ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠤᠬᠠᠭᠤᠯᠤᠨ ᠲᠠᠶᠢᠯᠪᠤᠷᠢᠯᠠᠵᠤ᠂ ᠦᠨᠳᠦᠰᠦᠨ ᠱᠠᠲᠤᠨ ᠤ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠡ
ᠨᠡᠶᠢᠲᠡᠯᠡᠭᠰᠡᠨ ᠴᠠᠭ᠄
2024/10/17
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠨᠠᠶᠢᠳᠠᠪᠤᠷᠢᠵᠢᠭᠤᠯᠬᠤ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ ᠤᠳ ᠲᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢᠨ ᠰᠢᠨ᠎ᠡ ᠶᠢ ᠡᠭᠦᠳᠴᠦ᠂  ᠤᠯᠠᠨ ᠲᠦᠮᠡᠨ ᠢ ᠠᠩᠬᠢᠯᠠᠵᠦ᠂ ᠦᠨᠳᠦᠰᠦᠨ ᠱᠠᠲᠤᠨ ᠳᠤ ᠥᠷᠭᠡᠨ ᠳᠡᠯᠭᠡᠷ ᠬᠦᠨᠵᠡᠭᠡᠶᠢᠷᠡᠵᠦ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠲᠠᠶᠢᠯᠪᠤᠷᠢᠯᠠᠵᠤ᠂ ᠤᠯᠠᠨ ᠢ ᠬᠦᠳᠦᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ︽ᠭᠦᠨᠵᠡᠭᠡᠢ ᠰᠤᠷᠤᠯᠴᠠᠬᠤ︾ ᠳᠡᠭᠡᠷ᠎ᠡ ᠦᠨᠡᠨ ᠬᠦ ᠬᠦᠴᠦ ᠪᠠᠨ ᠣᠷᠣᠭᠤᠯᠵᠤ᠂ ︽ᠨᠡᠪᠲᠡᠷᠡᠲᠡᠯ᠎ᠡ ᠣᠶᠢᠯᠠᠭᠠᠬᠤ︾ ᠳᠡᠭᠡᠷ᠎ᠡ  ᠦᠨᠡᠨ ᠮᠡᠳᠡᠯᠭᠡ ᠶᠢ ᠡᠷᠡᠯᠬᠢᠯᠡᠵᠦ᠂ ︽  ᠪᠤᠳᠠᠳᠠᠶᠢᠵᠢᠭᠤᠯᠬᠤ ︾ ᠲᠠᠯ᠎ᠠ ᠪᠠᠷ ᠦᠨᠡᠨ ᠦᠷ᠎ᠡ ᠪᠥᠲᠥᠮᠵᠢ ᠣᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠪᠠ᠃     ᠨᠢᠭᠡ᠂ ᠣᠯᠠᠨ ᠱᠠᠲᠤ ᠬᠤᠯᠪᠣᠭᠠᠯᠠᠨ ᠬᠥᠳᠡᠯᠦᠯᠴᠡᠵᠦ᠂ ᠤᠬᠠᠭᠤᠯᠤᠨ ᠲᠠᠶᠢᠯᠪᠤᠷᠢᠯᠠᠬᠤ ᠰᠢᠨ᠎ᠡ ᠪᠠᠶᠢᠷᠢᠰᠢᠯ ᠢ ᠬᠠᠮᠲᠤ ᠪᠠᠷ ᠴᠣᠭᠴᠠᠯᠠᠪᠠ    ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠥᠬᠦ ᠲᠠᠯ᠎ᠠ ᠶᠢᠨ᠂ ᠣᠯᠠᠨ ᠲᠠᠰ ᠳᠠᠪᠬᠤᠷᠭ᠎ᠠ ᠶᠢᠨ ᠤᠬᠠᠭᠤᠯᠤᠨ ᠲᠠᠶᠢᠯᠪᠤᠷᠢᠯᠠᠬᠤ ᠰᠢᠰᠲ᠋ᠧᠮ ᠢ ᠪᠠᠶᠢᠭᠤᠯᠵᠤ᠂ ᠬᠤᠰᠢᠭᠤᠨ ᠲᠠᠰ ᠤᠨ ᠤᠳᠤᠷᠢᠳᠤᠯᠭ᠎ᠠ ᠲᠦᠷᠦᠭᠦᠯᠡᠨ ᠥᠯᠢᠭᠡᠷ ᠳᠠᠭᠤᠷᠢᠶᠠᠯ ᠦᠵᠡᠭᠦᠯᠵᠦ᠂ ᠮᠠᠯᠵᠢᠬᠤ ᠲᠠᠷᠢᠶᠠᠯᠠᠬᠤ ᠣᠷᠣᠨ᠂ ᠪᠠᠶᠢᠭᠤᠯᠭ᠎ᠠ᠂ ᠠᠵᠤ ᠠᠬᠤᠶᠢᠯᠠᠯ ᠤᠨ ᠨᠢᠭᠡᠳᠦᠭᠡᠷ ᠹᠷᠣᠨᠲ ᠵᠡᠷᠭᠡ ᠭᠠᠵᠠᠷ ᠲᠤ ᠭᠦᠨᠵᠡᠭᠡᠶᠢᠷᠡᠨ᠂ ᠠᠮᠢᠳᠤᠯᠢᠭ ᠦᠭᠡ ᠬᠡᠯᠡ ᠪᠠ ᠠᠮᠢᠳᠤᠯᠢᠭ ᠵᠢᠱᠢᠶ᠎ᠡ ᠪᠠᠷ ᠣᠯᠠᠨ ᠲᠦᠮᠡᠨ ᠲᠠᠢ ᠨᠢᠭᠤᠷᠳᠠᠨ ᠶᠠᠷᠢᠯᠴᠠᠵᠤ᠂ ᠰᠢᠨ᠎ᠡ ᠦᠵᠡᠯ ᠰᠠᠨᠠᠭ᠎ᠠ᠂ ᠰᠢᠨ᠎ᠡ ᠣᠨᠣᠯ ᠢ ᠰᠤᠷᠤᠯᠴᠠᠬᠤ ᠶᠢ ᠬᠥᠲᠥᠯᠦᠨ ᠵᠢᠯᠣᠭᠤᠳᠪᠠ᠃ ᠡᠭᠦᠨ ᠤ ᠬᠠᠮᠲᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠠᠰᠠ ᠤᠯᠠᠨ ᠰᠠᠯᠠᠭ᠎ᠠ ᠮᠥᠴᠢᠷ ᠤᠨ ᠬᠤᠷᠴᠠ ᠴᠢᠳᠠᠮᠠᠭᠠᠢ ᠬᠦᠴᠦᠨ ᠢ ᠨᠢᠭᠲᠠᠷᠠᠭᠤᠯᠵᠤ᠂ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠶᠢᠨ ᠭᠤᠣᠯ ᠤᠳᠤᠷᠢᠳᠤᠯᠭ᠎ᠠ ᠠᠴᠠ ᠰᠤᠩᠭᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠢ  ᠵᠣᠬᠢᠶᠠᠨ ᠪᠠᠶᠢᠭᠤᠯᠪᠠ᠃  3 ᠨᠠᠷᠠᠲᠤ ᠪᠠᠭᠰᠢ ᠶᠢᠨ ᠠᠵᠢᠯᠯᠠᠬᠤ ᠲᠠᠰᠤᠭ ᠢ ᠠᠰᠢᠭᠯᠠᠨ᠂ ︽ᠰᠢᠨ᠎ᠡ ᠦᠵᠡᠯ ᠰᠠᠨᠠᠭ᠎ᠠ · ᠵᠠᠯᠠᠭᠤᠴᠤᠳ ᠤᠨ ᠰᠤᠷᠭᠠᠯ︾ ᠢ ᠤᠬᠠᠭᠤᠯᠤᠨ ᠲᠠᠶᠢᠯᠪᠤᠷᠢᠯᠠᠬᠤ ᠪᠦᠯᠬᠦᠮ ᠢ ᠭᠤᠷᠪᠠᠨ ᠰᠠᠯᠪᠤᠷᠢ ᠪᠠᠭ᠎ᠠ ᠠᠩᠭᠢ ᠪᠣᠯᠭᠠᠨ ᠬᠤᠪᠢᠶᠠᠵᠤ᠂ ᠠᠳᠠᠯᠢ ᠪᠤᠰᠤ ᠲᠠᠯᠠᠪᠤᠷ ᠲᠤ ᠬᠦᠷᠴᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ᠡᠯ᠎ᠡ ᠰᠠᠯᠠᠭ᠎ᠠ ᠮᠥᠴᠢᠷ ᠪᠠᠶᠢᠭᠤᠯᠭ᠎ᠠ ᠨᠢᠭᠡᠴᠡ ᠵᠢᠴᠢ ᠠᠵᠢᠯ ᠲᠦᠷᠦᠯ ᠤᠨ ᠰᠢᠰᠲ᠋ᠧᠮ ᠤᠨ ᠬᠢᠨ ᠴᠤ ᠲᠤᠰ ᠪᠡᠶ᠎ᠡ ᠶᠢᠨ ᠣᠨᠴᠠᠯᠢᠭ ᠲᠠᠢ ᠪᠠᠨ ᠤᠶᠠᠯᠳᠤᠭᠤᠯᠵᠤ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠪᠣᠯᠤᠨ ᠬᠡᠯᠪᠡᠷᠢ ᠶᠢ ᠪᠡᠶ᠎ᠡ ᠪᠠᠷ ᠢᠶᠠᠨ ᠪᠤᠢ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠠᠵᠢᠯ ᠤᠨ ᠣᠨᠣᠪᠴᠢᠲᠠᠢ᠂ ᠵᠦᠷᠢᠶᠡᠴᠢᠯᠡᠭᠰᠡᠨ ᠪᠦᠷᠬᠦᠴᠡ ᠶᠢ ᠪᠡᠶᠡᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠪᠠᠲᠤᠯᠠᠪᠠ᠃     ᠬᠤᠶᠠᠷ᠂ ᠠᠭᠤᠯᠭ᠎ᠠ ᠪᠠᠷ ᠪᠠᠶᠠᠯᠢᠭ ᠪᠠᠶᠢᠵᠤ᠂ ᠠᠷᠠᠳ ᠤᠨ ᠠᠮᠢᠳᠤᠷᠠᠯ ᠲᠠᠢ ᠨᠢᠭᠲᠠ ᠤᠶᠠᠯᠳᠤᠵᠤ ᠤᠯᠠᠨ ᠲᠦᠮᠡᠨ ᠲᠠᠢ ᠤᠶᠢᠷᠠᠳᠤᠪᠠ     ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠨᠠᠷᠢᠨ ᠨᠢᠮᠪᠠᠢ ᠲᠥᠯᠥᠪᠯᠡᠵᠡᠢ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠠᠴᠠ ᠣᠷᠣᠨ ᠨᠤᠲᠤᠭ ᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠬᠦᠷᠲᠡᠯ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠴᠠ ᠠᠵᠤ ᠦᠢᠯᠡᠰ ᠤᠨ ᠬᠥᠭᠵᠢᠯᠲᠡ ᠬᠦᠷᠲᠡᠯ᠎ᠡ᠂ ᠨᠡᠶᠢᠭᠡᠮ ᠤᠨ ᠵᠠᠰᠠᠯᠲᠠ ᠠᠴᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠤᠯᠠᠨ ᠲᠠᠯ᠎ᠠ ᠠᠴᠠ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠪᠠ ᠲᠣᠳᠣᠷᠬᠠᠶᠢᠯᠠᠯᠲᠠ  ᠬᠢᠵᠦ᠂ ᠲᠡᠳᠡ ᠨᠠᠷᠢᠨ ᠪᠣᠳᠠᠲᠠᠢ ᠲᠤᠭ᠎ᠠ ᠪᠠᠷᠢᠮᠲᠠ ᠪᠣᠯᠤᠨ ᠠᠮᠢᠳᠤᠯᠢᠭ ᠬᠡᠷᠡᠭ ᠤᠨ ᠵᠢᠱᠢᠶ᠎ᠡ ᠶᠢ ᠬᠡᠷᠡᠭᠯᠡᠵᠦ᠂ ᠬᠡᠶᠢᠰᠪᠦᠷᠢ ᠤᠨᠤᠯ ᠢ ᠪᠣᠳᠠᠲᠠᠶ ᠲᠥᠷᠥᠭᠳᠡᠯ ᠲᠠᠢ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠶᠢᠨ ᠬᠠᠨᠳᠤᠯᠭᠠᠲᠤ ᠴᠢᠨᠠᠷ ᠪᠣᠯᠤᠨ ᠪᠣᠳᠠᠲᠤ ᠪᠦᠲᠦᠮᠵᠢᠲᠦ ᠴᠢᠨᠠᠷ ᠢ ᠨᠡᠮᠡᠭᠳᠡᠭᠦᠯᠵᠦ᠂ ᠤᠯᠠᠨ ᠲᠦᠮᠡᠨ ᠳᠤ ᠣᠶᠢᠯᠠᠭᠠᠭᠤᠯᠵᠤ᠂ ᠴᠡᠭᠡᠵᠢᠯᠡᠭᠦᠯᠵᠦ᠂ ᠬᠡᠷᠡᠭᠯᠡᠵᠦ ᠳᠡᠶᠢᠯᠬᠦ ᠪᠣᠯᠭᠠᠪᠠ᠃      ᠭᠤᠷᠪᠠ᠂ ᠢᠯᠡᠳᠲᠡ ᠦᠷ᠎ᠡ ᠪᠦᠲᠦᠮᠵᠢ ᠣᠯᠵᠤ᠂ ᠬᠥᠭᠵᠢᠯᠲᠡ ᠶᠢᠨ ᠰᠢᠨ᠎ᠡ ᠬᠦᠳᠡᠯᠭᠡᠬᠦ ᠬᠦᠴᠦᠨ ᠢ  ᠬᠦᠭᠵᠢᠬᠦᠯᠪᠡ     ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠥᠬᠦ ᠬᠤᠰᠢᠭᠤ ᠨᠢᠭᠡᠨᠲᠡ ᠵᠠᠭᠤ ᠰᠢᠬᠠᠮ ᠲᠠᠯᠠᠪᠠᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠣᠯᠠᠨ ᠲᠦᠮᠡᠨ ᠢ 3000 ᠬᠥᠮᠦᠨ ᠤᠳᠠᠭ᠎ᠠ ᠬᠠᠮᠤᠷᠪᠠ᠃ ᠤᠯᠠᠨ ᠶᠠᠩᠵᠤ ᠶᠢᠨ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠣᠯᠤᠨ ᠤᠯᠠᠨ ᠲᠦᠮᠡᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠡᠩ ᠪᠦᠬᠦ ᠲᠠᠯ᠎ᠠ ᠪᠠᠷ ᠭᠦᠨᠵᠡᠭᠡᠢ ᠲᠠᠨᠢᠵᠤ ᠣᠶᠢᠯᠠᠭᠠᠪᠠ᠃ ᠣᠯᠠᠨ ᠢᠶᠠᠷ ᠢᠶᠠᠨ᠂ ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠠᠷᠠᠯᠲᠠ ᠪᠠᠨ ᠲᠣᠳᠣᠷᠬᠠᠶᠢᠯᠠᠨ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠢᠶᠠᠨ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠨᠡ ᠬᠦ ᠠᠯᠢ ᠣᠯᠠᠨ ᠠᠷᠭ᠎ᠠ ᠬᠡᠮᠵᠢᠶ᠎ᠡ ᠨᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠠᠬᠢᠭᠤᠯᠤᠭᠰᠠᠨ ᠢᠶᠠᠷ ᠪᠠᠷᠠᠬᠤ ᠥᠬᠡᠶ᠂ ᠨᠠᠩ ᠴᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠣᠯᠭᠤᠭᠰᠠᠨ ᠪᠠᠶᠢᠨ᠎ᠠ᠃  ᠬᠤᠶᠢᠰᠢᠳᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠦᠷᠭᠦᠯᠵᠢᠯᠡᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠤᠬᠠᠭᠤᠯᠤᠨ ᠲᠠᠶᠢᠯᠪᠤᠷᠢᠯᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠤᠯᠠᠨ ᠲᠦᠮᠡᠨ ᠲᠠᠢ ᠤᠢᠢᠷᠠᠳᠤᠭᠰᠠᠨ ᠦᠭᠡ ᠬᠡᠯᠡ ᠪᠠ ᠠᠮᠢᠳᠤᠯᠢᠭ ᠬᠡᠷᠡᠭ ᠤᠨ ᠵᠢᠱᠢᠶ᠎ᠡ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ  ᠲᠠᠷᠢᠶᠠᠴᠢᠨ ᠡᠷᠦᠭᠡ᠂ ᠤᠯᠠᠨ ᠲᠦᠮᠡᠨ ᠤ ᠭᠡᠷ ᠲᠤ ᠳᠠᠮᠵᠢᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ  ᠬᠠᠩᠭᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号