ᠮᠠᠨᠳᠤᠯ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 600 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2024/10/12
      10 ᠰᠠᠷ᠎ᠠ ᠶᠢᠨ 11 ᠤ ᠡᠳᠦᠷ ᠪᠣᠯᠲᠠᠯ᠎ᠠ᠂ ᠮᠠᠨᠳᠤᠯ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 600 ᠲᠦᠮᠡᠨ ᠲᠣᠨ ᠤ ᠪᠣᠭᠤᠮᠲᠠ ᠶᠢ ᠳᠠᠪᠠᠵᠤ᠂ ᠠᠳᠠᠯᠢ ᠬᠤᠭᠤᠴᠠᠭᠠᠨ ᠤ ᠬᠠᠮᠤᠭ ᠤᠨ ᠥᠨᠳᠥᠷ ᠲᠡᠮᠳᠡᠭᠯᠡᠯ ᠢ ᠡᠭᠦᠳᠪᠡ᠃ ᠳᠠᠰᠣᠷᠠᠯᠳᠠ ᠦᠭᠡᠢ ᠰᠢᠨ᠎ᠡ ᠲᠡᠮᠳᠡᠭᠯᠡᠯ ᠡᠭᠦᠳᠥᠭᠰᠡᠨ ᠨᠢ ᠮᠠᠨᠳᠤᠯ ᠪᠣᠭᠤᠮᠲᠠ ᠪᠣᠳᠠᠲᠠᠶ ᠠᠵᠢᠯᠯᠠᠬᠤ ᠪᠠᠷ ᠦᠷ᠎ᠡ ᠪᠦᠲᠦᠮᠵᠢ ᠣᠯᠵᠤ᠂ ᠰᠢᠨ᠎ᠡ ᠶᠢ ᠡᠭᠦᠳᠬᠦ ᠠᠴᠠ ᠬᠥᠳᠡᠯᠭᠡᠬᠦ ᠬᠦᠴᠦᠨ ᠪᠣᠯᠭᠠᠵᠤ᠂ ᠰᠠᠭᠤᠷᠢ ᠶᠢ ᠠᠳᠬᠤᠨ ᠰᠡᠯᠭᠦᠬᠦ ᠬᠦᠴᠦᠨ ᠢ  ᠨᠡᠮᠡᠭᠳᠡᠭᠦᠯᠥᠭᠰᠡᠨ ᠦᠨᠡᠨ ᠪᠣᠳᠠᠲᠠᠶ ᠵᠢᠷᠤᠭᠯᠠᠯ ᠪᠣᠯᠤᠨ᠎ᠠ᠃      ᠡᠨᠡ ᠵᠢᠯ ᠠᠴᠠ ᠨᠠᠭᠠᠰᠢ᠂ ᠮᠠᠨᠳᠤᠯ ᠪᠣᠭᠤᠮᠲᠠ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ᠂ ᠪᠣᠭᠤᠮᠲᠠ ᠪᠠᠷ ᠥᠩᠭᠡᠷᠡᠬᠦ ᠬᠠᠮᠲᠤᠷᠠᠯᠴᠠᠭ᠎ᠠ᠂ ᠲᠠᠪᠴᠠᠩ ᠤᠨ ᠬᠠᠮᠲᠤᠷᠠᠯᠴᠠᠭᠠᠨ ᠤ ᠪᠦᠳᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠬᠥᠭᠵᠢᠯᠲᠡ ᠶᠢ ᠠᠬᠢᠭᠤᠯᠬᠤ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠪᠣᠯᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠮ ᠨᠢᠭᠡ ᠠᠯᠬᠤᠮ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠦᠢᠯᠡᠴᠢᠯᠡᠭᠡᠨ ᠤ ᠪᠠᠲᠤᠯᠠᠭ᠎ᠠ ᠶᠢ ᠲᠡᠭᠦᠯᠳᠡᠷᠵᠢᠭᠦᠯᠵᠦ᠂ ᠪᠣᠭᠤᠮᠲᠠ ᠪᠠᠷ ᠥᠩᠭᠡᠷᠡᠬᠦ ᠶᠠᠪᠤᠴᠠ ᠶᠢ ᠰᠢᠯᠢᠳᠡᠭᠵᠢᠭᠦᠯᠪᠡ᠃ ᠨᠢᠭᠡ ᠳᠤ᠂ ᠪᠣᠭᠤᠮᠲᠠ ᠪᠠᠷ ᠥᠩᠭᠡᠷᠡᠬᠦ ᠪᠣᠭᠤᠮᠢ ᠶᠢ ᠪᠦᠬᠦ ᠬᠦᠴᠦᠨ ᠢᠶᠠᠷ ᠢᠶᠠᠨ ᠠᠷᠢᠯᠭᠠᠪᠠ᠃ ᠭᠤᠤᠯᠳᠠᠯᠭ᠎ᠠ ᠲᠠᠢ ᠲᠥᠷᠥᠯ ᠵᠦᠢᠯ ᠢ 12 ᠬᠡᠷᠡᠭᠵᠢᠭᠦᠯᠵᠦ᠂ ᠭᠦᠸᠧ ᠬᠤᠶ᠂ ᠢ ᠲᠠᠢ᠂ ᠭᠦᠸᠧ ᠱᠧᠩ ᠵᠡᠷᠭᠡ ᠬᠢᠨᠠᠯᠲᠠ ᠬᠠᠮᠢᠶᠠᠷᠤᠯᠲᠠ ᠶᠢᠨ ᠲᠠᠯᠠᠪᠤᠷ ᠤᠨ ᠪᠥᠲᠥᠭᠡᠨ ᠪᠠᠶᠢᠭᠤᠯᠤᠯᠲᠠ᠂ ᠵᠠᠮ ᠤᠨ ᠬᠤᠭᠤᠯᠠᠶ ᠲᠣᠤᠷ ᠵᠢᠴᠢ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠦᠢᠯᠡᠴᠢᠯᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ︔ ᠪᠠᠷᠠᠭᠠᠨ ᠤ ᠢᠷᠡᠯᠲᠡ ᠶᠢᠨ ᠵᠣᠬᠢᠶᠠᠨ ᠪᠠᠶᠢᠭᠤᠯᠤᠯᠲᠠ ᠶᠢ ᠴᠢᠩᠭᠠᠳᠬᠠᠵᠤ᠂ ᠵᠡᠭᠦᠨ ᠭᠤᠪᠢ ᠶᠢᠨ ᠮᠤᠵᠢ ᠳᠤ ᠬᠦᠷᠴᠦ ᠭᠠᠳᠠᠭᠠᠳᠤ ᠰᠣᠯᠢᠯᠴᠠᠭᠠᠨ ᠤ ᠠᠵᠢᠯ ᠢ ᠴᠢᠩᠭᠠᠳᠬᠠᠨ᠂ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠨᠡᠮᠡᠭᠳᠡᠭᠦᠯᠬᠦ ᠲᠤᠬᠠᠶ ᠬᠠᠮᠲᠤᠷᠠᠯᠴᠠᠭᠠᠨ ᠤ ᠵᠥᠪᠳᠡᠯᠴᠡᠭᠡ ᠬᠢᠪᠡ︔ ᠠᠵᠢᠯ ᠤᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠤᠲᠠ ᠬᠤᠰᠢᠭᠤ ᠬᠤᠶᠠᠷ ᠱᠠᠲᠤᠨ ᠤ ᠲᠣᠬᠢᠷᠠᠭᠤᠯᠬᠤ ᠡᠷᠴᠢᠮ ᠢ ᠴᠢᠩᠭᠠᠷᠠᠭᠤᠯᠤᠨ᠂ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠪᠥᠬᠦ ᠶᠠᠪᠤᠴᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ ᠬᠤᠶᠠᠷ ᠲᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠲᠥᠷᠥᠯ ᠵᠦᠢᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠠᠢ ᠢᠳᠡᠪᠬᠢᠲᠡᠢ ᠬᠠᠷᠢᠯᠴᠠᠵᠤ ᠵᠣᠬᠢᠴᠠᠭᠤᠯᠤᠨ᠂ ᠠᠵᠤ ᠠᠬᠤᠶᠢᠯᠠᠯ ᠢ ᠬᠠᠪᠰᠤᠷᠤᠨ ᠲᠥᠷᠥᠯ ᠵᠦᠢᠯ ᠢ ᠠᠬᠢᠭᠤᠯᠬᠤ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ᠂ ᠲᠦᠭᠵᠢᠷᠡᠯ ᠢ ᠰᠢᠢᠳᠪᠦᠷᠢᠯᠡᠨ᠎ᠡ︔ ᠵᠠᠰᠠᠭ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠤ ᠠᠬᠤᠶᠢᠯᠠᠯ ᠢ ᠬᠠᠪᠰᠤᠷᠤᠨ ᠪᠡᠯᠡ ᠮᠥᠩᠭᠦ ᠶᠢᠨ ᠬᠦᠴᠢᠷᠳᠡᠯ ᠤᠨ ᠠᠰᠠᠭᠤᠳᠠᠯ ᠢ ᠨᠢ ᠰᠢᠢᠳᠪᠦᠷᠢᠯᠡᠨ᠎ᠡ︔ ᠪᠣᠭᠤᠮᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠠᠷᠠᠭ᠎ᠠ ᠥᠩᠭᠡᠷᠡᠬᠦ ᠢᠳᠡᠪᠬᠢᠵᠢᠯ ᠢ ᠳᠠᠶᠢᠴᠢᠯᠠᠨ᠎ᠠ᠃ ᠭᠤᠷᠪᠠ ᠳᠤ᠂ ᠪᠣᠭᠤᠮᠲᠠ ᠶᠢᠨ ᠠᠵᠤ ᠦᠢᠯᠡᠰ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠰᠦᠪᠡᠭᠴᠢᠯᠡᠨ᠎ᠡ᠃ ᠮᠠᠨᠳᠤᠯ ᠪᠣᠭᠤᠮᠲᠠ ᠶᠢᠨ ᠡᠬᠢ ᠪᠠᠶᠠᠯᠢᠭ᠂ ᠭᠠᠵᠠᠷ ᠵᠦᠢ᠂ ᠰᠣᠶᠣᠯ ᠢᠷᠭᠡᠨᠰᠢᠯ ᠵᠡᠷᠭᠡ ᠡᠯᠧᠮᠧᠨ᠋ᠲ ᠢ ᠨᠠᠷᠢᠨ ᠬᠢᠨᠠᠮᠠᠭᠠᠢ ᠵᠠᠳᠠᠯᠵᠤ ᠂ ᠳᠤᠮᠳᠠᠳᠤ ᠮᠣᠩᠭᠤᠯ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ᠂ ᠠᠶᠤᠯᠲᠠᠢ ᠬᠢᠮᠢ ᠶᠢᠨ ᠪᠣᠳᠠᠰ ᠢ ᠬᠢᠨᠠᠨ ᠬᠠᠮᠢᠶᠠᠷᠬᠤ ᠵᠡᠷᠭᠡ ᠲᠠᠯᠠᠪᠤᠷ ᠤᠨ ᠰᠣᠩᠭᠤᠯᠲᠠ ᠶᠢ ᠵᠣᠬᠢᠰᠲᠠᠢ ᠲᠥᠯᠥᠪᠵᠢᠭᠦᠯᠵᠦ᠂ ᠪᠣᠭᠤᠮᠲᠠ ᠶᠢᠨ ᠴᠢᠳᠠᠪᠬᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠨᠡᠩ ᠤᠯᠠᠨ ᠴᠢᠨᠠᠷ ᠰᠠᠶᠢᠲᠠᠢ ᠠᠵᠤ ᠠᠬᠤᠶᠢᠯᠠᠯ ᠢ ᠮᠠᠨᠳᠤᠯ ᠪᠣᠭᠤᠮᠲᠠ ᠳᠤ ᠢᠷᠡᠵᠥ᠂ ᠪᠡᠯᠡ ᠣᠷᠣᠭᠤᠯᠠᠭᠤᠯᠪᠠ᠃      ᠳᠠᠷᠠᠭᠠᠴᠢ ᠶᠢᠨ ᠠᠯᠬᠤᠮ ᠳᠤ᠂ ᠮᠠᠨᠳᠤᠯ ᠪᠣᠭᠤᠮᠲᠠ ᠨᠢ  ᠠᠵᠤ ᠠᠬᠤᠢ ᠶᠢᠨ ᠭᠦᠢᠴᠡᠳᠬᠡᠯ ᠲᠤᠭ᠎ᠠ ᠶᠢ ᠦᠷᠭᠦᠯᠵᠢᠯᠡᠨ ᠴᠢᠩᠭ᠎ᠠ ᠡᠵᠡᠮᠳᠡᠵᠥ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ᠪᠣᠭᠤᠮᠲᠠ ᠪᠠᠷ ᠥᠩᠭᠡᠷᠡᠬᠦ ᠪᠠᠭᠤᠷᠠᠢ ᠭᠤᠭᠴᠤᠭ᠎ᠠ ᠶᠢ ᠰᠢᠪᠲᠤᠯᠵᠤ᠂ ᠪᠦᠬᠦ ᠵᠢᠯ ᠤᠨ ᠪᠠᠷᠠᠭ᠎ᠠ ᠥᠩᠭᠡᠷᠡᠬᠦ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠵᠤ᠂ ᠮᠢᠩᠭᠠᠨ ᠲᠦᠮᠡᠨ ᠲᠣᠨ ᠤ ᠲᠠᠰ ᠤᠨ ᠠᠷᠠᠯᠵᠢᠶᠠᠨ ᠤ ᠪᠣᠭᠤᠮᠲᠠ ᠲᠡᠰᠢ ᠬᠦᠴᠦᠯᠡᠨ ᠤᠷᠤᠭᠰᠢᠯᠠᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号