ᠲᠤᠯᠠᠭᠠᠯᠠᠭ᠎ᠠ ᠬᠠᠩᠭᠠᠬᠤ ᠠᠰᠠᠭᠤᠳᠠᠯ ᠲᠠᠢ ᠪᠣᠯ  ᠭᠡᠵᠢᠶ᠎ᠡ ᠴᠤ ᠤᠳᠠᠰᠤᠳᠠᠵᠤ ᠪᠤᠯᠤᠨ᠎ᠠ
ᠨᠡᠶᠢᠲᠡᠯᠡᠭᠰᠡᠨ ᠴᠠᠭ᠄
2024/10/10
      ᠨᠠᠮᠤᠷ ᠪᠤᠯᠵᠤ ᠠᠭᠤᠷ ᠠᠮᠢᠰᠬᠤᠯ ᠠᠭᠠᠵᠢᠮ ᠢᠶᠠᠷ ᠬᠦᠢᠲᠡᠷᠡᠵᠦ᠂ 2024 - 2025 ᠤᠨ  ᠪᠣᠯᠲᠠᠯᠠᠬᠢ ᠳᠤᠯᠠᠭᠠᠯᠠᠭ᠎ᠠ ᠶᠢᠨ ᠬᠤᠭᠤᠴᠠᠭ᠎ᠠ ᠴᠦ ᠡᠳᠦᠷ ᠢᠷᠡᠬᠦᠶ᠎ᠡ ᠣᠶᠢᠷᠠᠳᠴᠤ ᠪᠠᠶᠢᠨ᠎ᠠ᠃ ᠳᠤᠯᠠᠭᠠᠯᠠᠭ᠎ᠠ ᠬᠠᠩᠭᠠᠬᠤ ᠪᠣᠯ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠡᠭᠡ ᠶᠠᠪᠤᠳᠠᠯ ᠮᠥᠨ᠂ ᠠᠷᠠᠳ ᠤᠨ ᠠᠮᠢᠳᠤᠷᠠᠯ ᠳᠤ ᠤᠯᠠᠮ ᠨᠢᠭᠡ ᠠᠯᠬᠤᠮ ᠬᠠᠶᠢᠷ᠎ᠠ ᠬᠠᠯᠠᠮᠵᠢ ᠤᠯᠭᠤᠬᠤ ᠶᠢᠨ ᠲᠦᠯᠦᠭᠡ᠂ ᠢᠯᠴᠢ ᠬᠠᠩᠭᠠᠬᠤ ᠲᠦᠷᠭᠡᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠢᠯᠴᠢ ᠬᠠᠩᠭᠠᠬᠤ ᠶᠠᠰᠤ ᠴᠢᠨᠠᠷ ᠪᠠ ᠦᠢᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠣᠯᠠᠨ ᠲᠦᠮᠡᠨ ᠤ ᠲᠤᠰᠬᠠᠭᠰᠠᠨ ᠢᠯᠴᠢ ᠬᠠᠩᠭᠠᠬᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠣᠯᠠᠨ ᠲᠦᠮᠡᠨ ᠢ ᠰᠡᠳᠬᠢᠯ ᠬᠠᠨᠤᠮᠵᠢᠲᠠᠶ ᠡᠪᠦᠯᠵᠢᠭᠦᠯᠬᠦ  ᠶᠢᠨ ᠲᠦᠯᠦᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠲᠤᠬᠠᠭᠠᠯᠭ᠎ᠠ ᠪᠠᠯᠭᠠᠰᠤᠨ ᠤ ᠢᠯᠴᠢ ᠬᠠᠩᠭᠠᠬᠤ ᠠᠵᠤ ᠠᠬᠤᠶᠢᠯᠠᠯ ᠳᠤ ᠴᠥᠮ ︽  ᠲᠤᠯᠠᠭᠠᠯᠠᠭ᠎ᠠ ᠶᠢᠨ ᠢᠨᠵᠧᠨᠧᠷᠢᠩ ︾ ᠤᠨ ᠲᠤᠰᠬᠠᠶ ᠤᠲᠠᠰᠤ ᠭᠠᠷᠭᠠᠭᠰᠠᠨ ᠪᠠᠶᠢᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠢᠯᠴᠢ ᠬᠠᠩᠭᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠪᠠ ᠢᠯᠴᠢ ᠬᠠᠩᠭᠠᠬᠤ ᠳᠤ ᠬᠢᠨᠠᠯᠲᠠ ᠲᠠᠯᠪᠢᠬᠤ ᠳ᠋ᠢᠶᠠᠩᠬᠤᠸᠠ ᠶᠢᠨ ᠦᠢᠯᠡᠴᠢᠯᠡᠭᠡᠨ ᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 8᠄ 30 - 12᠄ 00᠂ ᠦᠳᠡ ᠶᠢᠨ ᠬᠤᠶᠢᠨᠠᠬᠢ 2᠄ 30 - 5᠄ 30︔ ᠢᠯᠴᠢ ᠬᠠᠩᠭᠠᠬᠤ ᠠᠵᠤ ᠠᠬᠤᠶᠢᠯᠠᠯ ᠤᠨ ᠬᠡᠷᠡᠭᠯᠡᠭᠴᠢᠳ ᠤᠨ ᠦᠢᠯᠡᠴᠢᠯᠡᠭᠡᠨ ᠤ ᠬᠠᠯᠠᠮᠰᠢᠯ ᠤᠲᠠᠰᠤ ᠶᠢᠨ ᠦᠢᠯᠡᠴᠢᠯᠡᠭᠡᠨ ᠤ ᠴᠠᠭ ᠨᠢ 24 ᠴᠠᠭ ᠪᠣᠯᠤᠨ᠎ᠠ᠃    ᠬᠡᠷᠡᠭᠯᠡᠭᠴᠢ ᠶᠢᠨ ᠡᠪᠦᠯ ᠤᠨ ᠤᠯᠠᠷᠢᠯ ᠳᠤ ᠢᠯᠴᠢ ᠬᠠᠩᠭᠠᠬᠤ ᠳᠤ ᠠᠰᠠᠭᠤᠳᠠᠯ ᠲᠤᠯᠭᠠᠷᠠᠪᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠢᠯᠴᠢ ᠬᠠᠩᠭᠠᠬᠤ ᠦᠢᠯᠡᠴᠢᠯᠡᠭᠡᠨ ᠤ ᠬᠠᠯᠠᠮᠰᠢᠯ ᠤᠲᠠᠰᠤ ᠪᠠ ᠢᠯᠴᠢ ᠬᠠᠩᠭᠠᠬᠤ ᠺᠣᠮᠫᠠᠨᠢ ᠶᠢᠨ  ᠦᠢᠯᠡᠴᠢᠯᠡᠭᠡᠨ ᠤ ᠤᠲᠠᠰᠤ ᠶᠢ ᠤᠲᠠᠰᠤᠳᠠᠵᠤ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠲᠤᠬᠠᠭᠠᠯᠭ᠎ᠠ ᠪᠠᠯᠭᠠᠰᠤᠨ ᠤ ᠢᠯᠴᠢ ᠬᠠᠩᠭᠠᠬᠤ ᠠᠵᠤ ᠠᠬᠤᠶᠢᠯᠠᠯ ᠴᠠᠭ ᠲᠤᠬᠠᠶ ᠳᠤᠨᠢ᠂ ᠳᠥᠭᠦᠮ ᠳᠥᠲᠡ᠂ ᠥᠨᠳᠥᠷ ᠪᠦᠲᠦᠮᠵᠢᠲᠡᠶ ᠪᠠᠷ ᠠᠰᠠᠭᠤᠳᠠᠯ ᠢ ᠰᠢᠢᠳᠪᠦᠷᠢᠯᠡᠬᠦ ᠪᠠᠷ ᠪᠠᠶᠢᠨ᠎ᠠ᠂  ᠤᠯᠠᠨ ᠲᠦᠮᠡᠨ ᠤ ᠥᠩᠭᠡᠷᠡᠭᠰᠡᠨ ᠲᠠᠢ ᠪᠠᠨ ᠠᠳᠠᠯᠢ ᠪᠠᠷ ᠢᠯᠴᠢ ᠬᠠᠩᠭᠠᠬᠤ ᠠᠵᠢᠯ ᠢ ᠠᠩᠬᠠᠷᠤᠨ ᠬᠠᠯᠠᠮᠵᠢᠯᠠᠵᠤ ᠬᠢᠨᠠᠯᠲᠠ ᠲᠠᠯᠪᠢᠬᠤ ᠶᠢ ᠬᠦᠰᠡᠵᠦ ᠪᠠᠶᠢᠨ᠎ᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号