ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ — ᠠᠷᠢᠭᠤᠨ
ᠨᠡᠶᠢᠲᠡᠯᠡᠭᠰᠡᠨ ᠴᠠᠭ᠄
2024/1/24
      ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠴᠠᠭᠠᠠᠬᠠᠳᠠ ᠰᠤᠮᠤᠨ ᠤ ᠲᠡᠳ᠋ ᠰᠤᠮᠤᠨ ᠲᠠᠷᠤᠭ᠎ᠠ ᠠᠷᠢᠭᠤᠨ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠃ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠪᠤᠯᠤᠭᠰᠠᠨ ᠤ ᠬᠤᠪᠢ ᠳᠤ ᠲᠡᠷᠡ ᠲᠦᠷᠦ ᠳᠤ ᠤᠷᠤᠯᠴᠠᠵᠦ ᠲᠦᠷᠦ ᠶᠢᠨ ᠶᠠᠪᠤᠳᠠᠯ ᠢ ᠵᠦᠪᠯᠡᠬᠦ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠦᠨ2022 ᠤᠨ ᠳᠤ ︽ᠬᠢᠯᠢ ᠶᠢᠨ ᠪᠤᠭᠤᠮᠳᠠ ᠶᠢᠨ ᠦᠨᠳᠦᠰᠦᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ︾ ᠶᠢᠨ ᠲᠤᠬᠠᠢ ᠰᠠᠨᠠᠯ ᠰᠠᠨᠠᠭᠤᠯᠭ᠎ᠠ ᠶᠢ ᠲᠤᠷᠠᠳᠴᠦ ᠰᠢᠯᠢᠳᠡᠭ ᠲᠤᠷᠠᠳᠤᠯᠭ᠎ᠠ ᠪᠠᠷ ᠦᠨᠡᠯᠡᠭᠳᠡᠭᠰᠡᠨ ᠪᠠᠶᠢᠨ᠎ᠠ᠃
微信图片_20240123161914.jpg
      ᠨᠢᠭᠡᠨ ᠰᠤᠮᠤᠨ ᠲᠠᠷᠤᠭ᠎ᠠ ᠪᠤᠯᠤᠭᠰᠠᠨ ᠤ ᠬᠤᠪᠢ ᠳᠤ ᠠᠷᠢᠭᠤᠨ ᠦᠨᠳᠦᠰᠦᠨ ᠱᠠᠳᠤᠨ ᠳᠤ ᠭᠦᠨᠵᠡᠭᠡᠶᠢᠷᠡᠵᠦ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠢᠮᠠᠭᠳᠠ ᠪᠠᠷᠢᠮᠳᠠᠯᠠᠵᠦ᠂ ᠤᠯᠠᠨ ᠲᠦᠮᠡᠨ ᠤ ᠬᠦᠴᠢᠷ ᠵᠤᠪᠠᠨᠢᠯ ᠳᠤ ᠠᠩᠬᠠᠷᠤᠯ ᠢᠶᠠᠨ ᠲᠦᠪᠯᠡᠷᠡᠭᠦᠯᠦᠨ ᠪᠤᠳᠠᠳᠠᠢ ᠶᠠᠪᠤᠳᠠᠯ ᠬᠢᠬᠦ ᠶᠢ ᠪᠠᠷᠢᠮᠳᠠᠯᠠᠵᠦ᠂ ᠤᠯᠠᠨ ᠤᠳᠠᠭ᠎ᠠ ᠠᠶᠢᠯ ᠡᠷᠦᠬᠡ ᠳᠤ ᠬᠦᠷᠴᠦ ᠰᠤᠷᠪᠤᠯᠵᠢᠯᠠᠬᠤ ᠳᠤ ᠪᠠᠨ ᠬᠠᠮᠤᠭ ᠤᠨ ᠦᠨᠡᠨ ᠪᠤᠳᠠᠳᠠᠢ ᠰᠠᠨᠠᠯ ᠰᠠᠨᠠᠭᠤᠯᠭ᠎ᠠ ᠶᠢ ᠨᠢ ᠰᠤᠨᠤᠰᠴᠦ᠂ ᠬᠠᠮᠤᠭ ᠤᠨ ᠦᠨᠡᠨ ᠪᠤᠳᠠᠳᠠᠢ ᠲᠦᠷᠦᠭᠳᠡᠯ ᠢ ᠨᠢ ᠤᠶᠢᠯᠠᠭᠠᠳᠠᠭ ᠪᠤᠯᠬᠤᠷ ᠦᠷᠭᠡᠨ ᠤᠯᠠᠨ ᠮᠠᠯᠴᠢᠨ ᠲᠦᠮᠡᠨ ᠲᠠᠢ ᠪᠠᠨ ᠰᠡᠳᠬᠢᠯ ᠵᠢᠷᠦᠬᠡ ᠪᠠᠨ ᠬᠤᠯᠪᠤᠵᠦ ᠴᠢᠳᠠᠭᠰᠠᠨ ᠪᠠᠶᠢᠳᠠᠭ᠃ ᠴᠠᠭᠠᠠᠬᠠᠳᠠ ᠰᠤᠮᠤᠨ ᠤ ᠬᠠᠳᠠᠠᠬᠤᠰᠢᠭᠤ ᠭᠠᠴᠠᠭ᠎ᠠ ᠶᠢ ᠬᠤᠪᠢᠳᠠᠨ ᠬᠠᠮᠢᠶᠠᠷᠴᠦ ᠪᠠᠶᠢᠭ᠎ᠠ ᠲᠡᠷᠡ ᠪᠠᠷ2023 ᠤᠨ ᠳᠤ ᠬᠠᠳᠠᠠᠬᠤᠰᠢᠭᠤ ᠭᠠᠴᠠᠭᠠᠨ ᠳᠤ ︽ᠸᠠᠩ ᠵᠧᠩ ᠫᠢᠩ ᠤᠨ ᠰᠠᠭᠤᠷᠢᠨ ᠭᠠᠵᠠᠷ︾ ᠢ ᠵᠤᠬᠢᠶᠠᠨ ᠪᠠᠶᠢᠭᠤᠯᠵᠦ ᠵᠢᠯ ᠳᠤ ᠬᠤᠶᠠᠷ ᠠᠴᠠ ᠭᠤᠷᠪᠠ ᠤᠳᠠᠭᠠᠨ ᠤ ᠰᠤᠶᠤᠯ ᠤᠷᠠᠯᠢᠭ ᠪᠤᠶᠤ ᠵᠠᠩ ᠦᠢᠯᠡ ᠶᠢᠨ ᠬᠦᠳᠡᠯᠭᠡᠭᠡᠨ ᠢ ᠶᠠᠪᠤᠭᠳᠠᠭᠤᠯᠤᠭᠳᠠᠨ ᠪᠠᠶᠢᠨ᠎ᠠ᠃ ᠲᠡᠷᠡ ᠪᠠᠰᠠ ᠨᠠᠮ ᠵᠠᠰᠠᠭ ᠤᠨ ᠠᠯᠪᠠᠨ ᠭᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ᠂ ᠠᠵᠢᠯ ᠤᠨ ᠭᠤᠤᠯᠳᠠᠯᠭ᠎ᠠ᠂ ᠲᠤᠬᠠᠶᠢᠯᠠᠭᠰᠠᠨ ᠠᠵᠢᠯ ᠤᠨ ᠲᠡᠭᠡᠭᠰᠢᠯᠡᠯᠳᠡ᠂ ᠠᠵᠢᠯ ᠤᠨ ᠰᠠᠬᠢᠯᠭ᠎ᠠ ᠪᠠᠳᠤ᠂ ᠮᠡᠳᠡᠭᠡ ᠵᠠᠩᠭᠢ ᠪᠢᠴᠢᠬᠦ ᠵᠡᠷᠭᠡ ᠤᠯᠠᠨ ᠲᠠᠯ᠎ᠠ ᠳᠤ ᠬᠦᠴᠦ ᠲᠠᠯᠪᠢᠨ ᠠᠵᠢᠯᠯᠠᠵᠦ᠂ ᠤᠯᠠᠷᠢᠯ ᠪᠤᠯᠭᠠᠨ ᠳᠤ ᠨᠢᠭᠡᠨ ᠣᠳᠠᠭᠠᠨ ᠤ ᠮᠡᠳᠡᠭᠡ ᠵᠠᠩᠭᠢ ᠶᠢᠨ ᠠᠵᠢᠯᠳᠠᠳ ᠤᠨ ᠬᠢᠴᠢᠶᠡᠯ ᠪᠤᠯᠪᠠᠰᠤᠷᠠᠯ ᠢ ᠡᠷᠬᠢᠯᠡᠨ᠂ ᠠᠵᠢᠯ ᠤᠨ ᠮᠡᠳᠡᠭᠡ ᠵᠠᠩᠭᠢ ᠶᠢᠨ ᠠᠩᠭᠢᠯᠡᠯ᠂ ᠤᠨᠴᠠᠯᠢᠭ᠂ ᠬᠡᠷᠬᠢᠨ ᠴᠢᠨᠠᠷ ᠰᠠᠶᠢᠳᠠᠢ ᠠᠵᠢᠯ ᠤᠨ ᠮᠡᠳᠡᠭᠡ ᠵᠠᠩᠭᠢ ᠶᠢ ᠰᠠᠶᠢᠳᠤᠷ ᠪᠢᠴᠢᠬᠦ᠂ ᠬᠡᠷᠬᠢᠨ ᠰᠢᠨ᠎ᠡ ᠰᠡᠪᠡᠬᠦᠨ ᠦᠪᠡᠷᠮᠢᠴᠡ ᠲᠠᠯ᠎ᠠ ᠠᠴᠠ ᠰᠡᠳᠬᠢᠨ ᠪᠤᠳᠤᠯᠬᠢᠯᠠᠬᠤ ᠵᠡᠷᠭᠡ ᠲᠠᠯ᠎ᠠ ᠪᠠᠷ ᠰᠢᠰᠲ᠋ᠧᠮ ᠲᠠᠢ ᠪᠤᠯᠪᠠᠰᠤᠷᠠᠯ ᠬᠢᠵᠦ᠂ ᠪᠦᠬᠦ ᠨᠠᠮ ᠵᠠᠰᠠᠭ ᠤᠨ ᠠᠯᠪᠠᠨ ᠭᠡᠷ ᠤᠨ ᠠᠵᠢᠯᠳᠠᠳ ᠢ ᠬᠦᠳᠦᠯᠦᠨ ᠵᠢᠯᠤᠭᠤᠳᠴᠦ ᠪᠠᠶᠢᠭᠠᠳ ᠦᠪᠡᠷ ᠢ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠦᠨ ᠮᠡᠳᠡᠭᠡ ᠵᠠᠩᠭᠢ ᠶᠢᠨ ᠠᠵᠢᠯ ᠤᠨ ᠡᠯ᠎ᠡ ᠵᠦᠢᠯ ᠤᠨ ᠬᠠᠷᠢᠭᠤᠴᠠᠯᠭ᠎ᠠ ᠶᠢ ᠨᠡᠩ ᠰᠠᠶᠢᠳᠤᠷ ᠬᠦᠢᠴᠡᠳᠭᠡᠬᠦ ᠳᠤ ᠴᠢᠷᠮᠠᠶᠢᠨ ᠠᠵᠢᠯᠯᠠᠳᠠᠭ ᠪᠠᠶᠢᠨ᠎ᠠ᠃ ᠡᠭᠦᠨ ᠠᠴᠠ ᠭᠠᠳᠠᠨ᠎ᠠ ᠠᠵᠢᠯ ᠤᠨ ᠰᠤᠯᠠ ᠰᠡᠯᠡᠬᠦᠦ ᠴᠠᠭ ᠢᠶᠠᠷ ᠠᠷᠢᠭᠤᠨ ᠰᠡᠭᠦᠳᠡᠷᠯᠡᠬᠦ ᠮᠠᠰᠢᠨ ᠢᠶᠠᠨ ᠡᠭᠦᠷᠴᠦ ᠵᠢᠷᠤᠭ ᠰᠡᠭᠦᠳᠡᠷ ᠲᠠᠳᠠᠨ ᠲᠤᠷᠠᠰᠬᠠᠵᠦ ᠲᠡᠮᠳᠡᠭᠯᠡᠬᠦ ᠲᠤᠷ᠎ᠠ ᠪᠠᠬ᠎ᠠ ᠲᠠᠢ ᠪᠠᠶᠢᠭᠰᠠᠨ ᠠᠴᠠ ᠪᠤᠭᠤᠳᠦ ᠬᠤᠳᠠ ᠶᠢᠨ ᠬᠡᠷᠡᠯ ᠵᠢᠷᠤᠭ ᠤᠨ ᠨᠡᠶᠢᠭᠡᠮᠯᠢᠭ  ᠤᠨ ᠬᠡᠰᠢᠬᠦᠨ ᠪᠤᠯᠵᠦ᠂ ᠦᠪᠡᠷ ᠤᠨ ᠭᠡᠷᠡᠯ ᠵᠢᠷᠤᠭ ᠤᠨ ᠪᠦᠳᠦᠭᠡᠯ ᠢᠶᠠᠷ ᠢᠶᠠᠨ ᠤᠷᠤᠨ ᠤ ᠲᠡᠰ ᠪᠠ ᠤᠯᠠᠨ ᠤᠯᠤᠰ  ᠤᠨ ᠭᠡᠷᠡᠯ ᠵᠢᠷᠤᠭ ᠤᠨ ᠦᠵᠡᠭᠦᠯᠦᠯᠭᠡ ᠳᠤ ᠤᠯᠠᠨᠳᠠ ᠤᠷᠤᠯᠴᠠᠵᠦ ᠨᠡᠩ ᠤᠯᠠᠨ ᠬᠦᠮᠦᠨ ᠳᠤ ᠲᠠᠯ᠎ᠠ ᠨᠤᠳᠤᠭ ᠤᠨ ᠦᠩᠭᠡ ᠦᠵᠡᠮᠵᠢ ᠪᠠ ᠠᠬᠤᠢ ᠠᠮᠢᠳᠤᠷᠠᠯ ᠢ ᠤᠶᠢᠯᠠᠭᠠᠭᠤᠯᠤᠭᠰᠠᠨ ᠪᠠᠶᠢᠨ᠎ᠠ᠃
微信图片_20240123161921.jpg
      ᠠᠷᠢᠭᠤᠨ ᠨᠢᠭᠡᠨ ᠦᠨᠳᠦᠰᠦᠨ ᠱᠠᠳᠤᠨ ᠤ ᠠᠵᠢᠯᠳᠠᠨ ᠪᠤᠯᠤᠭᠰᠠᠨ ᠤ ᠬᠤᠪᠢ ᠳᠤ ᠠᠷᠠᠳ ᠲᠦᠮᠡᠨ ᠳᠤ ᠨᠡᠩ ᠰᠠᠶᠢᠨ ᠦᠢᠯᠡᠴᠢᠯᠡᠵᠦ᠂ ᠨᠢᠭᠡᠨ ᠤᠯᠤᠰ ᠲᠦᠷᠦ ᠶᠢᠨ ᠵᠦᠪᠯᠡᠯᠭᠡᠨ ᠤ ᠬᠡᠰᠢᠭᠦᠨ ᠪᠤᠯᠤᠭᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠨ ᠤᠯᠠᠨ ᠲᠦᠮᠡᠨ ᠳᠤ ᠠᠰᠢᠭ ᠲᠤᠰᠠ ᠲᠠᠢ ᠰᠠᠨᠠᠯ ᠲᠤᠷᠠᠳᠤᠯᠭ᠎ᠠ ᠪᠠᠨ ᠤᠯᠠᠨ  ᠳᠤ ᠪᠠᠨ ᠬᠦᠷᠢᠶᠡᠯᠡᠯ ᠲᠠᠢ ᠰᠢᠯᠢᠳᠡᠭ ᠬᠡᠰᠢᠬᠦᠨ ᠪᠤᠯᠬᠤ ᠪᠠᠷ ᠦᠷᠭᠦᠯᠵᠢᠯᠡᠨ ᠴᠢᠷᠮᠠᠶᠢᠨ ᠠᠵᠢᠯᠯᠠᠭᠰᠠᠭᠠᠷ ᠪᠤᠢ᠃
 
 
ᠢᠷᠡᠯᠲᠡ᠄ ᠪᠠᠭᠠᠳᠤᠷᠯᠢᠭ ᠲᠠᠷᠬᠠᠨ ᠮᠤᠤᠮᠢᠩᠭᠠᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号