ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/10
      10 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 148 ᠳ᠋ᠤᠭᠠᠷ ᠤᠳᠠᠭᠠᠨ ᠤ ᠬᠤᠷᠠᠯ ᠬᠤᠷᠠᠯᠳᠤᠭᠤᠯᠵᠤ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠬᠤᠷᠠᠯ ᠢ ᠡᠷᠭᠢᠯᠡᠪᠡ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ᠂ ᠤᠯᠤᠰ ᠤᠨ ᠭᠠᠪᠢᠶᠠᠨ ᠲᠡᠮᠳᠡᠭ ᠪᠣᠯᠤᠨ ᠤᠯᠤᠰ ᠤᠨ ᠢᠷᠠᠭᠤ ᠠᠯᠳᠠᠷ ᠤᠨ ᠴᠣᠯᠠ ᠣᠯᠭᠤᠬᠤ ᠶᠣᠰᠣᠯᠠᠯ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠳᠠᠶᠢᠯᠠᠯᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠫᠦ᠋ ᠡᠯ ᠦᠨᠳᠦᠰᠦᠲᠡᠨ ᠤ ᠪᠦᠯᠬᠦᠮᠳᠡᠯ ᠤᠨ ᠲᠠᠩᠭᠠᠷᠢᠭ ᠤᠨ ᠦᠭᠡᠰ ᠨᠢ ᠲᠠᠩᠭᠠᠷᠢᠭᠯᠠᠭᠰᠠᠨ ᠬᠤᠶᠢᠴᠢ ᠦᠶ᠎ᠡ ᠪᠠᠨ ᠲᠥᠯᠥᠭᠡᠯᠡᠬᠦ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠨᠢᠭᠡ ᠬᠦᠨᠳᠦ ᠠᠵᠤ ᠦᠢᠯᠡᠰ ᠤᠨ ᠠᠵᠢᠯᠴᠢᠨ ᠤ ᠲᠥᠯᠥᠭᠡᠯᠡᠭᠴᠢ ᠳᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠣᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠭᠤᠣᠯ ᠱᠤᠭᠤᠮ ᠢ ᠡᠷᠡᠰ ᠲᠤᠭᠤᠰᠢᠯᠠᠭᠤᠯᠵᠤ᠂ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠣᠬᠢᠷᠠᠭᠤᠯᠤᠯᠲᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠵᠤ᠂ ᠮᠠᠨ ᠤ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠦᠨᠳᠦᠰᠦᠲᠡᠨ ᠤ ᠪᠦᠯᠬᠦᠮᠳᠡᠯ᠂ ᠰᠣᠶᠣᠯ ᠵᠢᠭᠤᠯᠴᠢᠯᠠᠯ ᠵᠡᠷᠭᠡ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠳᠠᠪᠰᠢᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠶ᠃ ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠳᠤ ᠰᠠᠭᠤᠷᠢᠯᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠤᠨ ᠢᠷᠡᠭᠡᠳᠦᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠲᠠᠰᠤᠷᠠᠯᠲᠠ ᠦᠭᠡᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠮᠠᠨ ᠤ ᠬᠤᠰᠢᠭᠤᠨ ᠤ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾ ᠤᠨ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ ᠢ ᠨᠠᠷᠢᠨ ᠨᠠᠶᠢᠳᠠᠪᠤᠷᠢᠵᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠴᠢᠩᠭᠠᠳᠬᠠᠵᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠮᠠᠨ ᠤ ᠬᠤᠰᠢᠭᠤᠨ ᠤ ᠪᠤᠳᠠᠳᠣ ᠪᠠᠶᠢᠳᠠᠯ ᠲᠠᠢ ᠪᠠᠨ ᠤᠶᠠᠯᠳᠤᠭᠤᠯᠤᠨ᠂ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠴᠡᠭ ᠢᠶᠠᠨ ᠣᠨᠣᠪᠴᠢᠲᠠᠶ ᠣᠯᠵᠤ᠂ ᠳᠠᠪᠠᠭᠤᠯᠢᠭ ᠬᠦᠢᠴᠡᠳᠬᠡᠯ ᠲᠤᠭ᠎ᠠ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠪᠠᠲᠤᠯᠠᠵᠤ᠂ ᠪᠠᠭᠤᠷᠠᠶ ᠭᠦᠢᠴᠡᠳᠭᠡᠬᠦ ᠲᠤᠭ᠎ᠠ ᠶᠢ ᠣᠷᠣᠨ ᠪᠠᠶᠢᠷᠢ ᠳᠤᠨᠢ ᠬᠦᠷᠭᠡᠬᠦ ᠪᠠᠷ ᠴᠢᠷᠮᠠᠶᠢᠬᠤ ᠬᠡᠷᠡᠭᠲᠡᠶ᠃ ᠣᠨ ᠤ ᠬᠠᠷᠠᠯᠲᠠ ᠪᠠᠨ ᠲᠣᠭᠲᠠᠭᠠᠵᠤ᠂ ᠪᠦᠬᠦ ᠬᠦᠴᠦᠨ ᠢᠶᠠᠷ ᠢᠶᠠᠨ ᠬᠥᠭᠵᠢᠯᠲᠡ ᠶᠢ ᠠᠬᠢᠭᠤᠯᠵᠤ᠂ ᠶᠠᠪᠤᠴᠠ ᠶᠢᠨ ᠬᠠᠮᠢᠶᠠᠷᠤᠯᠲᠠ ᠪᠣᠯᠤᠨ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠬᠤᠰᠢᠭᠤᠨ ᠤ ᠨᠡᠶᠢᠭᠡᠮ ᠤᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠶ ᠡᠵᠡᠮᠳᠡᠵᠦ᠂ ᠶᠡᠷᠦᠩᠬᠡᠶ ᠲᠥᠯᠥᠪᠵᠢᠭᠦᠯᠭᠡ ᠪᠠ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠰᠠᠶᠢᠲᠤᠷ ᠠᠳᠬᠤᠵᠤ᠂ ᠨᠠᠮ ᠤᠨ ᠤᠳᠤᠷᠢᠳᠤᠯᠭ᠎ᠠ ᠶᠢ ᠨᠡᠶᠢᠭᠡᠮ ᠤᠨ ᠠᠵᠢᠯ ᠤᠨ ᠡᠯ᠎ᠡ ᠬᠦᠷᠢᠶᠡᠨ ᠤ ᠪᠥᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠶ᠃ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠠᠵᠢᠯ ᠤᠨ ᠰᠠᠭᠤᠷᠢ ᠲᠤᠭ᠎ᠠ ᠶᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠪᠥᠬᠦ ᠬᠤᠰᠢᠭᠤᠨ ᠤ ᠠᠵᠢᠯ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠥᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠬᠤ ᠬᠡᠷᠡᠭᠲᠡᠶ᠃ ᠨᠡᠶᠢᠭᠡᠮ ᠤᠨ ᠠᠵᠢᠯᠲᠠᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠳᠠᠪᠤᠷᠢᠲᠠᠨ ᠤ ᠢᠷᠡᠯᠲᠡ ᠶᠢ ᠥᠷᠭᠡᠳᠬᠡᠨ᠂ ᠨᠡᠶᠢᠭᠡᠮ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠶ᠃ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠬᠠᠮᠲᠤᠷᠠᠨ ᠬᠠᠤᠯᠢ ᠬᠡᠷᠡᠭᠵᠢᠭᠦᠯᠬᠦ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠬᠠᠨ ᠮᠤᠤᠮᠢᠩᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠥᠰᠦᠯ︾᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠤᠶᠠᠳᠤᠭᠠᠷ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ ᠨᠢᠭᠡᠳᠬᠡᠬᠦ ᠠᠵᠢᠯ ᠤᠨ ᠲᠥᠰᠦᠯ︾᠂ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ 2023 ᠣᠨ ᠤ ᠡᠳ᠋ ᠤᠨ ᠵᠠᠰᠠᠭ ᠤᠨ ᠲᠥᠰᠦᠪ ᠤᠨ ᠭᠦᠢᠴᠡᠳᠬᠡᠯ ᠤᠨ ᠲᠥᠰᠦᠯ︾᠂ ︽ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠶᠢ ᠤᠯᠠᠮ ᠴᠢᠨᠠᠭᠰᠢᠳᠠ ᠲᠤᠬᠢᠷᠠᠭᠤᠯᠤᠨ ᠰᠢᠯᠢᠳᠡᠭᠵᠢᠭᠦᠯᠬᠦ ᠲᠤᠬᠠᠢ ᠲᠥᠰᠦᠯ︾᠂ ︽ᠬᠤᠰᠢᠭᠤᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠡᠭᠡ ᠪᠡᠯᠡ ᠣᠷᠣᠭᠤᠯᠤᠯᠲᠠ ᠶᠢᠨ ᠵᠦᠢᠯᠡᠰ︾ ᠢ ᠰᠤᠳᠤᠯᠤᠨ ᠬᠢᠨᠠᠨ ᠵᠥᠪᠯᠡᠪᠡ᠃ ᠦᠵᠡᠯ ᠰᠠᠨᠠᠭ᠎ᠠ ᠪᠠᠨ ᠨᠢᠭᠡᠳᠬᠡᠵᠦ᠂ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ  ᠦᠢᠯᠡᠰ ᠤᠨ ᠬᠥᠭᠵᠢᠯᠲᠡ ᠶᠢ ᠪᠥᠬᠦ ᠲᠠᠯ᠎ᠠ ᠪᠠᠷ ᠲᠥᠯᠥᠪᠵᠢᠭᠦᠯᠵᠦ᠂ ᠠᠯᠤᠰ ᠬᠡᠲᠦ ᠶᠢᠨ ᠰᠡᠳᠬᠢᠬᠦᠶ ᠶᠢ ᠪᠠᠷᠢᠮᠲᠠᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠣᠯᠭᠠᠬᠤ ᠡᠷᠴᠢᠮ ᠢᠶᠠᠨ ᠴᠢᠩᠭᠠᠷᠠᠭᠤᠯᠤᠨ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠠᠭᠤᠯᠭ᠎ᠠ᠂ ᠬᠡᠯᠪᠡᠷᠢ᠂ ᠤᠬᠠᠭᠤᠯᠭ᠎ᠠ ᠵᠡᠷᠭᠡ ᠲᠠᠯ᠎ᠠ ᠪᠠᠷ ᠦᠨᠡᠨ ᠬᠦ ᠬᠦᠴᠦ ᠣᠷᠣᠭᠤᠯᠵᠤ᠂ ᠰᠢᠨ᠎ᠡ ᠶᠢ ᠡᠭᠦᠳᠦᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠡᠮᠴᠢᠯᠡᠭᠡᠨ ᠤ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢᠨ ᠪᠣᠳᠠᠲᠠᠶ ᠲᠠᠢ ᠨᠢᠭᠲᠠ ᠤᠶᠠᠯᠳᠤᠭᠤᠯᠤᠨ᠂ ᠡᠮᠨᠡᠯᠭᠡ ᠶᠢᠨ ᠬᠤᠷᠢᠶᠠᠨ ᠤ ᠳᠣᠲᠣᠭᠠᠳᠤ ᠶᠢᠨ ᠰᠠᠯᠠᠭ᠎ᠠ ᠲᠠᠰᠤᠭ ᠤᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠮᠨᠡᠯᠭᠡ ᠶᠢᠨ ᠠᠵᠢᠯᠲᠠᠨ᠂ ᠤᠳᠤᠷᠢᠳᠬᠤ ᠪᠠᠭ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠣᠭᠲᠠᠴᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠤᠳᠠᠯ ᠦᠭᠡᠢ ᠥᠷᠨᠢᠭᠦᠯᠬᠦ ᠪᠠᠷ ᠪᠠᠶᠢᠭ᠎ᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠵᠢᠯ ᠲᠠᠢ ᠤᠶᠠᠯᠳᠤᠭᠤᠯᠤᠨ᠂ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠠᠵᠢᠯ ᠢ ᠤᠷᠢᠳᠴᠢᠯᠠᠨ ᠲᠥᠯᠥᠪᠯᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠲᠣᠭᠲᠠᠴᠠ᠂ ᠬᠥᠷᠥᠩᠭᠡ ᠶᠢᠨ ᠣᠷᠣᠭᠤᠯᠤᠯᠲᠠ ᠶᠢᠨ ᠬᠠᠨᠳᠤᠰᠢ ᠪᠠ ᠪᠠᠶᠢᠷᠢᠰᠢᠭᠤᠯᠤᠯᠲᠠ᠂ ᠠᠵᠤ ᠦᠢᠯᠡᠰ ᠤᠨ ᠬᠡᠰᠡᠭ ᠵᠡᠷᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠪᠠ ᠶᠡᠷᠦᠩᠬᠡᠶᠢᠯᠡᠭᠰᠡᠨ ᠬᠤᠪᠢ ᠨᠡᠮᠡᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号