ᠴᠡᠪᠡᠷ ᠡᠨᠧᠷᠭᠢ ᠶᠢᠨ ᠠᠵᠤ ᠠᠬᠤᠶᠢᠯᠠᠯ 2024 ᠣᠨ ᠤ 1 - 9 ᠰᠠᠷ᠎ᠠ ᠳᠤ  55.7 ᠳ᠋ᠦᠩᠰᠢᠭᠤᠷ ᠺᠢᠯᠣᠸᠠᠲ ᠴᠠᠭ ᠤᠨ ᠴᠠᠬᠢᠯᠭᠠᠨ ᠭᠠᠷᠭᠠᠪᠠ
ᠨᠡᠶᠢᠲᠡᠯᠡᠭᠰᠡᠨ ᠴᠠᠭ᠄
2024/10/18
      2024 ᠣᠨ ᠤ 9 ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠴᠡᠪᠡᠷ ᠡᠨᠧᠷᠭᠢ ᠶᠢᠨ ᠠᠵᠤ ᠠᠬᠤᠶᠢᠯᠠᠯ ᠨᠡᠶᠢᠲᠡ 55.7 ᠳ᠋ᠦᠩᠰᠢᠭᠤᠷ ᠺᠢᠯᠣᠸᠠᠲ ᠴᠠᠭ  ᠤᠨ ᠴᠠᠬᠢᠯᠭᠠᠨ ᠭᠠᠷᠭᠠᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  69.4 ᠳ᠋ᠦᠩᠰᠢᠭᠤᠷ ᠺᠢᠯᠣᠸᠠᠲ ᠴᠠᠭ ᠠᠴᠠ 19 % ᠪᠠᠷ ᠪᠠᠭᠤᠷᠠᠪᠠ᠃ ᠡᠭᠦᠨ ᠳᠤ ᠰᠠᠯᠬᠢᠨ ᠬᠦᠴᠦᠨ ᠤ ᠴᠠᠬᠢᠯᠭᠠᠨ ᠤ ᠠᠵᠤ ᠠᠬᠤᠶᠢᠯᠠᠯ ᠤᠨ ᠴᠠᠬᠢᠯᠭᠠᠨ ᠭᠠᠷᠭᠠᠯᠲᠠ 50.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  65.2 ᠳ᠋ᠦᠩᠰᠢᠭᠤᠷ ᠺᠢᠯᠣᠸᠠᠲ ᠴᠠᠭ ᠠᠴᠠ 22 % ᠪᠠᠷ ᠪᠠᠭᠤᠷᠠᠪᠠ︔ ᠴᠠᠬᠢᠯᠭᠠᠨ ᠢ 7.6 ᠳ᠋ᠦᠩᠰᠢᠭᠤᠷ ᠺᠢᠯᠣᠸᠠᠲ ᠴᠠᠭ ᠲᠤ ᠬᠢᠵᠠᠭᠠᠷᠯᠠᠵᠤ᠂ ᠴᠠᠬᠢᠯᠭᠠᠨ ᠢ ᠬᠢᠵᠠᠭᠠᠷᠯᠠᠭᠰᠠᠨ ᠨᠣᠷᠮ᠎ᠠ 13 % ᠳᠤ ᠬᠦᠷᠪᠡ᠃ ᠨᠡᠷᠡᠨ ᠡᠨᠧᠷᠭᠢ ᠵᠢᠨ‌‍ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠠᠬᠢᠯᠭᠠᠨ ᠭᠠᠷᠭᠠᠯᠲᠠ 5.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 4.2 ᠳ᠋ᠦᠩᠰᠢᠭᠤᠷ ᠺᠢᠯᠣᠸᠠᠲ ᠴᠠᠭ ᠠᠴᠠ 22% ᠪᠠᠷ ᠳᠡᠭᠡᠭᠰᠢᠯᠡᠪᠡ︔ ᠴᠠᠬᠢᠯᠭᠠᠨ ᠢ ᠬᠢᠵᠠᠭᠠᠷᠯᠠᠭᠰᠠᠨ ᠨᠣᠷᠮ᠎ᠠ 0.46 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠴᠠᠬᠢᠯᠭᠠᠨ ᠢ ᠬᠢᠵᠠᠭᠠᠷᠯᠠᠭᠰᠠᠨ ᠨᠣᠷᠮ᠎ᠠ 7.8% ᠳᠤ ᠬᠦᠷᠴᠦ᠂ ᠶᠡᠷᠦᠩᠬᠡᠶᠢᠯᠡᠨ ᠠᠰᠢᠭᠯᠠᠵᠤ ᠪᠣᠯᠬᠤ ᠴᠠᠭ ᠬᠤᠭᠤᠴᠠᠭ᠎ᠠ 1216 ᠴᠠᠭ ᠪᠣᠯᠪᠠ᠃ 31 ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠦᠢᠯᠡᠳᠬᠦᠨ ᠤ ᠥᠷᠲᠡᠭ ᠨᠡᠶᠢᠲᠡ 8.6 ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号