︽ᠪᠠᠶᠢᠴᠠᠭᠠᠬᠤ︾ ᠬᠦᠴᠦᠨ ᠢᠶᠠᠷ ᠨᠠᠰᠤᠨ ᠳᠤ ᠦᠯᠦ  ᠬᠦᠷᠦᠭᠰᠡᠳ ᠤᠨ ᠪᠤᠶᠢᠵᠢᠯᠳᠠ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2024/10/18
      ︽ᠶᠠᠮᠠᠷ  ᠤᠴᠢᠷ ᠭᠠᠷᠪᠠᠯ  ᠪᠢᠳᠡᠨ ᠳᠤ ᠬᠡᠯᠡᠵᠦ ᠪᠣᠯᠣᠨ᠎ᠠ᠂ ᠪᠢᠳᠡ ᠴᠢᠮ᠎ᠠ ᠶᠢ ᠬᠠᠮᠠᠭᠠᠯᠠᠨ᠎ᠠ︾  ᠃ ︽ᠰᠤᠷᠤᠭᠴᠢ  ᠲᠠ ᠶᠠᠮᠠᠷ ᠬᠦᠴᠢᠷᠳᠡᠯ ᠲᠤᠯᠭᠠᠷᠠᠭᠰᠠᠨ ᠴᠤ ᠰᠠᠨᠠᠭ᠎ᠠ ᠠᠮᠤᠷ ᠪᠠᠶᠢᠭᠠᠷᠠᠢ᠂ ᠪᠢᠳᠡ ᠲᠠᠨ ᠳᠤ ᠬᠠᠪᠰᠤᠷᠤᠯᠭ᠎ᠠ ᠦᠵᠡᠭᠦᠯᠦᠨ᠎ᠡ ᠁︾᠃  ᠤᠳᠠᠭ᠎ᠠ ᠪᠦᠷᠢ ᠶᠢᠨ ᠬᠦᠯᠢᠴᠡᠩᠭᠦᠢ ᠣᠶᠢᠯᠠᠭᠠᠯᠴᠠᠭ᠎ᠠ ᠪᠠ ᠲᠠᠶᠢᠳᠬᠤᠷᠠᠭᠤᠯᠬᠤ ᠳᠠᠭᠤᠨ ᠡᠨᠡ ᠬᠦ ᠠᠵᠢᠯᠯᠠᠬᠤ ᠲᠠᠰᠤᠭ ᠲᠤ ᠰᠤᠨᠤᠰᠳᠠᠬᠤ ᠳᠤ᠂ ᠨᠠᠰᠤᠨ ᠳᠤ ᠥᠯᠥ ᠭᠦᠷᠦᠭᠰᠡᠳ ᠤᠨ ᠬᠡᠤᠬᠡᠳ ᠤᠨ ᠰᠡᠳᠬᠢᠯ ᠳᠠᠬᠢ ᠤᠳᠠᠭᠠᠨ ᠬᠤᠭᠤᠴᠠᠭ᠎ᠠ ᠬᠠᠭᠠᠭᠳᠠᠭᠰᠠᠨ ᠰᠡᠳᠬᠢᠯ ᠤᠨ ᠡᠭᠦᠳᠡ ᠶᠢ  ᠨᠢᠭᠡ ᠨᠢᠭᠡ ᠪᠠᠷ ᠨᠡᠭᠡᠭᠡᠵᠡᠶ᠃     ᠡᠨᠡ ᠪᠣᠯ ᠳᠠᠷᠤᠢ ᠲᠠᠪᠤᠨ ᠡᠮᠡᠭᠲᠡᠢ ᠪᠠᠶᠢᠴᠠᠭᠠᠭᠴᠢ  ᠪᠠᠷ ᠪᠦᠷᠢᠯᠳᠦᠭᠰᠡᠨ ᠵᠠᠯᠠᠭᠤ ᠪᠥᠯᠬᠦᠮ ︽  ᠬᠠᠯᠠᠮᠵᠢ︾ ᠨᠠᠰᠤᠨ ᠳᠤ ᠥᠯᠥ ᠭᠦᠷᠦᠭᠰᠡᠳ  ᠤᠨ  ᠪᠠᠶᠢᠴᠠᠭᠠᠯᠳᠠ ᠶᠢᠨ ᠲᠠᠰᠤᠭ ᠪᠣᠯᠤᠨ᠎ᠠ᠃ ︽ᠬᠠᠯᠠᠮᠵᠢ︾ ᠭᠡᠬᠦ ᠦᠭᠡ ᠨᠢ ︽ᠬᠠᠯᠠᠮᠵᠢᠯᠠᠬᠤ︾᠂ ︽ᠰᠠᠬᠢᠨ ᠬᠠᠮᠠᠭᠠᠯᠠᠬᠤ︾ ᠭᠡᠰᠡᠨ ᠤᠳᠬ᠎ᠠ ᠲᠠᠢ ᠪᠠᠶᠢᠵᠤ᠂ ᠣᠶᠢᠷ᠎ᠠ ᠶᠢᠨ ᠵᠢᠯ  ᠤᠳ ᠲᠤ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶᠠᠨ ᠤ ︽ᠬᠠᠯᠠᠮᠵᠢ︾ ᠨᠠᠰᠤᠨ ᠳᠤ ᠥᠯᠥ ᠭᠦᠷᠦᠭᠰᠡᠳ  ᠤᠨ ᠪᠠᠶᠢᠴᠠᠭᠠᠯᠳᠠ ᠶᠢᠨ ᠲᠠᠰᠤᠭ ᠤᠭ ᠰᠠᠨᠠᠭ᠎ᠠ ᠪᠠᠨ ᠢᠮᠠᠭᠲᠠ ᠪᠠᠲᠤ ᠰᠠᠬᠢᠵᠤ᠂ ᠬᠡᠤᠬᠡᠳ ᠤᠳ ᠢ ᠨᠠᠩ ᠰᠠᠶᠢᠨ ᠥᠰᠬᠡᠨ ᠪᠤᠶᠢᠵᠢᠭᠤᠯᠬᠤ ᠪᠠᠷ ᠬᠠᠷᠠᠯᠲᠠ ᠪᠣᠯᠭᠠᠵᠤ᠂ ᠬᠠᠤᠯᠢ ᠪᠠᠷ ᠵᠠᠰᠠᠬᠤ ᠬᠦᠴᠦᠨ ᠢᠶᠠᠷ ᠲᠠᠯ᠎ᠠ ᠨᠤᠲᠤᠭ ᠤᠨ ᠬᠡᠤᠬᠡᠳ ᠢ ᠰᠠᠬᠢᠨ ᠬᠠᠮᠠᠭᠠᠯᠠᠨ᠎ᠠ᠃ ᠪᠠᠶᠢᠴᠠᠭᠠᠯᠳᠠ ᠶᠢᠨ ᠲᠠᠰᠤᠭ ᠨᠢ ᠢᠮᠠᠭᠲᠠ ᠨᠠᠰᠤᠨ ᠳᠤ ᠥᠯᠥ ᠭᠦᠷᠦᠭᠰᠡᠳ ᠢ ᠪᠠᠶᠢᠴᠠᠭᠠᠬᠤ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠣᠷᠣᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ︽234︾ ︵︽2︾ ᠲᠤᠬᠠᠶᠢᠯᠠᠪᠠᠯ ᠬᠤᠤᠰ ᠬᠡᠯᠡᠨ ᠤ ᠬᠠᠤᠯᠢ ᠲᠦᠭᠡᠮᠡᠯᠵᠢᠭᠦᠯᠬᠦ ᠠᠵᠢᠯ ᠤᠨ ᠵᠠᠭᠪᠤᠷ︔ ︽3︾ ᠲᠤᠬᠠᠶᠢᠯᠠᠪᠠᠯ ᠬᠠᠤᠯᠢ ᠲᠦᠭᠡᠮᠡᠯᠵᠢᠭᠦᠯᠬᠦ ᠠᠵᠢᠯ ᠢ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ ︽ᠭᠤᠷᠪᠠ ᠶᠢ ᠬᠠᠮᠤᠷᠤᠭᠰᠠᠨ ᠵᠠᠩᠭᠢᠯᠠᠭ᠎ᠠ ᠶᠢᠨ ᠬᠤᠭᠤᠴᠠᠭ᠎ᠠ︾︔ ︽4︾ ᠲᠤᠬᠠᠶᠢᠯᠠᠪᠠᠯ ᠰᠤᠷᠭᠠᠭᠤᠯᠢ ᠪᠦᠷᠢ ᠳᠤ ᠬᠦᠷᠬᠦ ᠳᠤ᠂ ᠨᠢᠭᠡ ᠤᠳᠠᠭᠠᠨ ᠤ ᠬᠠᠤᠯᠢ ᠪᠠᠷ ᠵᠠᠰᠠᠬᠤ ᠮᠡᠳᠡᠭᠦᠯᠦᠯᠲᠡ ᠬᠢᠬᠦ᠂ ᠨᠢᠭᠡ ᠤᠳᠠᠭᠠᠨ ᠤ ᠰᠡᠷᠡᠮᠵᠢᠯᠡᠭᠦᠯᠬᠦ ᠬᠥᠮᠦᠵᠢᠯ ᠬᠢᠬᠦ᠂ ᠨᠢᠭᠡ ᠬᠠᠤᠯᠢ ᠲᠦᠭᠡᠮᠡᠯᠵᠢᠭᠦᠯᠬᠦ ᠭᠠᠷ ᠳᠡᠪᠲᠡᠷ ᠣᠯᠭᠤᠨ᠎ᠠ︶ ᠨᠠᠰᠤᠨ ᠳᠤ ᠥᠯᠥ ᠭᠦᠷᠦᠭᠰᠡᠳ  ᠤᠨ ᠬᠠᠮᠠᠭᠠᠯᠠᠬᠤ ᠠᠵᠢᠯ ᠤᠨ ᠵᠠᠭᠪᠤᠷ ᠢ ᠪᠦᠷᠢᠯᠳᠦᠭᠦᠯᠵᠦ᠂ ᠨᠠᠰᠤᠨ ᠳᠤ ᠥᠯᠥ ᠭᠦᠷᠦᠭᠰᠡᠳ ᠲᠤ ᠪᠥᠬᠦ ᠲᠠᠯ᠎ᠠ ᠶᠢᠨ ᠶᠡᠷᠦᠩᠬᠡᠶᠢᠯᠡᠭᠰᠡᠨ ᠬᠠᠤᠯᠢ ᠴᠠᠭᠠᠵᠠ ᠶᠢᠨ ᠬᠠᠮᠠᠭᠠᠯᠠᠯᠲᠠ ᠬᠠᠩᠭᠠᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠭᠰᠠᠨ ᠪᠠᠶᠢᠨ᠎ᠠ᠃ ︽  ᠬᠠᠯᠠᠮᠵᠢ︾ ᠨᠠᠰᠤᠨ ᠳᠤ ᠥᠯᠥ ᠭᠦᠷᠦᠭᠰᠡᠳ ᠤᠨ ᠪᠠᠶᠢᠴᠠᠭᠠᠯᠳᠠ ᠶᠢᠨ ᠲᠠᠰᠤᠭ ᠤᠨ ᠭᠡᠰᠢᠭᠦᠨ  ᠱᠣᠣ ᠵᠢᠶᠠ ᠴᠢ ᠄ ︽ᠪᠢᠳᠡ ᠡᠮᠡᠭᠲᠡᠢ ᠬᠦᠮᠦᠨ ᠤ ᠡᠶᠡᠯᠳᠡᠭ ᠵᠥᠭᠡᠯᠡᠨ ᠵᠠᠩ ᠠᠭᠠᠯᠢ ᠪᠠᠷ ᠨᠠᠰᠤᠨ ᠳᠤ ᠦᠯᠦ ᠬᠦᠷᠦᠭᠰᠡᠳ ᠤᠨ ᠥᠰᠦᠨ ᠪᠤᠶᠢᠵᠢᠬᠤ ᠵᠠᠮ ᠳᠤ ᠨᠢ ᠬᠠᠶᠢᠷ᠎ᠠ ᠬᠠᠯᠠᠮᠵᠢ ᠬᠦᠷᠲᠡᠭᠡᠬᠦ ᠶᠢ ᠬᠦᠰᠡᠵᠦ ᠪᠠᠶᠢᠨ᠎ᠠ︾ ᠭᠡᠵᠦ ᠬᠡᠯᠡᠪᠡ᠃     ᠪᠠᠭᠠᠴᠤᠳ ᠬᠡᠤᠬᠡᠳ ᠪᠣᠯ ᠡᠬᠡ ᠤᠯᠤᠰ ᠤᠨ ᠢᠷᠡᠭᠡᠳᠦᠶ ᠮᠥᠨ᠂ ᠳᠤᠮᠳᠠᠳᠤ ᠶᠢᠨ ᠦᠨᠳᠦᠰᠦᠲᠡᠨ ᠤ ᠬᠦᠰᠡᠯ ᠡᠷᠡᠮᠡᠯᠵᠡᠯ ᠮᠥᠨ᠃ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠠᠯ᠎ᠠ ᠬᠢᠭᠰᠡᠨ ᠨᠠᠰᠤᠨ ᠳᠤ ᠥᠯᠥ ᠭᠦᠷᠦᠭᠰᠡᠳ ᠢ ᠬᠠᠮᠤᠭ ᠤᠨ ᠶᠡᠭᠡ ᠬᠡᠮᠵᠢᠶ᠎ᠡ ᠪᠠᠷ ᠬᠥᠮᠦᠵᠢᠭᠦᠯᠦᠨ ᠠᠪᠤᠷᠠᠵᠤ᠂ ᠨᠠᠰᠤᠨ ᠳᠤ ᠥᠯᠥ ᠭᠦᠷᠦᠭᠰᠡᠳ ᠤᠨ ᠶᠠᠯ᠎ᠠ ᠬᠢᠬᠦ ᠶᠢ ᠴᠢᠩᠭ᠎ᠠ  ᠵᠠᠯᠬᠠᠭᠠᠨ ᠰᠢᠢᠳᠭᠡᠵᠦ᠂ ᠨᠠᠰᠤᠨ ᠳᠤ ᠥᠯᠥ ᠭᠦᠷᠦᠭᠰᠡᠳ ᠤᠨ ᠶᠡᠷᠦᠩᠬᠡᠶᠢᠯᠡᠭᠰᠡᠨ ᠬᠠᠤᠯᠢ ᠴᠠᠭᠠᠵᠠ ᠶᠢᠨ ᠬᠠᠮᠠᠭᠠᠯᠠᠯᠲᠠ ᠶᠢ ᠭᠦᠨᠵᠡᠭᠡᠶᠢᠷᠡᠭᠦᠯᠪᠡ᠃ ᠣᠶᠢᠷ᠎ᠠ ᠶᠢᠨ ᠵᠢᠯ ᠤᠳ ᠲᠤ᠂ ︽ᠬᠠᠯᠠᠮᠵᠢ︾ ᠨᠠᠰᠤᠨ ᠳᠤ ᠥᠯᠥ ᠭᠦᠷᠦᠭᠰᠡᠳ  ᠤᠨ ᠪᠠᠶᠢᠴᠠᠭᠠᠯᠳᠠ ᠶᠢᠨ ᠲᠠᠰᠤᠭ ᠤᠨ ᠰᠢᠨ᠎ᠡ ᠶᠢ ᠡᠭᠦᠳᠦᠨ ᠪᠠᠶᠢᠭᠤᠯᠵᠤ᠂ ᠤᠤᠯ ᠤᠨ ᠬᠡᠷᠡᠭ ᠰᠢᠢᠳᠪᠦᠷᠢᠯᠡᠬᠦ ᠲᠣᠭᠤᠷᠢᠭ ᠢ ᠲᠠᠰ ᠳᠡᠪᠰᠢᠭᠦᠯᠦᠨ ᠥᠭᠡᠷᠡᠴᠢᠯᠡᠵᠦ᠂ ᠯᠠᠪᠯᠠᠨ ᠠᠰᠠᠭᠤᠬᠤ᠂ ᠰᠡᠳᠬᠢᠴᠡ ᠶᠢᠨ ᠵᠢᠯᠣᠭᠤᠳᠤᠯᠭ᠎ᠠ᠂ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠣᠯᠭ᠎ᠠ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ︽ᠨᠢᠭᠡ ᠥᠷᠲᠡᠭᠡᠨ ᠤ ᠮᠠᠶ᠋ᠢᠭ︾ ᠤᠨ ᠯᠠᠪᠯᠠᠨ ᠠᠰᠠᠭᠤᠬᠤ ᠲᠠᠰᠤᠭ ᠢ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠢ ᠪᠠᠶᠢᠴᠠᠭᠠᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠦᠲᠦᠮᠵᠢᠲᠡᠶ ᠠᠬᠢᠭᠤᠯᠪᠠ᠃    ᠲᠦᠪᠡᠭᠲᠡᠢ ᠬᠡᠷᠡᠭ ᠢ ᠰᠢᠢᠳᠪᠦᠷᠢᠯᠡᠬᠦ ᠶᠠᠪᠤᠴᠠ ᠳᠤ᠂ ᠠᠵᠢᠯᠲᠠᠳ ᠦᠷᠬᠦᠯᠵᠢ ᠬᠡᠦᠬᠡᠳ ᠤᠳ ᠤᠨ  ᠤᠴᠠᠷᠠᠯ ᠲᠤᠬᠢᠶᠠᠯᠳᠤᠯ ᠤᠨ ᠲᠦᠯᠦᠭᠡ ᠵᠢᠷᠦᠭᠡ ᠰᠢᠮᠰᠢᠷᠡᠳᠡᠭ᠃ ᠨᠡᠩ  ᠴᠤ ᠲᠡᠳᠡᠨ ᠤ ᠰᠡᠳᠬᠢᠯ  ᠢ ᠵᠤᠪᠠᠭᠠᠳᠠᠭ ᠤᠴᠢᠷ  ᠭᠡᠪᠡᠯ᠂  ᠬᠡᠷᠡᠭ ᠢ ᠲᠠᠰᠤᠯᠵᠤ᠂ ᠮᠠᠭᠤ  ᠬᠦᠮᠦᠨ  ᠢ  ᠪᠠᠷᠢᠪᠴᠢᠯᠠᠵᠠᠢ᠂ ᠭᠡᠲᠡᠯ᠎ᠡ ᠡᠳᠡᠭᠡᠷ ᠤᠴᠠᠷᠠᠯ ᠨᠢ ᠬᠡᠦᠬᠡᠳ  ‍ᠤᠨ‌ᠨᠢᠯᠬ᠎ᠠ ᠪᠠᠭ᠎ᠠ ᠤᠶᠤᠨ ᠰᠠᠨᠠᠭᠠᠨ ᠳᠤ ᠤᠴᠠᠷᠠᠭᠤᠯᠤᠭᠰᠠᠨ ᠬᠤᠤᠷ ᠬᠦᠨᠦᠭᠡᠯ ᠪᠤᠯᠤᠨ ᠰᠡᠳᠬᠢᠯ ᠤᠨ ᠰᠢᠷᠬ᠎ᠠ ᠶᠢ ᠨᠢ ᠬᠡᠷᠬᠢᠨ ᠠᠷᠢᠯᠭᠠᠬᠤ  ᠶᠠᠪᠤᠳᠠᠯ ᠪᠤᠯᠤᠨ᠎ᠠ᠃    ᠠᠵᠢᠯ ᠤᠨ ᠨᠡᠶᠢᠯᠡᠮᠡᠯ ᠬᠦᠴᠦᠨ ᠢ ᠤᠯᠠᠮ ᠨᠢᠭᠡ ᠠᠯᠬᠤᠮ ᠪᠦᠷᠢᠯᠳᠦᠭᠦᠯᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠡᠯ᠎ᠡ ᠵᠦᠢᠯ ᠤᠨ ᠬᠠᠤᠯᠢ ᠴᠠᠭᠠᠵᠠ ᠶᠢᠨ ᠲᠣᠭᠲᠠᠭᠠᠯ ᠢ ᠪᠣᠳᠠᠲᠠᠶ ᠳᠤ ᠨᠠᠶᠢᠳᠠᠪᠤᠷᠢᠵᠢᠭᠤᠯᠤᠨ᠂ ᠨᠠᠷᠢᠯᠢᠭ ᠬᠢᠬᠦ ᠶᠢᠨ ᠲᠥᠯᠥᠭᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠪᠠᠶᠢᠴᠠᠭᠠᠬᠤ ᠬᠤᠷᠢᠶᠠᠨ ᠤ ︽  ᠬᠠᠯᠠᠮᠵᠢ ︾ ᠨᠠᠰᠤᠨ ᠳᠤ ᠥᠯᠥ ᠭᠦᠷᠦᠭᠰᠡᠳ  ᠤᠨ ᠪᠠᠶᠢᠴᠠᠭᠠᠯᠳᠠ ᠶᠢᠨ ᠲᠠᠰᠤᠭ ︽  ᠨᠠᠰᠤᠨ ᠳᠤ ᠥᠯᠥ ᠭᠦᠷᠦᠭᠰᠡᠳ ᠤᠨ ᠪᠠᠶᠢᠴᠠᠭᠠᠬᠤ  +︾ ᠶᠢᠨ ᠰᠢᠨ᠎ᠡ ᠶᠢ ᠡᠭᠦᠳᠬᠦ ᠠᠵᠢᠯ ᠤᠨ ᠠᠷᠭ᠎ᠠ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠴᠠᠭᠠᠬᠤ ᠬᠤᠷᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠪᠠᠶᠢᠩᠭᠤ ᠶᠢᠨ ᠴᠢᠨᠠᠷᠲᠠᠶ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠣᠯᠠᠨ ᠲᠠᠯ᠎ᠠ ᠪᠠᠷ ᠬᠤᠯᠪᠣᠭᠠᠯᠠᠨ ᠬᠥᠳᠡᠯᠦᠯᠴᠡᠵᠦ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠣᠯᠠᠨ ᠲᠠᠯ᠎ᠠ ᠠᠴᠠ ᠣᠯᠠᠨ ᠠᠷᠭ᠎ᠠ ᠵᠠᠮ ᠢᠶᠠᠷ ᠪᠠᠲᠤᠯᠠᠵᠤ᠂ ᠨᠠᠰᠤᠨ ᠳᠤ ᠥᠯᠥ ᠭᠦᠷᠦᠭᠰᠡᠳ ᠲᠤ ᠬᠤᠯᠪᠣᠭᠳᠠᠭᠰᠠᠨ ᠬᠡᠷᠡᠭ ᠢ ᠤᠷᠢᠳᠴᠢᠯᠠᠨ ᠣᠷᠣᠯᠴᠠᠵᠤ ᠪᠦᠬᠦᠨ ᠢ ᠬᠠᠮᠤᠷᠬᠤ ᠶᠢ ᠪᠠᠲᠤᠯᠠᠬᠤ ᠶᠢᠨ ᠬᠠᠮᠲᠤ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ᠂ ᠨᠠᠰᠤᠨ ᠳᠤ ᠥᠯᠥ ᠭᠦᠷᠦᠭᠰᠡᠳ ᠤᠨ ᠰᠡᠳᠬᠢᠴᠡ ᠶᠢᠨ ᠵᠢᠯᠣᠭᠤᠳᠣᠯᠭ᠎ᠠ ᠵᠡᠷᠭᠡ ᠲᠠᠯ᠎ᠠ ᠪᠠᠷ ᠬᠦᠴᠦᠲᠡᠶ ᠪᠠᠲᠤᠯᠠᠭ᠎ᠠ ᠬᠠᠩᠭᠠᠪᠠ᠃   ︽ᠬᠠᠯᠠᠮᠵᠢ︾ ᠨᠠᠰᠤᠨ ᠳᠤ ᠥᠯᠥ ᠭᠦᠷᠦᠭᠰᠡᠳ  ᠤᠨ ᠪᠠᠶᠢᠴᠠᠭᠠᠯᠳᠠ ᠶᠢᠨ ᠲᠠᠰᠤᠭ ᠨᠢ ᠦᠷᠭᠦᠯᠵᠢᠯᠡᠨ ᠴᠢᠳᠠᠪᠤᠷᠢ ᠪᠠᠨ ᠲᠡᠭᠡᠭᠰᠢᠯᠡᠬᠦᠯᠵᠦ᠂ ᠴᠢᠳᠠᠮᠵᠢ ᠪᠠᠨ ᠲᠡᠭᠡᠭᠰᠢᠯᠡᠬᠦᠯᠦᠨ ᠨᠡᠷᠡᠲᠦ ᠲᠡᠮᠳᠡᠭ ᠤᠨ ᠦᠢᠯᠡᠳᠦᠯ ᠢ ᠲᠠᠰᠤᠷᠠᠯᠲᠠ ᠦᠭᠡᠢ  ᠪᠠᠳᠠᠷᠠᠭᠤᠯᠵᠤ᠂  ᠨᠢᠯᠬ᠎ᠠ ᠪᠠᠯᠴᠢᠷ ᠨᠠᠰᠤᠨ ᠤ ᠶᠠᠯᠠᠳᠠᠨ ᠤ ᠡᠮᠦᠨ᠎ᠡ ᠴᠤ ᠲᠡᠷᠡ᠂  ᠬᠤᠤᠷ ᠬᠦᠨᠦᠭᠡᠯ ᠳᠤ ᠤᠴᠠᠷᠠᠭᠰᠠᠨ ᠪᠠᠭᠠᠴᠤᠳ ᠬᠡᠦᠬᠡᠳ ᠤᠨ ᠡᠮᠦᠨ᠎ᠡ ᠴᠤ ᠭᠡᠰᠡᠨ᠂ ᠪᠠᠶᠢᠴᠠᠭᠠᠭᠴᠢ  ᠶᠢᠨ  ᠬᠠᠳᠠᠨ ᠵᠤᠷᠢᠭ ᠪᠣᠯᠣᠨ ᠭᠡᠷ ᠤᠨ ᠠᠬᠠᠮᠠᠳ  ᠤᠨ ᠬᠠᠯᠠᠭᠤᠨ ᠬᠠᠶᠢᠷ᠎ᠠ ᠰᠡᠳᠬᠢᠯᠭᠡ ᠪᠠᠷ ᠬᠥᠯ ᠠᠯᠳᠠᠭᠰᠠᠨ ᠪᠠᠭᠠᠴᠤᠳ ᠤᠨ ᠠᠮᠢᠳᠤᠷᠠᠯ ᠤᠨ ᠬᠦᠰᠡᠯ  ᠢ ᠨᠢ ᠳᠠᠬᠢᠨ ᠤᠯᠭᠤᠵᠤ᠂ ᠠᠮᠢᠳᠤᠷᠠᠯ ᠤᠨ ᠬᠦᠰᠡᠯ  ᠢ ᠨᠢ ᠳᠠᠬᠢᠨ ᠰᠡᠷᠭᠦᠭᠡᠨ᠎ᠡ᠃ ᠨᠠᠰᠤᠨ ᠳᠤ ᠥᠯᠥ ᠭᠦᠷᠦᠭᠰᠡᠳ ᠤᠨ ᠦᠰᠦᠨ ᠪᠤᠶᠢᠵᠢᠬᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠴᠡᠪᠡᠷᠰᠢᠭᠦᠯᠵᠦ᠂ ᠬᠠᠷᠢᠶᠠᠲᠤ ᠣᠷᠣᠨ ᠤ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠠᠤᠯᠢ ᠴᠠᠭᠠᠵᠠ ᠶᠢᠨ ᠬᠠᠮᠠᠭᠠᠯᠠᠯᠲᠠ ᠶᠢᠨ ᠲᠣᠤᠷ ᠢ ᠪᠣᠶ ᠪᠣᠯᠭᠠᠬᠤ ᠬᠡᠷᠡᠭᠲᠡᠶ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号