ᠣᠯᠠᠨ ᠺᠠᠷᠲ ᠢ ᠨᠡᠶᠢᠯᠡᠭᠦᠯᠦᠨ ᠨᠢᠭᠡ  ᠯᠠ ᠨᠡᠶᠢᠭᠡᠮ ᠤᠨ ᠪᠠᠲᠤᠯᠠᠭ᠎ᠠ ᠶᠢᠨ ᠺᠠᠷᠲ  ᠪᠤᠯᠭᠠᠨ ᠰᠤᠯᠢᠪᠠ
ᠨᠡᠶᠢᠲᠡᠯᠡᠭᠰᠡᠨ ᠴᠠᠭ᠄
2024/10/11
      ︽ᠨᠢᠭᠡ ᠺᠠᠷᠲ ᠭᠠᠷ ᠲᠤ  ᠪᠠᠶᠢᠪᠠᠯ᠂ ᠦᠢᠯᠡᠴᠢᠯᠡᠭᠡ ᠨᠢ ᠪᠦᠷᠢᠨ ᠲᠡᠬᠦᠯᠳᠡᠷ︾᠂ ᠨᠥᠬᠦᠪᠥᠷᠢ  ᠭᠦᠷᠳᠡᠭᠦ ᠡᠲᠡᠭᠡᠳ ᠨᠢ ᠵᠥᠪᠬᠡᠨ ᠨᠢᠭᠡ ᠯᠡ ᠺᠠᠷᠲ  ᠭᠡᠷᠡᠭᠰᠡᠪᠡᠯ  ᠪᠤᠢ ᠪᠦᠬᠦᠢ ᠨᠥᠬᠦᠪᠥᠷᠢ ᠪᠡᠯᠡ ᠮᠥᠩᠭᠦ ᠶᠢ ᠠᠪᠴᠤ ᠪᠣᠯᠤᠨ᠎ᠠ᠂ ᠡᠨᠡ ᠵᠢᠯ ᠠᠴᠠ ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠡᠶᠢᠭᠡᠮ ᠤᠨ ᠪᠠᠲᠤᠯᠠᠭ᠎ᠠ ᠶᠢᠨ ᠺᠠᠷᠲ  ᠢ ᠪᠦᠷᠢᠨ ᠴᠢᠳᠠᠮᠵᠢᠳᠤ ᠺᠠᠷᠲ ᠪᠠᠷ ᠰᠣᠯᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠳᠣ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢᠭᠡᠨᠲᠡ 49004 ᠢᠵᠢ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠰᠣᠯᠢᠬᠤ ᠠᠵᠢᠯ ᠢ ᠪᠡᠶᠡᠯᠡᠭᠦᠯᠵᠦ᠂ ᠰᠣᠯᠢᠯᠴᠠᠭᠠᠨ ᠤ ᠨᠣᠷᠮ᠎ᠠ ᠨᠢ 91% ᠶᠢ ᠳᠠᠪᠠᠵᠠᠶ᠃       ᠤᠳᠤ ᠪᠤᠯᠳᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠨᠢᠭᠡᠳᠦᠭᠡᠷ ᠳᠠᠪᠬᠤᠷᠯᠢᠭ ᠤᠨ ᠶᠡᠭᠡ ᠲᠢᠩᠬᠢᠮ ᠳᠤ᠂  ᠦᠬᠡᠷᠬᠤᠳᠳᠤᠭ ᠪᠠᠯᠭᠠᠰᠤᠨ ᠤ ᠤᠯᠠᠭᠠᠨᠬᠤᠳᠳᠤᠭ ᠲᠣᠰᠬᠤᠨ ᠤ ᠺᠠᠩ ᠵᠢᠶᠠ ᠴᠢᠦᠶ ᠲᠣᠰᠬᠤᠨ ᠤ ᠠᠷᠠᠳ ᠴᠠᠢ ᠬᠦᠢ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠳᠠᠮᠵᠢᠭᠤᠯᠤᠨ ᠣᠶᠢᠷ᠎ᠠ ᠳᠤ ᠨᠥᠬᠦᠪᠥᠷᠢ ᠣᠯᠭᠤᠭᠰᠠᠨ ᠨᠠᠷᠢᠨ ᠪᠠᠶᠢᠳᠠᠯ ᠢ  ᠯᠠᠪᠯᠠᠨ ᠠᠰᠠᠭᠤᠵᠤ ᠪᠠᠶᠢᠪᠠ᠃ ᠲᠡᠷᠡ ᠰᠤᠷᠪᠤᠯᠵᠢᠯᠠᠭᠴᠢ ᠲᠠᠢ ᠨᠡᠶᠢᠭᠡᠮ ᠤᠨ ᠪᠠᠲᠤᠯᠠᠭ᠎ᠠ ᠶᠢᠨ ᠺᠠᠷᠲ  ᠢ ᠨᠢᠭᠡ ᠺᠠᠷᠲ ᠢᠶᠠᠷ ᠨᠡᠪᠲᠡᠷᠡᠵᠦ ᠬᠡᠷᠡᠭᠯᠡᠬᠦ ᠲᠥᠷᠥᠭᠳᠡᠯ ᠢᠶᠠᠨ ᠬᠤᠪᠢᠶᠠᠯᠴᠠᠵᠤ᠂ ︽ᠪᠢᠳᠠᠨ ᠳᠤ ᠵᠢᠯ ᠳᠤ ᠨᠡᠶᠢᠳᠡ ᠳᠣᠯᠤᠭ᠎ᠠ ᠨᠠᠢᠮᠠᠨ ᠵᠦᠢᠯ ᠤᠨ ᠨᠥᠬᠦᠪᠥᠷᠢ ᠥᠭᠭᠦᠨ᠎ᠡ᠂ ᠡᠭᠦᠨ ᠠᠴᠠ ᠡᠮᠦᠨ᠎ᠡ ᠲᠤᠯᠤᠭ᠎ᠠ ᠨᠠᠢᠮᠠᠨ ᠺᠠᠷᠲ ᠬᠡᠷᠡᠭᠯᠡᠵᠦ᠂ ᠳᠥᠭᠦᠮ ᠦᠭᠡᠢ᠂ ᠤᠳᠤ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠨᠢᠭᠡ ᠺᠠᠷᠲ ᠢᠶᠠᠷ  ᠪᠤᠯᠭᠠᠵᠤ᠂ ᠪᠤᠢ ᠪᠦᠬᠦᠢ ᠨᠥᠬᠦᠪᠥᠷᠢ ᠴᠥᠮ ᠨᠢᠭᠡ ᠺᠠᠷᠲ ᠳᠡᠭᠡᠷ᠎ᠡ  ᠢᠷᠡᠵᠦ ᠂ ᠪᠢᠳᠡᠨ ᠤ ᠠᠮᠢᠳᠤᠷᠠᠯ ᠳᠤ ᠳᠥᠭᠦᠮ ᠪᠣᠯᠵᠠᠢ︾ ᠭᠡᠵᠦ ᠬᠡᠯᠡᠪᠡ᠃ ᠨᠠᠷᠢᠨ ᠪᠠᠶᠢᠳᠠᠯ ᠢ  ᠯᠠᠪᠯᠠᠵᠤ ᠦᠵᠡᠭᠰᠡᠨ ᠤ ᠳᠠᠷᠠᠭ᠎ᠠ᠂ ᠠᠵᠢᠯᠲᠠᠳ ᠴᠠᠢ ᠬᠦᠢ ᠳᠤ ᠨᠠᠷᠢᠨ ᠲᠣᠳᠣᠷᠬᠠᠶ ᠠᠭᠤᠯᠭ᠎ᠠ ᠶᠢ  ᠲᠠᠶᠢᠯᠪᠦᠷᠢᠯᠠᠵᠤ  ᠦᠭᠪᠡ᠃    ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠰᠠᠭᠤᠭᠠᠯᠢ ᠠᠷᠠᠳ ᠤᠨ ᠦᠢᠯᠡᠴᠢᠯᠡᠭᠡᠨ ᠤ ︽ᠪᠦᠷᠢᠨ ᠴᠢᠳᠠᠮᠵᠢᠳᠤ ᠺᠠᠷᠲ ︾ ᠪᠣᠯ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠴᠢᠶᠠᠯᠠᠪᠤᠷᠢ ᠪᠣᠯᠭᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠢ ᠪᠦᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ︽ᠣᠯᠠᠨ ᠺᠠᠷᠲ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠺᠠᠷᠲ ᠢ ᠨᠡᠶᠢᠳᠡᠮ ᠬᠡᠷᠡᠭᠯᠡᠬᠦ︾ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠨᠡ ᠵᠢᠯ ᠠᠴᠠ  ᠨᠠᠰᠢ᠂ ᠳᠠᠷᠬᠠᠨ ᠮᠤᠤᠮᠢᠩᠭᠠᠨ ᠬᠤᠯᠪᠣᠭᠠᠲᠤ  ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠡᠢᠭᠡᠮ ᠤᠨ ᠪᠠᠲᠤᠯᠠᠭ᠎ᠠ ᠶᠢᠨ ᠺᠠᠷᠲ ᠢᠶᠠᠷ ᠠᠴᠢᠶᠠᠯᠠᠪᠤᠷᠢ ᠪᠣᠯᠭᠠᠨ ᠨᠥᠬᠦᠪᠥᠷᠢ ᠪᠡᠯᠡ ᠮᠥᠩᠭᠦ ᠶᠢ ᠲᠥᠪᠯᠡᠷᠡᠭᠦᠯᠦᠨ ᠣᠯᠭᠤᠬᠤ ︽ᠪᠦᠷᠢᠨ ᠴᠢᠳᠠᠮᠵᠢᠳᠤ ᠺᠠᠷᠲ ︾ ᠤᠨ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠨᠥᠬᠦᠪᠥᠷᠢ ᠬᠦᠷᠲᠡᠬᠦ ᠡᠲᠡᠭᠡᠳ ᠵᠥᠪᠬᠡᠨ ᠨᠢᠭᠡ ᠯᠡ ᠺᠠᠷᠲ ᠪᠠᠢᠪᠠᠯ ᠳᠠᠷᠤᠢ ᠪᠣᠢ ᠪᠦᠬᠦᠢ ᠨᠥᠬᠦᠪᠥᠷᠢ ᠪᠡᠯᠡ ᠮᠥᠩᠭᠦ ᠶᠢ ᠠᠪᠴᠤ ᠲᠡᠶᠢᠯᠦᠨ᠎ᠡ᠃ ᠨᠡᠶᠢᠭᠡᠮ ᠤᠨ ᠪᠠᠲᠤᠯᠠᠭ᠎ᠠ ᠶᠢᠨ ᠺᠠᠷᠲ ᠢᠶᠠᠷ ᠳᠠᠮᠵᠢᠭᠤᠯᠤᠨ ᠨᠥᠬᠦᠪᠥᠷᠢ ᠪᠡᠯᠡ ᠮᠥᠩᠭᠦ ᠣᠯᠭᠤᠬᠤ ᠳᠠᠭᠠᠨ ᠡᠯ᠎ᠡ ᠲᠥᠷᠥᠯ ᠤᠨ ᠪᠡᠯᠡ ᠮᠥᠩᠭᠦ ᠣᠯᠭᠤᠬᠤ ᠮᠡᠳᠡᠭᠡ ᠵᠠᠩᠭᠢ ᠶᠢ ᠲᠥᠪᠯᠡᠷᠡᠭᠦᠯᠦᠨ ᠴᠤᠭᠯᠠᠭᠤᠯᠬᠤ ᠪᠠ ᠬᠠᠮᠢᠶᠠᠷᠬᠤ ᠶᠢ ᠪᠡᠶᠡᠯᠡᠭᠦᠯᠵᠦ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂  ᠨᠦᠬᠦᠪᠦᠷᠢ ᠮᠥᠩᠭᠦ ᠨᠢᠭᠡᠪᠦᠷᠢ ᠶᠢ ᠴᠥᠮ ᠴᠠᠭ ᠲᠤᠬᠠᠶ ᠳᠤᠨᠢ ᠣᠯᠠᠨ ᠲᠦᠮᠡᠨ ᠳᠤ ᠠᠮᠤᠷ ᠲᠦᠪᠰᠢᠨ ᠢᠶᠠᠷ ᠭᠠᠷᠳᠠᠭᠤᠯᠬᠤ  ᠪᠤᠯᠤᠨ᠎ᠠ᠃    ᠣᠲᠣ ᠪᠣᠯᠲᠠᠯ᠎ᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ︽ᠪᠦᠷᠢᠨ ᠴᠢᠳᠠᠮᠵᠢᠲᠤ ᠺᠠᠷᠲ︾ ᠤᠨ ᠰᠢᠰᠲ᠋ᠧᠮ ᠤᠨ ᠳᠠᠩᠰᠠᠯᠠᠭᠤᠯᠤᠭᠰᠠᠨ ᠪᠠᠩᠬᠢ ᠶᠢᠨ ᠺᠠᠷᠲ ᠤᠨ ᠲᠤᠭ᠎ᠠ 53849 ᠪᠠᠶᠢᠵᠤ᠂ ᠣᠲᠣ ᠨᠢᠭᠡᠨᠲᠡ 49004 ᠬᠤᠪᠢ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠰᠣᠯᠢᠬᠤ ᠠᠵᠢᠯ ᠢ ᠪᠡᠶᠡᠯᠡᠭᠦᠯᠵᠦ᠂ ᠰᠣᠯᠢᠭᠰᠠᠨ ᠨᠣᠷᠮ᠎ᠠ 91% ᠶᠢ ᠳᠠᠪᠠᠵᠤ᠂ ᠨᠢᠭᠡᠨᠲᠡ  ᠲᠤᠭᠳᠠᠭᠰᠠᠨ ᠠᠬᠢᠴᠠ ᠪᠠᠷ ᠢᠶᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠰᠣᠯᠢᠬᠤ ᠠᠵᠢᠯ ᠢ  ᠶᠠᠪᠤᠭᠳᠠᠭᠤᠯᠵᠤ ᠪᠠᠶᠢᠨ᠎ᠠ᠃ ᠡᠭᠦᠨ ᠤ ᠬᠠᠮᠲᠤ ᠪᠥᠬᠦ ᠬᠤᠰᠢᠭᠤᠨ ᠤ 3000 ᠭᠠᠷᠤᠶ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠲᠤ ᠴᠢᠭᠯᠡᠭᠦᠯᠦᠨ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠩᠬᠢ ᠲᠠᠢ ᠢᠳᠡᠪᠬᠢᠲᠡᠶ ᠵᠣᠯᠭᠠᠭᠤᠯᠵᠤ᠂ ᠠᠵᠢᠯᠲᠠᠨ ᠢᠶᠠᠨ ᠲᠤᠬᠢᠷᠠᠭᠤᠯᠵᠤ ᠭᠡᠷ ᠲᠤ ᠨᠢ ᠬᠦᠷᠴᠤ ᠨᠡᠶᠢᠭᠡᠮ ᠤᠨ ᠪᠠᠲᠤᠯᠠᠭ᠎ᠠ ᠶᠢᠨ ᠺᠠᠷᠲ ᠦᠢᠯᠡᠳᠬᠦ ᠦᠢᠯᠡᠴᠢᠯᠡᠭᠡᠨ ᠤ ᠠᠵᠢᠯ ᠢ ᠲᠤᠰᠬᠠᠶᠢᠯᠠᠨ ᠥᠷᠨᠢᠭᠦᠯᠵᠦ᠂ ᠰᠠᠭᠤᠭᠠᠯᠢ ᠠᠷᠠᠳ ᠢ ᠬᠡᠷ ᠠᠴᠠ ᠪᠠᠨ ᠭᠠᠷᠬᠤ ᠥᠬᠡᠶ ᠪᠠᠷ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠣᠯᠵᠤ᠂ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠰᠣᠯᠢᠬᠤ ᠠᠵᠢᠯ ᠢ  ᠪᠤᠳᠠᠳᠠᠶᠢᠵᠢᠭᠤᠯᠤᠨ ᠨᠠᠷᠢᠯᠢᠭᠵᠢᠭᠤᠯᠵᠤ᠂ ᠦᠷ᠎ᠡ ᠪᠦᠲᠦᠮᠵᠢ ᠭᠠᠷᠭᠠᠨ᠂ ᠣᠯᠠᠨ ᠲᠦᠮᠡᠨ ᠳᠤ ᠦᠨᠡᠨ ᠬᠦ ᠲᠥᠬᠦᠮ ᠦᠵᠡᠭᠦᠯᠪᠡ᠃    ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ ᠤᠶᠠᠬᠠᠨ ᠲᠠᠨᠢᠯᠴᠠᠭᠤᠯᠤᠭᠰᠠᠨ ᠢᠶᠠᠷ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠡᠶᠢᠭᠡᠮ ᠤᠨ ᠪᠠᠲᠤᠯᠠᠭ᠎ᠠ ᠶᠢᠨ ᠺᠠᠷᠲ ᠢ ᠬᠤᠪᠢᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ᠂ ᠣᠷᠣᠯᠠᠨ ᠲᠠᠷᠬᠠᠭᠠᠬᠤ ᠪᠠᠩᠬᠢ ᠶᠢᠨ ᠪᠠᠶᠢᠭᠤᠯᠤᠮᠵᠢ᠂ ᠡᠯ᠎ᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠡ ᠵᠢᠴᠢ ᠡᠯ᠎ᠡ ᠰᠤᠮᠤ ᠰᠢᠶᠠᠩ  ᠪᠠᠯᠭᠠᠰᠤ ᠨᠢ ᠠᠵᠢᠯ ᠤᠨ ᠡᠭᠦᠷᠭᠡ ᠬᠠᠷᠢᠭᠤᠴᠠᠯᠭ᠎ᠠ  ᠪᠠᠨ ᠲᠣᠳᠣᠷᠬᠠᠶᠢᠯᠠᠵᠤ᠂ ᠬᠠᠷᠢᠯᠴᠠᠨ ᠬᠠᠮᠵᠢᠯᠴᠠᠵᠤ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠡᠷᠡᠰ ᠲᠦᠷᠭᠡᠨ ᠰᠠᠶᠢᠲᠤᠷ ᠬᠢᠬᠦ ᠬᠡᠷᠡᠭᠲᠡᠶ︔ ᠡᠭᠦᠨ ᠤ ᠬᠠᠮᠲᠤ ᠡᠯ᠎ᠡ ᠬᠠᠮᠢᠶ᠎ᠠ ᠪᠥᠬᠦᠶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠶᠠᠩ ᠪᠠᠯᠭᠠᠰᠤ ᠶᠢ ᠰᠢᠮᠳᠠᠭᠤᠯᠵᠤ ᠪᠠᠶᠢᠭᠠᠳ ᠡᠯ᠎ᠡ ᠵᠦᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠬᠦ᠂ ᠤᠬᠠᠭᠤᠯᠬᠤ ᠪᠠ ᠲᠠᠶᠢᠯᠪᠤᠷᠢᠯᠠᠬᠤ ᠠᠵᠢᠯ ᠢ ᠰᠠᠶᠢᠲᠤᠷ ᠬᠢᠯᠭᠡᠵᠦ᠂ ᠥᠷᠭᠡᠨ ᠣᠯᠠᠨ ᠪᠦᠷᠢᠨ ᠴᠢᠳᠠᠮᠵᠢᠳᠤ ᠺᠠᠷᠲ ᠤᠨ ᠨᠥᠬᠦᠪᠥᠷᠢ ᠶᠢᠨ ᠬᠡᠷᠡᠭᠯᠡᠭᠴᠢ ᠳᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠣᠶᠢᠯᠠᠭᠠᠭᠤᠯᠵᠤ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号