ᠪᠦᠬᠦ ᠤᠯᠤᠰ ᠤᠨ ᠰᠤᠳᠤᠴᠤᠤᠯ ᠲᠠᠷᠬᠠᠨ ᠮᠤᠤᠮᠢᠩᠭᠠᠨ ᠤ ᠲᠠᠯ᠎ᠠ ᠨᠤᠲᠤᠭ ᠲᠤ ᠴᠤᠭᠯᠠᠷᠠᠨ‌‍ᠰᠤᠷ ᠬᠠᠷᠪᠤᠯᠳᠠ ᠶᠢᠨ ︽ᠮᠠᠩᠯᠠᠢ︾  ᠰᠢᠯᠭᠠᠷᠠᠭᠤᠯᠬᠤ ᠤᠷᠤᠯᠳᠤᠭᠠᠨ ᠳᠤ ᠤᠷᠤᠯᠴᠠᠪᠠ
ᠨᠡᠶᠢᠲᠡᠯᠡᠭᠰᠡᠨ ᠴᠠᠭ᠄
2024/10/11
     10 ᠰᠠᠷ᠎ᠠ ᠶᠢᠨ 2  ᠤ ᠡᠳᠦᠷ᠂   ᠰᠢᠯᠦᠭ ᠵᠢᠷᠤᠭ ᠲᠠᠯ᠎ᠠ ᠨᠤᠲᠤᠭ ᠤᠨ ᠲᠣᠣ ᠮᠠ ᠭᠧᠦ ᠬᠤᠨᠳᠠᠭᠠᠲᠤ 2024 ᠣᠨ ᠤ ᠥᠪᠥᠷ ᠮᠣᠩᠭᠤᠯ ·  ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ  ᠰᠤᠷ ᠬᠠᠷᠪᠤᠯᠳᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠪᠠᠲᠤᠬᠠᠭᠠᠯᠭ᠎ᠠ ᠶᠢᠨ ᠨᠠᠭᠠᠳᠤᠮ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠥᠷ ᠬᠥᠭᠵᠢᠶᠡᠨ ᠲᠠᠢ ᠶᠠᠪᠤᠭᠳᠠᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 300 ᠰᠢᠬᠠᠮ ᠤᠷᠤᠯᠴᠠᠭᠴᠢ ᠲᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠳᠤ ᠴᠤᠭᠯᠠᠷᠠᠨ ᠤᠷᠤᠯᠳᠤᠭᠠᠨ ᠳᠤ ᠣᠷᠣᠯᠴᠠᠵᠤ᠂ ︽ᠡᠷᠡᠭᠡᠢ ᠮᠡᠷᠭᠡᠨ ᠡᠷᠡᠮᠡᠭᠡᠢ ᠤᠬᠠᠭᠠᠨ ︾ ᠢᠶᠠᠨ ᠦᠵᠡᠯᠴᠡᠭᠰᠡᠨ ᠪᠠᠶᠢᠨ᠎ᠠ᠃     ᠦᠳᠡ ᠶᠢᠨ  ᠡᠮᠦᠨ᠎ᠡ 9 ᠴᠠᠭ ᠤᠨ ᠦᠶ᠎ᠡ ᠪᠠᠷ᠂ ᠬᠢᠨᠠᠭᠴᠢ ᠶᠢᠨ ᠵᠠᠷᠯᠢᠭ ᠪᠠᠭᠤᠬᠤ ᠳᠤ᠂  ᠬᠠᠷᠪᠤᠭᠠᠴᠢᠳ ᠬᠠᠷᠪᠤᠯᠲᠠ ᠶᠢᠨ ᠱᠤᠭᠤᠮ ᠤᠨ ᠲᠡᠮᠳᠡᠭ ᠵᠢᠷᠤᠭᠠᠰᠤ ᠶᠢᠨ ᠭᠠᠵᠠᠷ ᠲᠤ ᠦᠳᠲᠡᠷ ᠲᠦᠷᠭᠡᠨ ᠵᠣᠭᠰᠣᠵᠤ᠂ ᠭᠤᠶᠢᠲᠠ ᠰᠠᠶᠢᠬᠠᠨ ︽ᠡᠷᠡᠭᠡᠢ ᠮᠡᠷᠭᠡᠨ ᠡᠷᠡᠮᠡᠭᠡᠢ ᠤᠬᠠᠭᠠᠨ︾ ᠶᠢᠨ ᠦᠵᠡᠯᠴᠡᠭᠡᠨ ᠬᠥᠰᠢᠭᠡ ᠪᠠᠨ ᠰᠡᠬᠦᠪᠡ᠃ ᠲᠡᠳᠡ ᠨᠣᠮᠤ ᠬᠥᠪᠴᠢ ᠪᠠᠨ ᠴᠢᠩᠭᠠᠯᠠᠨ ᠯᠠᠪᠳᠠᠭᠤᠨ ᠠᠳᠬᠤᠵᠤ  ᠂  ᠫᠠᠢ  ᠶᠢ  ᠠᠯᠳᠠᠯ ᠦᠭᠡᠢ ᠴᠢᠭᠯᠡᠨ ᠬᠠᠷᠠᠵᠤ᠂ ᠬᠤᠷᠴᠠ ᠰᠤᠮᠤ ᠨᠢ ᠴᠠᠬᠢᠯᠭᠠᠨ ᠴᠠᠬᠢᠯᠬᠤ ᠮᠡᠲᠦ  ᠴᠢᠪᠬᠠᠳᠠᠰᠤ ᠠᠴᠠ ᠪᠠᠨ ᠰᠠᠯᠤᠨ ᠭᠠᠷᠤᠨ᠎ᠠ᠃ ᠤᠷᠤᠯᠳᠤᠭᠠᠨ ᠤ ᠲᠤᠬᠠᠶ ᠶᠢᠨ ᠲᠠᠯᠠᠪᠤᠷ ᠤᠨ ᠠᠭᠤᠷ ᠠᠮᠢᠰᠬᠤᠯ ᠪᠠᠴᠢᠮ ᠪᠥᠭᠡᠳ ᠬᠦᠷ ᠬᠥᠭᠵᠢᠶᠡᠨ ᠲᠠᠢ ᠪᠠᠶᠢᠵᠤ᠂ ᠣᠷᠣᠯᠴᠠᠭᠴᠢᠳ ᠤᠨ ᠭᠤᠶᠢᠳᠠ ᠰᠠᠶᠢᠬᠠᠨ ᠢᠯᠡᠷᠡᠯ ᠨᠢ ᠬᠤᠪᠢ ᠬᠥᠮᠦᠨ ᠤ ᠪᠣᠳᠠᠲᠤ ᠬᠦᠴᠦᠨ ᠢ ᠢᠯᠡᠷᠡᠭᠦᠯᠦᠭᠰᠡᠨ ᠪᠥᠭᠡᠳ ᠰᠤᠷ ᠬᠠᠷᠪᠤᠬᠤ ᠬᠥᠳᠡᠯᠭᠡᠭᠡᠨ ᠤ ᠷᠢᠳᠢ ᠰᠢᠳᠢ ᠪᠣᠯᠤᠨ ᠣᠶᠤᠨ ᠰᠠᠨᠠᠭᠠᠨ ᠤ ᠠᠭᠤᠯᠤᠭᠳᠠᠬᠤᠨ ᠢ ᠢᠯᠡᠷᠡᠭᠦᠯᠦᠭᠰᠡᠨ ᠪᠠᠶᠢᠨ᠎ᠠ᠃     ︽10 ᠳ᠋ᠤᠭᠠᠷ ᠴᠠᠭᠠᠷᠢᠭ  ︾ ︽8  ᠳ᠋ᠤᠭᠠᠷ ᠴᠠᠭᠠᠷᠢᠭ  ︾ ᠤᠷᠤᠯᠳᠤᠭᠠᠨ ᠨᠢᠭᠡ ᠦᠶ᠎ᠡ  ᠤᠷᠬᠢᠯ ᠳᠤ ᠪᠠᠨ ᠲᠤᠯᠵᠤ᠂ ᠲᠠᠮᠢᠷᠴᠢᠳ ᠪᠠ ᠦᠵᠡᠭᠴᠢᠳ ᠪᠦᠭᠦᠳᠡᠭᠡᠷ ᠪᠦᠬᠦ ᠰᠡᠳᠬᠢᠯ ᠢᠶᠠᠨ ᠲᠦᠪᠯᠡᠷᠡᠬᠦᠯᠦᠨ᠂ ᠬᠤᠷᠴᠠ ᠰᠤᠮᠤ ᠨᠢ ᠫᠠᠢ ᠵᠢᠨ‌ᠠᠯᠢ ᠴᠠᠭᠠᠷᠢᠭ ᠲᠤ ᠲᠤᠰᠬᠤ ᠶᠢ ᠨᠢᠳᠦ ᠠᠯᠳᠠᠯ ᠦᠬᠡᠢ ᠬᠠᠷᠠᠵᠤ᠂ ᠤᠳᠠᠭ᠎ᠠ ᠲᠠᠷᠠᠭ᠎ᠠ ᠪᠠᠷ ᠰᠠᠶᠢᠨ ᠬᠢᠷᠢ ᠪᠦᠳᠦᠮᠵᠢ ᠶᠢ ᠲᠠᠪᠠᠭ᠋ᠤ ᠳᠤ ᠬᠦᠮᠦᠰ ᠤᠤᠬᠠᠶᠢᠯᠠᠨ ᠪᠠᠶᠠᠷᠯᠠᠯᠳᠤᠨ᠎ᠠ᠃ ᠤᠷᠤᠯᠳᠤᠭᠠᠨ ᠤ ᠲᠤᠬᠠᠶ ᠶᠢᠨ ᠲᠠᠯᠠᠪᠤᠷ ᠤᠨ ᠨᠥᠭᠦᠭᠡ ᠲᠠᠯ᠎ᠠ  ᠳᠤ᠂ ᠬᠢᠨᠠᠭᠴᠢᠳ  ᠶᠠᠭᠠᠷᠠᠯᠳᠤᠨ᠂ ᠲᠡᠳᠡ ᠦᠨᠡᠨ ᠠᠴᠠ ᠵᠥᠪ ᠢ ᠡᠷᠢᠬᠦ ᠠᠵᠢᠯ ᠤᠨ ᠣᠪᠣᠷ᠂ ᠬᠠᠯᠠᠭᠤᠨ ᠰᠡᠳᠬᠢᠯᠭᠡ᠂ ᠣᠷᠭᠢᠯᠤᠮ᠎ᠠ ᠬᠠᠯᠠᠭᠤᠨ ᠠᠵᠢᠯ ᠤᠨ ᠵᠣᠷᠢᠭ ᠰᠠᠨᠠᠭ᠎ᠠ ᠪᠠᠷ ᠬᠢᠨᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠭᠡᠵᠦ᠂ ᠤᠷᠤᠯᠳᠤᠭᠠᠨ ᠤ ᠠᠮᠤᠷ ᠲᠦᠪᠰᠢᠨ ᠡᠮᠬᠢ ᠵᠢᠷᠤᠮ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃     ᠨᠢᠭᠡ ᠰᠠᠯᠠᠭ᠎ᠠ ᠰᠠᠯᠠᠭ᠎ᠠ ᠰᠤᠮᠤ ᠫᠠᠢ  ᠶᠢ ᠳᠠᠭᠠᠷᠢᠨ ᠤᠨᠠᠭᠠᠵᠤ᠂ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠴᠧᠨ ᠬᠤᠩ ᠢᠦᠶ᠄ ︽ᠪᠢ  ᠪᠤᠯ ᠤᠤᠯ ᠠᠴᠠ ᠪᠠᠨ ᠵᠦᠩᠶᠤᠸᠡᠨ ᠣᠷᠣᠨ ᠤ ᠡᠷᠲᠡᠨ ᠤ ᠬᠤᠳᠠ ᠶᠢᠨ ᠪᠠᠶᠢᠯᠳᠤᠭᠠᠨ ᠤ ᠲᠠᠯᠠᠪᠤᠷ ᠲᠤ ᠠᠯᠳᠠᠷᠰᠢᠭᠰᠠᠨ ᠾᠧᠨᠠᠨ ᠤ ᠰᠢᠨᠰᠢᠶᠠᠩ ᠠᠴᠠ ᠲᠤᠰᠬᠠᠶᠢᠯᠠᠨ  ᠤᠷᠤᠯᠳᠤᠭᠠᠨ ᠳᠤ ᠤᠷᠤᠯᠴᠠᠬᠤ  ᠪᠠᠷ ᠢᠷᠡᠭᠰᠡᠨ ᠶᠤᠮ᠂ ᠤᠷᠤᠯᠳᠤᠭᠠᠨ ᠤ ᠲᠠᠯᠠᠪᠤᠷ  ᠤᠨ ᠠᠭᠤᠷ ᠠᠮᠢᠰᠬᠤᠯ ᠮᠠᠰᠢ ᠬᠥᠭᠵᠢᠶᠡᠨᠲᠡᠶ ᠰᠠᠶᠢᠬᠠᠨ ᠪᠠᠶᠢᠵᠤ᠂ ᠪᠢ ᠠᠩᠬ᠎ᠠ ᠤᠳᠠᠭ᠎ᠠ ᠡᠶᠢᠮᠦ ᠣᠯᠠᠨ  ᠣᠷᠣᠯᠴᠠᠭᠴᠢ ᠨᠢᠭᠡ ᠲᠠᠩᠬᠢᠮ ᠳᠤ  ᠴᠤᠭᠯᠠᠷᠠᠵᠤ ᠤᠷᠤᠯᠳᠤᠭᠠᠨ ᠳᠤ ᠤᠷᠤᠯᠴᠠᠬᠤ ᠶᠢ  ᠦᠵᠡᠭᠰᠡᠨ ᠪᠦᠭᠡᠳ ᠮᠠᠰᠢ  ᠪᠠᠶᠠᠷᠯᠠᠵᠦ ᠪᠠᠶᠢᠨ᠎ᠠ᠂  ᠮᠦᠨ ᠴᠤ ᠲᠣᠰ ᠤᠳᠠᠭᠠᠨ ᠤ ᠤᠷᠤᠯᠳᠤᠭᠠᠨ ᠳᠤ ᠤᠷᠤᠯᠴᠠᠭᠰᠠᠨ ᠮᠠᠨᠢ  ᠮᠠᠰᠢ ᠠᠵᠠ ᠵᠠᠪᠰᠢᠶᠠᠨ ᠲᠠᠢ ᠪᠠᠶᠢᠨ᠎ᠠ︾ ᠭᠡᠵᠦ ᠰᠡᠳᠬᠢᠯ ᠳᠣᠭᠳᠣᠯᠤᠨ ᠶᠠᠷᠢᠵᠤ ᠪᠠᠶᠢᠯ᠎ᠠ᠃ ᠤᠷᠤᠯᠳᠤᠭᠠᠨ ᠳᠤᠮᠳᠠ ᠨᠡᠩ ᠬᠦᠷ ᠬᠦᠭᠵᠢᠶᠡᠨᠳᠦ ᠠᠭᠤᠷ ᠠᠮᠢᠰᠬᠤᠯ ᠪᠢᠯᠬᠠᠵᠤ᠂ ᠴᠧᠨ ᠬᠤᠩ ᠢᠦᠢ ᠪᠠᠰᠠ ᠤᠷᠤᠯᠳᠤᠭᠠᠨ ᠳᠤ ᠣᠷᠣᠯᠴᠠᠬᠤ ᠶᠢᠨ ᠲᠥᠯᠥᠭᠡ ᠲᠤᠰᠬᠠᠶᠢᠯᠠᠨ ᠦᠪᠡᠷ ᠤᠨ ᠦᠨᠳᠦᠰᠦᠳᠡᠨ ᠤ ᠬᠤᠪᠴᠠᠰᠤ ᠵᠠᠰᠠᠯ ᠢᠶᠠᠨ ᠡᠮᠦᠰᠦᠭᠰᠡᠨ ᠪᠦᠭᠡᠳ ᠤᠯᠠᠮᠵᠢᠯᠠᠯᠲᠤ ᠬᠢᠲᠠᠳ ᠬᠤᠪᠴᠠᠰᠤ ᠵᠠᠰᠠᠯ ᠨᠢ ᠰᠤᠷ ᠬᠠᠷᠪᠤᠬᠤ ᠤᠷᠤᠯᠳᠤᠭᠠᠨ  ᠤ ᠲᠤᠮᠳᠠ ᠨᠢᠭᠡᠨ ᠥᠪᠡᠷᠮᠢᠴᠡ  ᠤᠨᠴᠠᠯᠢᠭ  ᠪᠤᠯᠤᠭᠰᠠᠨ ᠪᠠᠶᠢᠨ᠎ᠠ  ᠃     ᠤᠷᠤᠯᠳᠤᠭᠠᠨ ᠤ ᠵᠥᠪᠯᠡᠯ ᠤᠨ ᠳᠡᠳ᠋ ᠡᠷᠬᠢᠯᠡᠭᠴᠢ ᠮᠥᠷᠡᠨ  ᠄ ︽2024 ᠣᠨ ᠳᠤ ᠥᠪᠥᠷ ᠮᠣᠩᠭᠤᠯ · ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ  ᠰᠤᠷ ᠬᠠᠷᠪᠤᠯᠳᠠ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠥᠪᠥᠷ ᠮᠣᠩᠭᠤᠯ ᠤᠨ ᠡᠯ᠎ᠡ ᠠᠶᠢᠮᠠᠭ ᠬᠤᠲᠠ᠂ ᠾᠧᠨᠠᠨ᠂ ᠪᠡᠭᠡᠵᠢᠩ ᠵᠡᠷᠭᠡ ᠭᠠᠵᠠᠷ ᠠᠴᠠ  300 ᠰᠢᠬᠠᠮ ᠬᠥᠮᠦᠨ ᠢᠷᠡᠵᠦ ᠤᠷᠤᠯᠴᠠᠨ᠂ ᠤᠷᠤᠯᠳᠤᠭᠠᠨ 3 ᠡᠳᠦᠷ ᠦᠷᠬᠦᠯᠵᠢᠯᠡᠬᠦ ᠪᠠᠷ ᠪᠠᠶᠢᠨ᠎ᠠ᠂ 10 ᠰᠠᠷ᠎ᠠ ᠶᠢᠨ 2  ᠤ ᠡᠳᠦᠷ ᠠᠴᠠ 4 ᠤ ᠡᠳᠦᠷ ᠪᠣᠯᠲᠠᠯ᠎ᠠ ᠦᠷᠬᠦᠯᠵᠢᠯᠡᠨ᠂ ᠣᠯᠠᠨ ᠤ ᠤᠷᠤᠯᠳᠤᠭᠠᠨ ᠦᠵᠡᠬᠦ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ︾  ᠭᠡᠵᠦ ᠬᠡᠯᠡᠪᠡ  ᠃     ᠲᠣᠰ ᠤᠳᠠᠭᠠᠨ ᠤ ᠤᠷᠤᠯᠳᠤᠭᠠᠨ ᠢ ᠡᠷᠬᠢᠯᠡᠭᠰᠡᠨ ᠨᠢ ᠤᠷᠤᠯᠳᠤᠭᠠᠨ ᠳᠤ ᠣᠷᠣᠯᠴᠠᠭᠰᠠᠳ ᠲᠤ ᠥᠪᠡᠷ ᠤᠨ ᠪᠣᠳᠠᠲᠤ ᠬᠦᠴᠦᠨ ᠢᠶᠠᠨ ᠳᠡᠯᠭᠡᠨ ᠦᠵᠡᠭᠦᠯᠬᠦ ᠲᠠᠪᠴᠠᠩ  ᠪᠠ ᠰᠣᠯᠢᠯᠴᠠᠨ ᠰᠤᠷᠤᠯᠴᠠᠬᠤ ᠲᠠᠪᠴᠠᠩ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠤᠷᠤᠯᠳᠤᠭᠠᠨ ᠨᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠭᠠᠷᠠᠭ ᠤᠨ ᠰᠣᠶᠣᠯ ᠵᠤᠭᠠᠴᠠᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠮᠠᠰᠢ ᠤᠯᠠᠨ ᠵᠤᠭᠠᠴᠠᠭᠰᠠᠳ ᠢ ᠲᠠᠲᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠤᠭᠠᠴᠠᠯ ᠤᠨ ᠦᠢᠯᠡᠰ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号