ᠵᠢᠶᠠ ᠪᠦᠦ ᠯᠢᠶᠠᠩ ᠮᠠᠭᠤᠳᠠᠭᠰᠠᠨ ᠤᠢ ᠰᠢᠭᠤᠶ ᠶᠢ ᠰᠡᠷᠭᠦᠭᠡᠬᠦ ᠲᠥᠷᠥᠯ ᠵᠦᠢᠯ ᠵᠢᠴᠢ ᠲᠣᠰᠣ ᠨᠡᠮᠡᠬᠦ᠂ ᠬᠡᠢ ᠨᠡᠮᠡᠬᠦ ᠥᠷᠲᠡᠭᠡ ᠶᠢᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/17
      10 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠮᠤᠨᠢ ᠠᠭᠤᠯᠠ ᠶᠢᠨ ᠠᠷᠤ ᠬᠤᠷᠮᠣᠶ ᠶᠢᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠤᠬᠠᠶ ᠶᠢᠨ ᠲᠠᠯᠠᠪᠠᠶ᠂ ᠰᠤᠳᠠᠯᠳᠤ ᠬᠡᠭᠡᠷ᠎ᠡ ᠶᠢᠨ ᠸᠠᠨᠳ᠋ᠸᠤ ᠪᠤᠷᠴᠠᠭ ᠳᠠᠷᠢᠬᠤ ᠰᠠᠭᠤᠷᠢᠨ ᠭᠠᠵᠠᠷ ᠵᠢᠴᠢ  ᠵᠦᠩ ᠲᠤ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ  ᠶᠢᠨ ᠬᠤᠶᠠᠳᠤᠭᠠᠷ ᠲᠣᠰᠣ ᠪᠠ ᠬᠡᠢ ᠨᠡᠮᠡᠬᠦ ᠥᠷᠲᠡᠭᠡ ᠪᠣᠯᠤᠨ ᠬᠤᠸᠠ ᠢ ᠡᠮᠦᠨ᠎ᠡ ᠭᠠᠷᠴᠠ ᠶᠢᠨ ᠬᠡᠢ ᠨᠡᠮᠡᠬᠦ ᠥᠷᠲᠡᠭᠡ᠂ ᠱᠧᠩ ᠳ᠋ᠡ ᠴᠢᠯᠠᠭᠤᠨ ᠲᠣᠰᠣᠨ ᠤ ᠲᠣᠰᠣ ᠨᠡᠮᠡᠬᠦ ᠥᠷᠲᠡᠭᠡ ᠳᠤ ᠬᠦᠷᠴᠦ᠂ ᠮᠠᠭᠤᠳᠠᠭᠰᠠᠨ ᠣᠶ ᠶᠢ ᠰᠡᠷᠭᠦᠭᠡᠬᠦ ᠲᠥᠷᠥᠯ  ᠵᠦᠢᠯ ᠵᠢᠴᠢ ᠲᠣᠰᠣ ᠨᠡᠮᠡᠬᠦ᠂ ᠬᠡᠢ ᠨᠡᠮᠡᠬᠦ ᠥᠷᠲᠡᠭᠡ ᠶᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠪᠠ᠃      2024 ᠣᠨ ᠳᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠤᠨᠢ ᠠᠭᠤᠯᠠ ᠶᠢᠨ ᠠᠷᠤ ᠬᠤᠷᠮᠣᠢ ᠶᠢᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠵᠢᠶᠠ ᠪᠦᠦ ᠯᠢᠶᠠᠩ ᠵᠢᠵᠢᠭ ᠨᠠᠪᠴᠢᠲᠤ ᠬᠠᠷᠭᠠᠨ᠎ᠠ ᠲᠠᠷᠢᠭᠰᠠᠨ ᠪᠠᠶᠢᠳᠠᠯ᠂ ᠪᠡᠯᠡ ᠣᠷᠣᠭᠤᠯᠤᠯᠲᠠ ᠶᠢᠨ ᠬᠡᠪᠴᠢᠶ᠎ᠡ᠂ ᠠᠮᠢ ᠠᠬᠤᠢ ᠶᠢᠨ ᠦᠷ᠎ᠡ ᠠᠰᠢᠭ ᠵᠢᠴᠢ ᠵᠠᠰᠠᠨ ᠰᠡᠷᠭᠦᠭᠡᠬᠦ ᠠᠷᠭ᠎ᠠ ᠬᠡᠮᠵᠢᠶ᠎ᠡ ᠶᠢ ᠨᠠᠷᠢᠨ ᠯᠠᠪᠯᠠᠨ ᠠᠰᠠᠭᠤᠪᠠ᠃ ᠲᠡᠷᠡ ᠴᠢᠬᠤᠯᠠᠴᠢᠯᠠᠭᠰᠠᠨ ᠨᠢ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠵᠤ᠂ ᠨᠥᠬᠦᠵᠦ ᠲᠠᠷᠢᠬᠤ᠂ ᠭᠤᠤᠷᠰᠤ ᠲᠡᠭᠰᠢᠯᠡᠬᠦ᠂ ᠬᠦᠷᠢᠶᠡᠯᠡᠨ ᠬᠠᠰᠢᠶᠠᠯᠠᠬᠤ ᠪᠠ ᠬᠠᠮᠢᠶᠠᠷᠴᠤ ᠬᠠᠮᠠᠭᠠᠯᠠᠬᠤ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠠᠵᠤ ᠦᠢᠯᠡᠰ ᠤᠨ ᠵᠣᠯᠭᠠᠯᠴᠠᠭ᠎ᠠ ᠶᠢ ᠴᠢᠩᠭᠠᠳᠬᠠᠵᠤ᠂ ᠳᠤᠤᠷᠠᠳᠤ ᠤᠷᠤᠰᠬᠠᠯ ᠤᠨ ᠡᠪᠡᠰᠦ ᠪᠣᠷᠳᠤᠭ᠎ᠠ ᠡᠳ᠋ᠰᠢᠭᠦᠯᠬᠦ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠳᠡᠮᠵᠢᠵᠦ᠂ ᠡᠪᠡᠰᠦᠨ ᠤ ᠠᠵᠤ ᠦᠢᠯᠡᠰ ᠤᠨ ᠭᠡᠯᠪᠡᠷᠢ ᠬᠤᠪᠢᠷᠠᠭᠤᠯᠤᠨ ᠦᠷᠳᠡᠭ ᠨᠡᠮᠡᠭᠳᠡᠭᠦᠯᠬᠦ᠂ ᠤᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠨᠡᠩ ᠰᠠᠶᠢᠲᠤᠷ ᠳᠠᠶᠢᠴᠢᠯᠠᠬᠤ ᠬᠡᠷᠡᠭᠲᠡᠢ ᠭᠡᠪᠡ᠃    ᠰᠤᠳᠠᠯᠳᠤ ᠬᠡᠭᠡᠷ᠎ᠡ ᠶᠢᠨ ᠸᠠᠨᠳᠧᠤ ᠪᠤᠷᠴᠠᠭ ᠤᠨ ᠲᠠᠷᠢᠮᠠᠯ ᠤᠨ ᠰᠠᠭᠤᠷᠢᠨ ᠭᠠᠵᠠᠷ ᠂ ᠵᠢᠶᠠ ᠪᠦᠦ ᠯᠢᠶᠠᠩ  ᠬᠡᠭᠡᠷ᠎ᠡ ᠶᠢᠨ ᠸᠠᠨᠳᠧᠤ ᠪᠤᠷᠴᠠᠭ ᠤᠨ ᠤᠷᠭᠤᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠡᠭᠡᠷ᠎ᠡ ᠶᠢᠨ ᠸᠠᠨᠳᠧᠤ ᠪᠤᠷᠴᠠᠭ ᠤᠨ ᠲᠠᠷᠢᠮᠠᠯ ᠤᠨ ᠪᠠᠶᠢᠳᠠᠯ ᠵᠢᠴᠢ ᠮᠦ ᠪᠦᠷᠢ ᠶᠢᠨ ᠤᠨᠠᠯᠲᠠ ᠶᠢᠨ ᠬᠡᠮᠵᠢᠶ᠎ᠡ ᠵᠡᠷᠭᠡ ᠶᠢ ᠭᠦᠨᠵᠡᠭᠡᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂  ᠰᠤᠳᠠᠯᠳᠤ ᠭᠡᠭᠡᠷ᠎ᠡ ᠶᠢᠨ ᠸᠠᠨᠳᠧᠤ ᠪᠤᠷᠴᠠᠭ ᠪᠣᠯ 153 ᠮᠥᠬᠦᠯᠢᠭ ᠦᠷ᠎ᠡ ᠪᠠᠷ ᠳᠠᠮᠵᠢᠨ ᠠᠪᠤᠷᠠᠵᠤ ᠭᠠᠷᠭᠠᠭᠰᠠᠨ ᠬᠡᠭᠡᠷ᠎ᠡ ᠶᠢᠨ ᠡᠪᠡᠰᠦᠨ ᠤ ᠦᠷ᠎ᠡ ᠪᠣᠯᠤᠨ᠎ᠠ᠂ ᠭᠠᠩ ᠬᠠᠭᠰᠠᠷᠠᠭᠠᠨ ᠲᠠᠢ ᠲᠡᠮᠡᠴᠡᠵᠦ ᠬᠦᠢᠲᠡᠨ ᠢ ᠡᠰᠡᠷᠭᠦᠴᠡᠬᠦ ᠣᠨᠴᠠᠯᠢᠭ ᠲᠠᠢ ᠪᠠᠶᠢᠵᠤ᠂ ᠠᠵᠤ ᠠᠬᠤᠢ ᠶᠢᠨ ᠦᠷ᠎ᠡ ᠠᠰᠢᠭ ᠲᠠᠢ ᠪᠥᠭᠡᠳ ᠠᠮᠢ ᠠᠬᠤᠢ ᠶᠢᠨ ᠦᠨ᠎ᠡ ᠦᠷᠳᠡᠭ ᠲᠠᠢ ᠪᠠᠶᠢᠵᠤ᠂ ᠵᠢᠩᠬᠢᠨᠢ ᠦᠷ᠎ᠡ ᠶᠢᠨ ᠢᠨᠵᠧᠨᠧᠷᠢᠩ ᠪᠣᠯᠤᠨ᠎ᠠ᠃ ᠳᠠᠷᠬᠠᠨ  ᠮᠤᠤᠮᠢᠩᠭᠠᠨ ᠤ ᠠᠭᠤᠷ ᠠᠮᠢᠰᠬᠤᠯ ᠪᠣᠯᠤᠨ ᠬᠥᠷᠥᠰᠥ ᠰᠢᠷᠣᠢ ᠶᠢᠨ ᠨᠥᠬᠦᠴᠡᠯ ᠲᠠᠢ ᠭᠦᠢᠴᠡᠳ ᠤᠶᠠᠯᠳᠤᠭᠤᠯᠵᠤ᠂ ᠲᠥᠯᠥᠪᠯᠡᠭᠡ ᠲᠠᠢ ᠪᠠᠷ ᠪᠦᠬᠦ ᠬᠤᠰᠢᠭᠤᠨ ᠤ ᠬᠠᠭᠤᠷᠠᠢ ᠭᠠᠵᠠᠷ ᠲᠤ ᠳᠡᠯᠭᠡᠷᠡᠭᠦᠯᠦᠨ ᠲᠠᠷᠢᠵᠤ᠂ ᠮᠠᠯᠵᠢᠬᠤ ᠣᠷᠣᠨ ᠤ ᠤᠢ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠶᠢ ᠰᠢᠩᠭᠡᠭᠡᠨ ᠠᠪᠬᠤ ᠨᠡᠮᠡᠭᠳᠡᠯ ᠤᠨ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠦᠢᠯᠡᠰ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠵᠦᠩ ᠲᠤ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠬᠤᠶᠠᠳᠤᠭᠠᠷ ᠲᠣᠰᠣ ᠨᠡᠮᠡᠬᠦ ᠥᠷᠲᠡᠭᠡ ᠪᠣᠯᠤᠨ ᠬᠤᠸᠠ ᠢ ᠡᠮᠦᠨ᠎ᠡ ᠭᠠᠷᠴᠠ ᠶᠢᠨ ᠬᠡᠢ ᠨᠡᠮᠡᠬᠦ ᠥᠷᠲᠡᠭᠡ᠂ ᠱᠧᠩ ᠳ᠋ᠠ ᠴᠢᠯᠠᠭᠤᠨ ᠲᠣᠰᠣᠨ ᠤ ᠲᠣᠰᠣ ᠨᠡᠮᠡᠬᠦ ᠥᠷᠲᠡᠭᠡ ᠳᠤ᠂ ᠵᠢᠶᠠ ᠪᠦᠦ ᠯᠢᠶᠠᠩ ᠪᠥᠬᠦ ᠬᠤᠰᠢᠭᠤᠨ ᠤ ᠲᠣᠰᠣ ᠨᠡᠮᠡᠬᠦ᠂ ᠬᠡᠢ ᠨᠡᠮᠡᠬᠦ ᠥᠷᠲᠡᠭᠡ ᠶᠢᠨ ᠣᠳᠣᠬᠢ ᠪᠠᠶᠢᠳᠠᠯ ᠵᠢᠴᠢ ᠲᠥᠯᠥᠪᠵᠢᠭᠦᠯᠭᠡ ᠪᠠᠶᠢᠷᠢᠯᠠᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ᠂ ᠦᠷᠭᠦᠯᠵᠢᠯᠡᠬᠦ᠋ᠢᠴᠡ ᠬᠤᠳᠠᠯᠳᠤᠭᠠᠨ ᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠲᠣᠰᠣ ᠨᠡᠮᠡᠬᠦ᠂ ᠬᠡᠢ ᠨᠡᠮᠡᠬᠦ ᠵᠢᠴᠢ ᠴᠠᠬᠢᠯᠭᠠᠨ ᠴᠡᠨᠡᠭᠯᠡᠬᠦ ᠥᠷᠲᠡᠭᠡ ᠶᠢᠨ ᠨᠢᠭᠡᠳᠦᠯᠲᠡᠢ ᠲᠥᠯᠥᠪᠵᠢᠭᠦᠯᠦᠨ ᠡᠵᠡᠩᠨᠡᠬᠦ ᠠᠵᠢᠯ ᠢ ᠰᠠᠶᠢᠲᠤᠷ ᠬᠢᠵᠦ᠂ ᠭᠠᠵᠠᠷ ᠰᠢᠷᠣᠢ ᠶᠢ ᠬᠤᠷᠢᠶᠠᠨ ᠨᠥᠭᠡᠴᠡᠯᠡᠬᠦ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠤᠷᠢᠲᠠᠯ ᠳᠣᠣᠷ᠎ᠠ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠡᠷᠲᠡᠬᠡᠨ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠦᠷ᠎ᠡ ᠠᠰᠢᠭ ᠢ ᠨᠢ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ᠬᠤᠰᠢᠭᠤᠨ ᠤ ᠤᠳᠤᠷᠢᠳᠤᠯᠭ᠎ᠠ ᠰᠤ᠋ ᠷᠦᠢ ᠹᠧᠩ᠂ ᠶᠠᠨ ᠴᠦᠨ ᠯᠸᠢ᠂ ᠴᠠᠩ ᠬᠤᠩ ᠵᠢᠴᠢ ᠬᠠᠮᠢᠶ᠎ᠠ ᠪᠥᠬᠦᠶ ᠪᠠᠶᠢᠭᠤᠯᠭ᠎ᠠ ᠨᠢᠭᠡᠴᠡ᠂ ᠰᠢᠶᠠᠩ ᠪᠠᠯᠭᠠᠰᠤ᠂ ᠠᠵᠤ ᠠᠬᠤᠶᠢᠯᠠᠯ ᠤᠨ ᠬᠠᠷᠢᠭᠤᠴᠠᠯᠭᠠᠳᠠᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号