ᠬᠤᠸᠠᠩ ᠯᠦᠩ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠲᠣᠭᠲᠠᠮᠠᠯ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/15
      10 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠬᠤᠸᠠᠩ ᠯᠦᠩ ᠬᠤᠰᠢᠭᠤᠨ ᠤ ᠵᠠᠰᠠᠭ ᠤᠨ ᠣᠷᠳᠣᠨ ᠤ ᠠᠵᠢᠯ ᠤᠨ ᠲᠣᠭᠲᠠᠮᠠᠯ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢ ᠰᠣᠨᠣᠰᠴᠤ᠂ ᠤᠯᠤᠰ ᠤᠨ ᠠᠯᠢ ᠣᠯᠠᠨ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠪᠠᠶᠢᠷᠢᠯᠠᠭᠤᠯᠤᠨ ᠰᠤᠳᠤᠯᠪᠠ᠃      ᠬᠤᠰᠢᠭᠤᠨ ᠤ ᠤᠳᠤᠷᠢᠳᠤᠯᠭ᠎ᠠ ᠰᠤ᠋ ᠷᠦᠢ ᠹᠧᠩ᠂ ᠵᠣᠣ ᠯᠢᠶᠠᠩ᠂ ᠸᠠᠩ ᡁᠢ ᠶᠦᠩ᠂ ᠯᠢᠦ ᠯᠢᠶᠠᠩ᠂ ᠴᠠᠩ ᠬᠤᠩ᠂ ᠯᠢᠦ ᠰᠢ ᠴᠧᠨ᠂ ᠵᠠᠩ ᠴᠥᠩ ᡁᠢ᠂ ᠰᠦᠨ ᠿᠢ ᠴᠢᠩ ᠬᠤᠷᠠᠯ ᠳᠤ ᠣᠷᠣᠯᠴᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠬᠤᠪᠢᠳᠠᠨ ᠬᠠᠮᠢᠶᠠᠷᠬᠤ ᠬᠦᠷᠢᠶᠡᠨ ᠳᠠᠬᠢ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ᠲᠣᠰ ᠲᠣᠰ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠠᠷᠠᠯᠲᠠ ᠲᠠᠢ ᠪᠠᠷ ᠬᠦᠴᠦᠯᠡᠬᠦ ᠰᠢᠰᠲ᠋ᠧᠮ ᠳᠤ ᠤᠯᠤᠰ ᠤᠨ ᠨᠡᠮᠡᠭᠳᠡᠯ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠣᠳᠠᠲᠠᠢ ᠲᠠᠢ ᠤᠶᠠᠯᠳᠤᠭᠤᠯᠤᠨ ᠰᠤᠳᠤᠯᠤᠨ ᠲᠥᠯᠥᠪᠵᠢᠭᠦᠯᠵᠦ᠂ ᠢᠳᠡᠪᠬᠢᠲᠡᠢ ᠪᠠᠷ ᠳᠡᠭᠡᠳᠦ ᠱᠠᠲᠤᠨ ᠠᠴᠠ ᠨᠡᠩ ᠤᠯᠠᠨ ᠪᠡᠯᠡ ᠮᠥᠩᠭᠦ ᠪᠠ ᠲᠦᠷᠦᠯ ᠵᠦᠢᠯ ᠤᠨ ᠳᠡᠮᠵᠢᠯᠭᠡ ᠶᠢ ᠣᠯᠵᠤ᠂ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠭᠤᠷᠪᠠᠳᠤᠭᠠᠷ ᠤᠯᠠᠷᠢᠯ ᠤᠨ ᠪᠦᠬᠦ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠲᠣᠭᠤᠷᠢᠨ ᠦᠵᠡᠬᠦ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠵᠦ᠂ ᠬᠠᠮᠵᠢᠯᠴᠠᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠠᠶᠢᠨ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ᠃ ᠨᠤᠲᠤᠭ ᠪᠡᠯᠴᠢᠭᠡᠷ ᠤᠨ ᠬᠡᠳᠥ ᠪᠡᠯᠴᠢᠭᠡᠷᠯᠡᠭᠦᠯᠬᠦ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠡᠭᠦᠷᠭᠡ ᠲᠠᠢ ᠬᠠᠷᠢᠴᠠᠭᠤᠯᠤᠨ ᠳᠠᠩᠰᠠ ᠶᠢ ᠰᠠᠶᠢᠲᠤᠷ ᠪᠤᠳᠤᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠪᠠ ᠠᠮᠢ ᠠᠬᠤᠢ ᠶᠢᠨ ᠬᠠᠮᠠᠭᠠᠯᠠᠯᠲᠠ ᠶᠢᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠳᠣᠰᠬᠠᠭᠰᠠᠨ ᠬᠦᠴᠢᠷ ᠲᠦᠪᠡᠭᠲᠡᠢ ᠠᠰᠠᠭᠤᠳᠠᠯ ᠢ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠵᠦ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ᠤᠴᠢᠷ ᠢ ᠨᠢ ᠤᠯᠵᠤ᠂ ᠤᠬᠠᠭᠠᠨ ᠨᠢ ᠰᠠᠷᠠᠭᠤᠯᠵᠠᠭᠤᠯᠬᠤ︾ ᠶᠢ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠲᠣᠭᠲᠠᠭᠤᠨ ᠢᠶᠠᠷ ᠦᠢᠯᠡᠳᠪᠦᠷᠢᠯᠡᠬᠦ᠂ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠨᠥᠬᠦᠴᠡᠯ ᠳᠣᠷᠠᠳᠬᠤ ᠦᠭᠡᠢ᠂ ᠰᠢᠯᠲᠠᠭ ᠡᠷᠢᠬᠦ ᠦᠭᠡᠢ᠂ ᠳᠤᠲᠠᠭᠤ ᠲᠤᠷᠭᠤᠨ ᠬᠡᠷᠡᠭᠵᠢᠭᠦᠯᠬᠦ ᠦᠭᠡᠢ ᠪᠠᠶᠢᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠴᠠᠭ ᠲᠤᠬᠠᠢ ᠳᠤᠨᠢ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠵᠢᠯ ᠤᠨ ᠡᠴᠦᠰ ᠪᠣᠯ ᠶᠠᠭ ᠡᠯ᠎ᠡ ᠵᠦᠢᠯ ᠤᠨ ᠠᠵᠢᠯ ᠤᠨ ᠰᠢᠢᠳᠪᠦᠷᠢᠲᠦ ᠳᠠᠶᠢᠯᠠᠯᠳᠤᠭᠠᠨ ᠬᠢᠵᠦ ᠢᠯᠠᠯᠲᠠ ᠤᠯᠬᠤ ᠵᠠᠩᠭᠢᠯᠠᠭ᠎ᠠ ᠶᠢᠨ ᠴᠠᠭ ᠦᠶ᠎ᠡ ᠪᠣᠯᠤᠨ᠎ᠠ᠂ ᠪᠦᠬᠦ ᠵᠢᠯ ᠤᠨ ᠬᠠᠷᠠᠯᠲᠠ ᠪᠠᠨ ᠣᠨᠢᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠳᠣᠲᠠᠭᠳᠠᠯ ᠢᠶᠠᠨ ᠪᠠᠶᠢᠴᠠᠭᠠᠨ ᠨᠥᠬᠦᠪᠥᠷᠢᠯᠡᠵᠦ᠂ ᠡᠯ᠎ᠡ ᠵᠦᠢᠯ ᠤᠨ ᠠᠵᠢᠯ ᠤᠨ ᠲᠡᠷᠢᠭᠦᠨ ᠳᠤ ᠣᠷᠣᠵᠤ᠂ ᠮᠠᠩᠯᠠᠶᠢᠯᠠᠬᠤ ᠪᠠᠷ ᠴᠢᠷᠮᠠᠶᠢᠬᠤ ᠬᠡᠷᠡᠭᠲᠡᠢ᠃ ᠵᠢᠯ ᠤᠨ ᠡᠴᠦᠰ ᠪᠣᠯᠬᠤ ᠳᠤ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠲᠦᠮᠡᠨ ᠤ ︽ᠪᠠᠴᠢᠮᠳᠠᠨ ᠰᠠᠨᠳᠣᠷᠴᠣ︾ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠵᠤ᠂ ᠠᠷᠠᠳ ᠤᠯᠠᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠪᠣᠯᠤᠨ ᠡᠪᠦᠯ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭ᠎ᠠ ᠪᠣᠳᠠᠲᠠᠢ ᠠᠳᠬᠤᠵᠤ᠂ ᠡᠯ᠎ᠡ ᠬᠦᠷᠢᠶᠡᠨ ᠤ ᠠᠶᠤᠯ ᠲᠦᠭᠰᠢᠭᠦᠷᠢ ᠭᠡᠮ ᠰᠣᠭᠤᠭ ᠢ ᠨᠠᠷᠢᠨ ᠬᠢᠨᠠᠮᠠᠭᠠᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠡᠯ᠎ᠡ ᠲᠦᠷᠦᠯ ᠤᠨ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号