡᠷᠡᠯ ᠤᠨ ᠬᠦᠰᠡᠯ ᠬᠦᠭᠡᠭᠡᠴᠡᠯᠳᠦᠯ ᠮᠦᠨ᠃ ᠲᠡᠷᠡ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠬᠢᠶᠠᠨ ᠪᠠᠶᠢᠭᠤᠯᠤᠯᠳᠠ ᠶᠢᠨ ᠡᠯ᠎ᠡ ᠲᠦᠷᠦᠯ ᠤᠨ ᠠᠵᠢᠯᠯᠠᠭ᠎ᠠ ᠳᠤ ᠢᠳᠡᠪᠬᠢᠳᠡᠢ ᠤᠷᠤᠯᠴᠠᠵᠦ᠂ ᠤᠯᠠᠨ ᠲᠦᠮᠡᠨ ᠤ ᠰᠡᠳᠬᠢᠯ  ᠤᠨ ᠦᠬᠡ ᠶᠢ ᠰᠤᠨᠤᠰᠴᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠦᠭᠴᠦ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠳᠡᠢ ᠭᠦᠢᠴᠡᠳᠭᠡᠨ᠂ ᠪᠤᠳᠠᠳᠦ ᠠᠵᠢᠯᠯᠠᠭ᠎ᠠ ᠪᠠᠷ ᠢᠶᠠᠨ ᠠᠷᠠᠳ ᠤᠨ ᠲᠦᠯᠦᠭᠡᠯᠡᠭᠴᠢ  ᠶᠢᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠠᠮᠠᠯᠠᠯᠳᠠ ᠪᠠᠨ ᠦᠢᠯᠡᠳᠦᠯᠭᠡᠵᠢᠭᠦᠯᠵᠦ᠂ ᠦᠪᠡᠷ ᠤᠨ ᠬᠤᠪᠢ ᠨᠡᠮᠡᠷᠢ  ᠪᠠᠷ ᠢᠶᠠᠨ ᠨᠠᠮ ᠪᠠ ᠵᠠᠰᠠᠭ ᠤᠨ ᠤᠷᠳᠤᠨ᠂ ᠦᠷᠭᠡᠨ ᠤᠯᠠᠨ ᠲᠦᠮᠡᠨ ᠳᠤ ᠬᠠᠨᠤᠮᠵᠢᠳᠠᠢ ᠰᠢᠯᠭᠠᠯᠳᠠ ᠶᠢᠨ ᠬᠠᠭᠤᠳᠠᠰᠦ ᠪᠠᠨ ᠲᠡᠪᠰᠢᠭᠦᠯᠵᠦ ᠪᠠᠶᠢᠨ᠎ᠠ᠃
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号