2025 ᠣᠨ ᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠦᠷᠭᠦᠯᠵᠢᠯᠡᠨ ᠨᠢᠭᠡ ᠪᠦᠯᠦᠭ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠬᠤ ᠪᠠᠷ ᠪᠠᠶᠢᠨ᠎ᠠ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠷᠠᠳ ᠤᠨ ᠰᠠᠨᠠᠭᠠᠨ ᠳᠤ ᠵᠣᠬᠢᠴᠠᠭᠤᠯᠵᠤ᠂ ᠠᠷᠠᠳ ᠤᠨ | ᠪᠠᠶᠢᠳᠠᠯ ᠢ ᠲᠤᠰᠬᠠᠵᠤ᠂ ᠠᠷᠠᠳ ᠤᠨ ᠬᠡᠷᠡᠭᠴᠡᠭᠡ ᠳᠤ ᠣᠶᠢᠷᠠᠲᠤᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠣᠲᠣ ᠨᠡᠶᠢᠭᠡᠮ ᠳᠤ ᠬᠠᠨᠳᠤᠭᠤᠯᠤᠨ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠰᠠᠨᠠᠭᠤᠯᠭ᠎ᠠ ᠶᠢᠨ ᠲᠥᠷᠥᠯ ᠵᠦᠢᠯ ᠢ ᠢᠯᠡ ᠪᠠᠷ ᠴᠤᠭᠯᠠᠭᠤᠯᠤᠨ᠎ᠠ᠃ ᠡᠳᠦᠭᠡ ᠬᠤᠯᠪᠣᠭᠳᠠᠯ ᠪᠦᠬᠦᠢ ᠵᠦᠢᠯ ᠢ | ᠳᠣᠣᠷᠠᠬᠢ ᠮᠡᠲᠦ ᠵᠠᠷᠯᠠᠶ᠎ᠠ᠄ | ᠨᠢᠭᠡ᠂ ᠴᠤᠭᠯᠠᠭᠤᠯᠬᠤ ᠴᠠᠭ | ᠵᠠᠷᠯᠠᠭᠰᠠᠨ ᠡᠳᠦᠷ ᠠᠴᠠ ᠡᠬᠢᠯᠡᠨ 2024 ᠣᠨ ᠤ 10 ᠳ᠋ᠤᠭᠠᠷ ᠰᠠᠷ᠎ᠠ ᠶᠢᠨ 30 ᠤ ᠡᠳᠦᠷ ᠬᠦᠷᠲᠡᠯ᠎ᠡ᠃ | ᠬᠤᠶᠠᠷ᠂ ᠡᠯᠰᠡᠬᠦ ᠠᠭᠤᠯᠭ᠎ᠠ | ᠠᠷᠠᠳ ᠤᠯᠠᠨ ᠤ ︽ᠢᠳᠡᠵᠦ ᠡᠮᠦᠰᠬᠦ ᠶᠠᠪᠤᠵᠤ ᠰᠠᠭᠤᠬᠤ᠂ ᠠᠮᠤᠷ ᠲᠠᠶᠢᠪᠤᠩ ᠠᠵᠤ ᠲᠦᠷᠦᠭᠦ︾ ᠪᠠᠷ | ᠭᠤᠣᠯᠳᠠᠯᠭ᠎ᠠ ᠪᠣᠯᠭᠠᠵᠤ᠂ ᠡᠭᠦᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠠᠮ ᠬᠠᠷᠢᠯᠴᠠᠭ᠎ᠠ | ᠶᠠᠪᠤᠵᠤ ᠰᠠᠭᠤᠬᠤ᠂ ᠠᠵᠢᠯ ᠣᠯᠵᠤ ᠦᠢᠯᠡᠰ ᠪᠤᠰᠬᠠᠬᠤ᠂ ᠰᠤᠷᠭᠠᠨ ᠬᠥᠮᠦᠵᠢᠯ ᠤᠨ ᠦᠢᠯᠡᠰ᠂ ᠡᠮ ᠡᠮᠨᠡᠯᠭᠡ | ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠠᠮᠢ ᠠᠬᠤᠢ ᠶᠢᠨ ᠬᠠᠮᠠᠭᠠᠯᠠᠯᠲᠠ᠂ ᠣᠷᠴᠢᠨ ᠲᠣᠭᠤᠷᠢᠨ ᠤ | ᠵᠠᠰᠠᠯᠲᠠ᠂ ᠬᠤᠳᠠ ᠬᠥᠳᠡᠭᠡ ᠶᠢᠨ ᠣᠷᠣᠨ ᠰᠠᠭᠤᠴᠠ᠂ ᠰᠣᠶᠣᠯ ᠤᠨ ᠪᠠᠶᠢᠭᠤᠯᠤᠯᠲᠠ᠂ ᠡᠷᠡᠭᠦᠯ ᠮᠡᠨᠳᠤ | ᠨᠠᠰᠤᠵᠢᠯ ᠤᠨ ᠠᠰᠠᠷᠠᠮᠵᠢ᠂ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ᠂ ᠤᠯᠠᠨ ᠨᠡᠶᠢᠲᠡ ᠶᠢᠨ ᠠᠮᠤᠷ | ᠲᠦᠪᠰᠢᠨ᠂ ᠬᠤᠳᠠ ᠪᠠᠯᠭᠠᠰᠤᠨ ᠤ ᠬᠠᠮᠢᠶᠠᠷᠤᠯᠲᠠ᠂ ᠬᠤᠳᠠ ᠬᠥᠳᠡᠭᠡ ᠶᠢ ᠠᠭᠤᠰᠤᠯᠴᠠᠭᠤᠯᠤᠨ ᠬᠠᠮᠲᠤᠪᠠᠷ | ᠴᠢᠨᠡᠭᠡᠯᠢᠭᠵᠢᠬᠦ ᠵᠡᠷᠭᠡ ᠲᠠᠯ᠎ᠠ ᠶᠢ ᠪᠠᠭᠲᠠᠭᠠᠨ᠎ᠠ᠃ | ᠭᠤᠷᠪᠠ᠂ ᠴᠤᠭᠯᠠᠭᠤᠯᠬᠤ ᠱᠠᠭᠠᠷᠳᠠᠯᠭ᠎ᠠ | ︵ᠨᠢᠭᠡ︶ ᠲᠦᠭᠡᠮᠡᠯ ᠴᠢᠨᠠᠷ ᠢ ᠢᠯᠡᠷᠡᠭᠦᠯᠦᠨ᠎ᠡ᠃ ᠠᠷᠠᠳ ᠲᠦᠮᠡᠨ ᠤ ᠠᠵᠠ ᠵᠢᠷᠭᠠᠯ ᠳᠤ ᠠᠩᠬᠠᠷᠤᠯ ᠢᠶᠠᠨ | ᠬᠠᠨᠳᠤᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠤᠯᠠᠨ ᠨᠡᠶᠢᠲᠡ ᠶᠢᠨ ᠰᠢᠨᠵᠢ ᠴᠢᠨᠠᠷ ᠢ | ᠲᠤᠪᠤᠶᠢᠯᠭᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠬᠡᠮᠵᠢᠶ᠎ᠡ ᠪᠠᠷ ᠥᠨᠳᠥᠷ᠂ ᠬᠠᠮᠤᠷᠬᠤ ᠬᠡᠪᠴᠢᠶ᠎ᠡ ᠪᠠᠷ | ᠥᠷᠭᠡᠨ᠂ ᠠᠰᠢᠭ ᠬᠦᠷᠳᠡᠬᠦ ᠬᠡᠪᠴᠢᠶ᠎ᠡ ᠪᠠᠷ ᠶᠡᠭᠡ ᠵᠡᠷᠭᠡ ᠣᠨᠴᠠᠯᠢᠭ ᠲᠤ ᠨᠡᠶᠢᠴᠡᠭᠦᠯᠬᠦ ᠬᠡᠷᠡᠭᠲᠡᠢ᠃ | ︵ᠬᠤᠶᠠᠷ︶ ᠪᠤᠳᠠᠲᠤ ᠦᠷ᠎ᠡ ᠪᠦᠲᠦᠮᠵᠢ ᠶᠢ ᠴᠢᠬᠤᠯᠠᠴᠢᠯᠠᠨ᠎ᠠ᠃ ᠠᠷᠠᠳ ᠤᠨ ᠠᠮᠢᠳᠤᠷᠠᠯ ᠤᠨ | ᠬᠡᠷᠡᠭᠴᠡᠭᠡ ᠳᠤ ᠨᠡᠶᠢᠴᠡᠭᠦᠯᠬᠦ ᠪᠣᠯ ᠥᠷᠭᠡᠨ ᠤᠯᠠᠨ ᠲᠦᠮᠡᠨ ᠤ ᠬᠦᠰᠡᠯ ᠱᠠᠭᠠᠷᠳᠠᠯᠭ᠎ᠠ ᠮᠦᠷᠲᠡᠭᠡᠨ ᠪᠠᠴᠢᠮ | ᠰᠢᠢᠳᠪᠦᠷᠢᠯᠡᠬᠦ ᠴᠢᠬᠤᠯᠠᠲᠠᠢ ᠪᠣᠳᠠᠲᠠᠢ ᠠᠰᠠᠭᠤᠳᠠᠯ ᠪᠠᠶᠢᠵᠤ᠂ ᠨᠡᠯᠢᠶᠡᠳ ᠴᠢᠩᠭ᠎ᠠ ᠨᠡᠶᠢᠭᠡᠮ ᠤᠨ ᠦᠷ᠎ᠡ ᠠᠰᠢᠭ ᠲᠠᠢ | ᠶᠤᠮ᠃ | ︵ᠭᠤᠷᠪᠠ︶ ᠪᠣᠯᠤᠮᠵᠢᠲᠤ ᠴᠢᠨᠠᠷ ᠢ ᠳᠣᠪᠣᠶᠢᠯᠭᠠᠨ᠎ᠠ᠃ ᠮᠠᠨ ᠤ ᠬᠤᠰᠢᠭᠤᠨ ᠤ ᠪᠣᠳᠠᠲᠤ ᠪᠠᠶᠢᠳᠠᠯ ᠢ | ᠭᠦᠢᠴᠡᠳ ᠪᠣᠳᠣᠯᠬᠢᠯᠠᠨ᠂ ᠴᠢᠳᠠᠬᠤ ᠬᠢᠷᠢ ᠪᠠᠷ ᠢᠶᠠᠨ ᠴᠢᠷᠮᠠᠶᠢᠵᠤ᠂ ᠡᠳ᠋ ᠤᠨ ᠬᠦᠴᠦᠨ ᠢᠶᠠᠨ ᠲᠥᠪᠯᠡᠷᠡᠭᠦᠯᠦᠨ | ᠰᠠᠶᠢᠨ ᠶᠠᠪᠤᠳᠠᠯ ᠪᠣᠳᠠᠲᠠᠶ ᠠᠵᠢᠯ ᠬᠢᠬᠦ ᠬᠡᠷᠡᠭᠲᠡᠶ᠃ | ︵ᠲᠦᠷᠪᠡ︶ ᠬᠡᠮᠵᠢᠭᠦᠷᠲᠦ ᠪᠠᠶᠢᠳᠠᠯ ᠢ ᠪᠠᠷᠢᠮᠲᠠᠯᠠᠨ᠎ᠠ᠃ ᠣᠨ ᠤ ᠲᠣᠭᠲᠠᠭᠠᠭᠰᠠᠨ ᠬᠡᠮᠵᠢᠶᠡᠨ ᠤ ᠲᠣᠳᠣᠷᠬᠠᠶ | ᠬᠠᠷᠠᠯᠲᠠ ᠶᠢ ᠵᠠᠷᠴᠢᠮ ᠳᠡᠭᠡᠷ᠎ᠡ ᠪᠠᠨ ᠲᠤᠬᠠᠶ ᠶᠢᠨ ᠵᠢᠯ ᠳᠤ ᠬᠡᠷᠡᠭᠵᠢᠭᠦᠯᠵᠦ᠂ ᠲᠤᠬᠠᠶ ᠶᠢᠨ ᠵᠢᠯ ᠳᠤ ᠪᠡᠶᠡᠯᠡᠭᠦᠯᠵᠦ᠂ | ᠲᠤᠬᠠᠶ ᠶᠢᠨ ᠵᠢᠯ ᠳᠤ ᠦᠷ᠎ᠡ ᠪᠦᠲᠦᠮᠵᠢ ᠭᠠᠷᠭᠠᠬᠤ ᠪᠤᠶᠤ ᠱᠠᠲᠤᠴᠢ ᠴᠢᠨᠠᠷᠲᠠᠶ ᠦᠷ᠎ᠡ ᠪᠦᠲᠦᠮᠵᠢ ᠤᠯᠬᠤ ᠶᠢ | ᠪᠡᠶᠡᠯᠡᠭᠦᠯᠵᠦ᠂ ᠰᠢᠯᠭᠠᠨ ᠦᠨᠡᠯᠡᠵᠦ ᠪᠣᠯᠬᠤ ᠪᠥᠭᠡᠳ ᠬᠢᠨᠠᠯᠲᠠ ᠲᠠᠯᠪᠢᠵᠤ ᠪᠣᠯᠤᠨ᠎ᠠ᠃ | ᠳᠥᠷᠪᠡ᠂ ᠴᠤᠭᠯᠠᠭᠤᠯᠬᠤ ᠠᠷᠭ᠎ᠠ ᠮᠠᠶ᠋ᠢᠭ | ︵ᠨᠢᠭᠡ︶ ᠨᠧᠲ ᠢᠶᠠᠷ ᠴᠤᠭᠯᠠᠭᠤᠯᠬᠤ ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠰᠦᠯᠵᠢᠶ᠎ᠡ ᠪᠤᠶᠤ ︽ᠪᠠᠭᠠᠲᠤᠷᠯᠢᠭ ᠲᠠᠷᠬᠠᠨ ᠮᠤᠤᠮᠢᠨᠩᠭᠠᠨ︾ ᠸᠢᠴᠠᠲ ᠤᠨ ᠨᠡᠶᠢᠲᠡ | ᠳ᠋ᠤᠭᠠᠷ ᠲᠤ ᠬᠦᠷᠴᠦ᠂ ︽2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ | ᠲᠥᠷᠥᠯ ᠵᠦᠢᠯ ᠢ ᠴᠤᠭᠯᠠᠭᠤᠯᠬᠤ ᠲᠤᠬᠠᠶ ᠠᠯᠪᠠᠨ ᠵᠠᠷ︾ ᠪᠤᠯᠤᠩ ᠳᠤ ᠣᠷᠣᠵᠤ᠂ ᠰᠠᠨᠠᠭᠤᠯᠭ᠎ᠠ ᠰᠠᠨᠠᠯ ᠢᠶᠠᠨ | ᠲᠤᠰᠢᠶᠠᠨ᠎ᠠ᠃ | ︵ᠬᠤᠶᠠᠷ︶ ᠢᠮᠧᠯ ᠢᠶᠠᠷ ᠴᠤᠭᠯᠠᠭᠤᠯᠬᠤ᠃ ︽2025 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ︾ ︵ᠡᠯᠧᠺᠲᠷᠣᠨ ᠬᠡᠪᠯᠡᠯ ᠢ | ᠲᠠᠭᠯᠠᠨ᠎ᠠ᠃︶ dmqzfbgs@163.com ᠳᠤ ᠢᠮᠧᠯ ᠢᠯᠡᠭᠡᠵᠦ᠂ ᠢᠮᠧᠯ ᠤᠨ ᠭᠤᠣᠯ ᠰᠡᠳᠦᠪ ᠢ ︽ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠴᠤᠭᠯᠠᠭᠤᠯᠬᠤ︾ ᠦᠰᠦᠭ ᠤᠨ ᠶᠠᠩᠵᠤ ᠪᠠ | ᠢᠯᠡᠭᠡᠭᠰᠡᠨ ᠬᠥᠮᠦᠨ ᠵᠢᠴᠢ ᠲᠡᠭᠦᠨ ᠤ ᠬᠠᠷᠢᠯᠴᠠᠬᠤ ᠠᠷᠭ᠎ᠠ ᠬᠡᠯᠪᠡᠷᠢ ᠶᠢ ᠲᠣᠳᠣᠷᠬᠠᠢᠯᠠᠵᠤ ᠬᠠᠷᠢᠯᠴᠠᠬᠤ ᠳᠤ ᠳᠥᠭᠦᠮ | ᠦᠵᠡᠭᠦᠯᠦᠨ᠎ᠡ᠃ | ︵ᠭᠤᠷᠪᠠ︶ ᠵᠠᠬᠢᠳᠠᠯ ᠢᠶᠠᠷ ᠴᠤᠭᠯᠠᠭᠤᠯᠬᠤ᠃ ︽2025 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ︾ ︵ᠴᠠᠭᠠᠰᠤᠨ ᠪᠠᠷ︶ | ᠰᠢᠤᠳᠠᠨ ᠢᠶᠠᠷ ᠳᠠᠷᠬᠠᠨ ᠮᠤᠤᠮᠢᠩᠭᠠᠨ ᠤ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠭᠡᠷ ᠲᠤ ᠢᠯᠡᠭᠡᠨ᠎ᠡ᠃ ᠰᠢᠤᠳᠠᠨ ᠲᠡᠮᠳᠡᠭ᠄ 014500 ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ | ᠪᠠᠲᠤᠬᠠᠭᠠᠯᠭ᠎ᠠ ᠶᠡᠭᠡ ᠵᠡᠭᠡᠯᠢ ᠶᠢᠨ ᠬᠤᠰᠢᠭᠤᠨ ᠤ ᠵᠠᠰᠠᠭ ᠤᠨ ᠣᠷᠳᠣᠨ ᠤ ᠬᠦᠷᠢᠶᠡᠨ ᠳᠤ︔ ᠵᠠᠬᠢᠳᠠᠯ ᠤᠨ | ᠳᠤᠭᠲᠤᠢ ᠳᠤ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠡᠯᠰᠡᠬᠦ︾ ᠭᠡᠰᠡᠨ ᠦᠰᠦᠭ ᠢ | ᠲᠣᠳᠣᠷᠬᠠᠶᠢᠯᠠᠨ᠎ᠠ᠃ | ︵ᠳᠥᠷᠪᠡ︶᠄ ᠹᠠᠺᠰ ᠢᠶᠠᠷ ᠴᠤᠭᠯᠠᠭᠤᠯᠬᠤ ᠃ ︽2025 ᠣᠨ ᠤ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠢ ᠴᠤᠭᠯᠠᠭᠤᠯᠬᠤ ᠬᠦᠰᠦᠨᠦᠭᠲᠦ︾ ︵ᠴᠠᠭᠠᠰᠤᠨ ᠪᠠᠷ︶ ᠶᠢ | ᠲᠠᠭᠯᠠᠵᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ ᠲᠤ ᠶᠠᠪᠤᠭᠤᠯᠤᠨ᠎ᠠ᠂ ᠹᠠᠺᠰ ᠤᠲᠠᠰᠤ᠄ 0472 - 8423644 | ᠲᠠᠭᠯᠠᠬᠤ ᠦᠶ᠎ᠡ ᠳᠤ ᠮᠠᠳᠠᠭ ᠪᠠᠶᠢᠪᠠᠯ᠂ 0472-8423883 ᠳᠤ ᠤᠲᠠᠰᠤᠳᠠᠨ ᠠᠰᠠᠭᠤᠨ ᠯᠠᠪᠯᠠᠵᠤ | ᠪᠣᠯᠤᠨ᠎ᠠ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠢᠯ ᠤᠨ ᠠᠵᠢᠯ ᠢ ᠠᠩᠬᠠᠷᠤᠨ ᠬᠠᠯᠠᠮᠵᠢᠯᠠᠵᠤ ᠪᠠᠶᠢᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ | ᠪᠠᠶᠢᠨ᠎ᠠ︕ | | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2024 ᠣᠨ ᠤ 10 ᠳ᠋ᠤᠭᠠᠷ ᠰᠠᠷ᠎ᠠ ᠶᠢᠨ 14 ᠤ ᠡᠳᠦᠷ | |