ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠨᠡ ᠬᠦ ᠠᠵᠢᠯ ᠢ ︽ᠠᠵᠤ ᠠᠬᠤᠶ ᠶᠢᠨ ᠡᠳᠦᠷ ᠤᠨ ᠰᠣᠨᠢᠨ︾ ᠳᠤ ᠮᠡᠳᠡᠭᠡᠯᠡᠪᠡ
ᠨᠡᠶᠢᠲᠡᠯᠡᠭᠰᠡᠨ ᠴᠠᠭ᠄
2024/10/17
      ᠨᠠᠮᠤᠷ ᠤᠨ ᠠᠭᠤᠷ ᠠᠮᠢᠰᠬᠤᠯ ᠲᠠᠭᠠᠯᠠᠮᠵᠢᠲᠠᠶ᠂ ᠶᠠᠭ ᠰᠠᠶᠢᠨ ᠡᠭᠦᠯᠳᠡᠷ ᠤᠨ ᠬᠤᠨᠢ ᠶᠢ ᠦᠷᠡᠵᠢᠭᠦᠯᠦᠨ ᠪᠤᠶᠢᠵᠢᠭᠤᠯᠬᠤ ᠴᠢᠬᠤᠯᠠ ᠴᠠᠭ ᠦᠶ᠎ᠡ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ︵ᠳᠣᠷᠣᠭᠰᠢ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ︾ ᠭᠡᠵᠦ ᠲᠣᠪᠴᠢᠯᠠᠨ᠎ᠠ︶ ᠶᠢᠨ  ᠪᠠᠶ᠋ᠬᠠᠤᠪᠤᠭ᠎ᠠ ᠰᠤᠮᠤ ᠶᠢᠨ ᠴᠢᠨ ᠰᠢ ᠵᠢᠶᠦ᠋ᠨ ᠤ ᠬᠡᠷ ᠪᠦᠯᠢ ᠶᠢᠨ ᠮᠠᠯᠵᠢᠯ ᠤᠨ ᠲᠠᠯᠠᠪᠠᠶ ᠶᠢᠨ ᠬᠠᠷᠢᠭᠤᠴᠠᠯᠭᠠᠲᠠᠨ ᠴᠢᠨ ᠰᠢ ᠵᠢᠶᠦ᠋ᠨ ᠣᠶᠢᠷ᠎ᠠ ᠳᠤ ᠴᠢᠨᠠᠷ ᠰᠠᠶᠢᠲᠠᠶ ᠡᠭᠦᠯᠳᠡᠷ ᠤᠨ ᠬᠤᠴᠠ ᠪᠤᠶᠢᠵᠢᠭᠤᠯᠬᠤ ᠪᠠᠷ ᠶᠠᠭᠠᠷᠠᠯᠳᠤᠵᠤ ᠪᠠᠶᠢᠨ᠎ᠠ᠃     ᠴᠢᠨ ᠰᠢ ᠵᠢᠶᠦ᠋ᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠬᠤᠶᠠᠷ ᠵᠢᠯ ᠳᠤ ᠦᠬᠡᠷ ᠬᠤᠨᠢ ᠢᠮᠠᠭ᠎ᠠ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠨᠡᠯᠢᠶᠡᠳ ᠥᠨᠳᠥᠷ ᠪᠠᠶᠢᠵᠤ᠂ ᠮᠠᠯᠵᠢᠯ ᠤᠨ ᠲᠠᠯᠠᠪᠠᠢ ᠨᠢ ᠴᠦᠭᠡᠭᠡᠨ ᠲᠡᠵᠢᠬᠡᠵᠦ ᠲᠡᠵᠢᠭᠡᠨ ᠰᠢᠯᠢᠳᠡᠭ ᠲᠡᠵᠢᠭᠡᠬᠦ᠂ ᠲᠡᠵᠢᠭᠡᠨ ᠦᠷᠡᠵᠢᠭᠦᠯᠬᠦ ᠪᠦᠲᠦᠴᠡ ᠶᠢ ᠰᠢᠯᠢᠳᠡᠭᠵᠢᠭᠦᠯᠬᠦ ᠪᠠᠷ ᠳᠠᠮᠵᠢᠨ ᠳᠠᠷᠤᠯᠲᠠ ᠶᠢ ᠬᠥᠩᠭᠡᠷᠡᠭᠦᠯᠵᠦ᠂ ᠦᠢᠯᠡᠳᠪᠦᠷᠢᠯᠡᠯ ᠢ ᠬᠥᠭᠵᠢᠭᠦᠯᠦᠨ᠎ᠡ ᠃ ︽ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠳᠡᠮᠵᠢᠯᠭᠡ ᠳᠣᠤᠷ᠎ᠠ᠂ ᠪᠢᠳᠡ ᠴᠢᠨᠠᠷ ᠰᠠᠶᠢᠲᠠᠶ ᠡᠭᠦᠯᠳᠡᠷ ᠤᠨ ᠬᠤᠨᠢᠨ ᠤ ᠡᠬᠢ ᠪᠠᠶᠠᠯᠢᠭ ᠪᠠ ᠵᠣᠬᠢᠶᠠᠮᠠᠯ ᠬᠡᠭᠡᠯᠲᠦᠭᠦᠯᠭᠡ ᠶᠢᠨ ᠮᠡᠷᠭᠡᠵᠢᠯ ᠢ ᠠᠰᠢᠭᠯᠠᠨ᠂ ᠴᠢᠨᠠᠷ ᠰᠠᠶᠢᠲᠠᠶ ᠡᠭᠦᠯᠳᠡᠷ ᠤᠨ ᠬᠤᠴᠠ ᠶᠢ ᠪᠤᠶᠢᠵᠢᠭᠤᠯᠵᠤ᠂ ᠲᠡᠵᠢᠭᠡᠨ ᠦᠷᠡᠵᠢᠭᠦᠯᠬᠦ ᠡᠭᠦᠯᠳᠡᠷ ᠢ ᠰᠠᠶᠢᠵᠢᠷᠠᠭᠤᠯᠬᠤ ᠶᠢᠨ ᠬᠠᠮᠲᠤ ᠪᠠᠰᠠ ᠡᠷᠬᠢᠨ ᠲᠣᠭᠤᠷᠢᠨ ᠤ ᠲᠡᠵᠢᠭᠡᠨ ᠦᠷᠡᠵᠢᠭᠦᠯᠬᠦ ᠡᠷᠦᠬᠡ ᠳᠤ ᠦᠢᠯᠡᠴᠢᠯᠡᠭᠦᠯᠵᠦ ᠪᠣᠯᠤᠨ᠎ᠠ︾  ᠬᠡᠵᠦ ᠴᠢᠨ ᠰᠢ ᠵᠢᠶᠦ᠋ᠨ ᠶᠠᠷᠢᠪᠠ᠃      ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠮᠤᠨᠢ ᠠᠭᠤᠯᠠ ᠶᠢᠨ ᠠᠷᠤ ᠬᠤᠷᠮᠣᠶ᠂ ᠤᠮᠠᠷᠠᠲᠤ ᠥᠷᠭᠡᠷᠢᠭ ᠤᠨ 41。-42。 ᠤᠨ ᠬᠤᠭᠤᠷᠣᠨᠳᠣᠬᠢ ᠮᠠᠯ ᠠᠵᠤ ᠠᠬᠤᠶ ᠶᠢᠨ ᠰᠢᠵᠢᠷ ᠠᠯᠲᠠᠨ ᠲᠡᠵᠢᠭᠡᠨ ᠦᠷᠡᠵᠢᠭᠦᠯᠬᠦ ᠪᠦᠰᠡ ᠳᠤ ᠪᠠᠶᠢᠷᠢᠯᠠᠵᠤ᠂  ᠤᠮᠠᠷᠠᠰᠢ ᠪᠠᠨ ᠮᠤᠨᠢ ᠠᠭᠤᠯᠠ ᠶᠢ ᠲᠦᠰᠢᠨ ᠂ ᠲᠠᠯ᠎ᠠ ᠨᠤᠲᠤᠭ ᠢᠶᠠᠨ  ᠰᠠᠬᠢᠵᠤ᠂ ᠪᠦᠷᠬᠦᠭᠰᠡᠨ ᠲᠠᠯᠠᠪᠠᠶ ᠨᠢ 90% ᠠᠴᠠ ᠳᠠᠪᠠᠭᠰᠠᠨ ᠪᠠᠶᠢᠭᠠᠯᠢ ᠶᠢᠨ ᠮᠠᠯᠵᠢᠯ ᠤᠨ ᠲᠠᠯᠠᠪᠠᠶ ᠪᠣᠯᠤᠨ᠎ᠠ᠂ ᠪᠤᠭᠤᠲᠤ ᠬᠤᠲᠠ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠭᠤᠤᠯᠳᠠᠯᠭ᠎ᠠ ᠲᠠᠢ ᠭᠠᠵᠠᠷ ᠣᠷᠣᠨ ᠪᠣᠯᠤᠨ᠎ᠠ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠮᠠᠯ ᠤᠨ ᠲᠤᠭ᠎ᠠ ᠲᠣᠯᠣᠭᠠᠢ 139.72 ᠲᠦᠮᠡ ᠬᠦᠷᠴᠦ᠂   ᠪᠤᠷᠤᠯᠠᠭᠤᠯᠤᠭᠰᠠᠨ ᠮᠠᠯ ᠤᠨ ᠲᠤᠭ᠎ᠠ ᠲᠣᠯᠣᠭᠠᠢ 55.79 ᠲᠦᠮᠡ ᠂ ᠮᠢᠬᠠᠨ ᠤ ᠲᠥᠷᠥᠯ ᠤᠨ ᠶᠡᠷᠦᠩᠬᠡᠶ ᠭᠠᠷᠤᠯᠲᠠ 1.54 ᠲᠦᠮᠡᠨ ᠲᠣᠨ᠂ ᠰᠦ ᠶᠢᠨ ᠭᠠᠷᠤᠯᠲᠠ 0.57 ᠲᠦᠮᠡᠨ ᠲᠣᠨ ᠳᠤ ᠬᠦᠷᠪᠡ᠃    ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ ᠲᠤᠯᠭᠠᠭᠤᠷᠢ ᠶᠢᠨ ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ  ᠤᠳ ᠲᠤ᠂  ᠦᠬᠡᠷ ᠬᠤᠨᠢᠨ ᠤ ᠵᠠᠬ᠎ᠠ ᠳᠡᠯᠭᠡᠭᠦᠷ ᠤᠨ ᠪᠠᠶᠢᠳᠠᠯ ᠳᠤ ᠴᠢᠭᠯᠡᠭᠦᠯᠦᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠮᠠᠯ ᠤᠨ ᠡᠭᠦᠯᠳᠡᠷ ᠢ ᠰᠠᠶᠢᠵᠢᠷᠠᠭᠤᠯᠬᠤ ᠶᠢ ᠶᠡᠬᠡᠪᠡᠷ ᠠᠬᠢᠭᠤᠯᠵᠤ᠂ 3  ᠮᠢᠬᠠᠨ ᠤ ᠦᠬᠡᠷ  ᠬᠤᠨᠢᠨ ᠤ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠪᠠᠶᠢᠭᠤᠯᠵᠤ᠂  ᠮᠢᠬᠠᠨ ᠤ ᠦᠬᠡᠷ  ᠮᠢᠬᠠᠨ ᠤ ᠬᠤᠨᠢᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠲᠠᠯᠠᠪᠠᠶ ᠶᠢ 30 ᠪᠠᠶᠢᠭᠤᠯᠪᠠ᠃ ᠲᠡᠵᠢᠭᠡᠯ ᠡᠪᠡᠰᠦ ᠪᠣᠷᠳᠣᠭᠠᠨ ᠤ ᠪᠠᠲᠤᠯᠠᠭ᠎ᠠ ᠶᠢ ᠴᠢᠩᠭᠠᠳᠬᠠᠵᠤ᠂ ᠮᠠᠨᠳᠤᠯ ᠪᠠᠯᠭᠠᠰᠤ ᠪᠣᠯᠤᠨ ᠪᠠᠶᠠᠨᠬᠤᠸᠠ ᠪᠠᠯᠭᠠᠰᠤᠨ ᠳᠤ ᠳᠤᠮᠳᠠ ᠬᠡᠯᠪᠡᠷᠢ ᠶᠢᠨ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠶᠢ 2 ᠪᠠᠶᠢᠭᠤᠯᠵᠤ᠂ ᠼᠤᠤ ᠳ᠋ᠦ᠋ ᠺᠣᠮᠫᠠᠨᠢ ᠶᠢ ᠣᠷᠣᠭᠤᠯᠤᠨ ᠠᠪᠴᠢᠷᠠᠵᠤ ᠪᠠᠲᠤᠬᠠᠭᠠᠯᠭ᠎ᠠ ᠪᠠᠯᠭᠠᠰᠤᠨ ᠤ ᠬᠤᠸᠠᠩ ᠬᠤᠸᠠ ᠲᠠᠨ ᠲᠣᠰᠬᠤᠨ ᠳᠤ ᠡᠪᠡᠰᠦ ᠪᠣᠷᠳᠤᠭ᠎ᠠ ᠶᠢ ᠠᠭᠤᠰᠤᠯᠴᠠᠭᠤᠯᠬᠤ ᠲᠦᠷᠦᠯ ᠵᠦᠢᠯ ᠢ ᠬᠡᠷᠡᠭᠵᠢᠭᠦᠯᠵᠦ᠂ ᠲᠡᠵᠢᠭᠡᠯ ᠡᠪᠡᠰᠦ ᠪᠣᠷᠳᠣᠭᠠᠨ ᠤ ᠪᠠᠴᠢᠮ ᠪᠠᠶᠢᠳᠠᠯ ᠢ  ᠠᠷᠭᠠᠴᠠᠭᠠᠬᠤ ᠪᠠᠲᠤᠯᠠᠭ᠎ᠠ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠪᠡ᠃     ᠡᠭᠦᠨ ᠤ ᠬᠠᠮᠲᠤ᠂ ᠬᠡᠷᠡᠭᠯᠡᠭᠡᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠡᠷᠡᠭᠯᠡᠯᠲᠡ ᠶᠢ ᠴᠢᠩᠭᠠᠳᠬᠠᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠢᠯᠠᠩᠭᠤᠶ᠎ᠠ ︽ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠠᠯ᠎ᠠ ᠨᠤᠲᠤᠭ ᠤᠨ ᠬᠤᠨᠢ︾ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠶᠢᠨ ᠡᠷᠴᠢᠮ ᠢ ᠦᠷᠭᠦᠯᠵᠢᠯᠡᠨ  ᠴᠢᠩᠭᠠᠷᠠᠭᠤᠯᠪᠠ᠃ ᠠᠵᠤ ᠦᠢᠯᠡᠰ ᠤᠨ ᠬᠡᠯᠬᠢᠶ᠎ᠡ ᠶᠢ ᠢᠳᠡᠪᠬᠢᠲᠡᠢ ᠪᠠᠷ ᠤᠷᠲᠤᠳᠬᠠᠵᠤ᠂ ᠴᠠᠭᠠᠨ ᠢᠳᠡᠭᠡ ᠡᠳ᠋ᠰᠢᠭᠦᠯᠬᠦ ᠦᠢᠯᠡᠰ ᠢ ᠶᠡᠬᠡᠪᠡᠷ ᠬᠥᠭᠵᠢᠭᠦᠯᠬᠦ ᠪᠠᠷ ᠳᠠᠮᠵᠢᠭᠤᠯᠤᠨ᠂ ᠴᠠᠭᠠᠨ ᠢᠳᠡᠭᠡ ᠡᠳ᠋ᠰᠢᠭᠦᠯᠬᠦ ᠦᠢᠯᠡᠳᠬᠡᠯ ᠤᠨ ᠭᠠᠵᠠᠷ 56  ᠶᠢ ᠪᠠᠶᠢᠭᠤᠯᠵᠤ᠂ ᠡᠭᠦᠨ ᠤ ᠤᠯᠠᠮ ᠠᠴᠠ ᠲᠣᠨ ᠪᠦᠷᠢ ᠶᠢᠨ ᠰᠢᠨ᠎ᠡ ᠰᠦ ᠡᠳ᠋ᠰᠢᠭᠦᠯᠦᠭᠰᠡᠨ ᠤ ᠳᠠᠷᠠᠭ᠎ᠠ 2000 ᠲᠥᠭᠦᠷᠢᠭ ᠤᠨ ᠣᠷᠣᠯᠭ᠎ᠠ ᠶᠢ ᠨᠡᠮᠡᠭᠳᠡᠭᠦᠯᠵᠦ᠂ 20 ᠠᠴᠠ ᠳᠡᠭᠡᠭᠰᠢᠬᠢ ᠲᠡᠵᠢᠭᠡᠨ ᠦᠷᠡᠵᠢᠭᠦᠯᠬᠦ ᠭᠤᠣᠯ ᠴᠣᠭᠴᠠ ᠶᠢ ᠳᠠᠮ ᠳᠠᠶᠢᠴᠢᠯᠠᠵᠤ ᠣᠷᠣᠯᠭ᠎ᠠ ᠶᠢ ᠨᠢ  ᠨᠡᠮᠡᠭᠳᠡᠬᠦᠯᠪᠡ᠃    ᠣᠶᠢᠯᠠᠭᠠᠭᠰᠠᠨ ᠢᠶᠠᠷ᠂ ᠲᠤᠬᠠᠶ ᠶᠢᠨ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠳ ᠣᠷᠣᠨ ᠨᠤᠲᠤᠭ ᠤᠨ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠲᠠᠯ᠎ᠠ ᠪᠠᠷ ᠪᠠᠰᠠ ᠢᠳᠡᠪᠬᠢᠲᠡᠶ ᠦᠢᠯᠡᠳᠦᠯ ᠦᠵᠡᠭᠦᠯᠦᠭᠰᠡᠨ ᠪᠠᠶᠢᠨ᠎ᠠ᠃ ᠥᠪᠥᠷ ᠮᠣᠩᠭᠤᠯ ᠤᠨ ᠲᠢᠶᠠᠨ ᠢᠦᠶ ᠮᠥ ᠭᠧ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢᠦ ᠹᠸᠢ ᠲᠠᠨᠢᠯᠴᠠᠭᠤᠯᠤᠭᠰᠠᠨ ᠪᠠᠷ᠂ ᠺᠣᠮᠫᠠᠨᠢ ᠮᠠᠯᠴᠢᠨ ᠲᠠᠷᠢᠶᠠᠴᠢᠨ ᠡᠷᠦᠬᠡ ᠲᠠᠢ  ᠮᠢᠬᠠᠨ ᠤ ᠬᠤᠨᠢ ᠪᠣᠷᠳᠣᠵᠤ ᠬᠤᠳᠠᠯᠳᠤᠨ ᠠᠪᠬᠤ ᠬᠡᠯᠡᠯᠴᠡᠭᠡᠷ ᠲᠣᠭᠲᠠᠵᠤ᠂ ᠨᠥᠬᠦᠴᠡᠯ ᠳᠤ ᠨᠡᠶᠢᠴᠡᠬᠦ  ᠮᠢᠬᠠᠨ ᠤ ᠬᠤᠨᠢ ᠬᠤᠳᠠᠯᠳᠤᠨ ᠠᠪᠬᠤ ᠦᠨ᠎ᠡ ᠨᠢ ᠵᠢᠩ ᠪᠦᠷᠢ ᠳᠡᠭᠡᠨ ᠵᠠᠬ᠎ᠠ ᠳᠡᠯᠭᠡᠭᠦᠷ ᠤᠨ ᠦᠨ᠎ᠡ ᠠᠴᠠ 0.5 ᠲᠥᠭᠦᠷᠢᠭ ᠠᠴᠠ 1 ᠲᠥᠭᠦᠷᠢᠭ ᠥᠨᠳᠥᠷ ᠪᠥᠭᠡᠳ ᠵᠣᠬᠢᠬᠤ ᠲᠡᠭᠡᠭᠡᠪᠦᠷᠢ ᠶᠢᠨ ᠨᠥᠬᠦᠪᠥᠷᠢ ᠣᠯᠭᠤᠵᠤ᠂ ᠮᠠᠯᠴᠢᠨ ᠲᠠᠷᠢᠶᠠᠴᠢᠨ ᠤ ᠪᠣᠷᠣᠯᠠᠭᠤᠯᠬᠤ ᠠᠷᠭ᠎ᠠ ᠵᠠᠮ ᠢ ᠨᠡᠭᠡᠭᠡᠵᠦ ᠳᠡᠶᠢᠯᠬᠦ ᠥᠬᠡᠶ᠂ ᠦᠢᠯᠡᠳᠬᠦᠨ ᠤ ᠦᠨ᠎ᠡ ᠬᠠᠩᠰᠢ ᠨᠢ ᠳᠣᠤᠷ᠎ᠠ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠬᠠᠮᠲᠤ ᠪᠠᠰᠠ ᠬᠡᠷᠡᠭᠯᠡᠭᠴᠢᠳ ᠤᠨ ᠵᠢᠩᠬᠢᠨᠢ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢ ᠶᠢ ᠢᠳᠡᠬᠦ ᠶᠢ ᠪᠠᠲᠤᠯᠠᠵᠤ ᠴᠢᠳᠠᠪᠠ ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号