ᠰᠠᠶᠢᠨ ᠴᠢᠮᠡᠭᠡ︕ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ︽ᠣᠷᠮᠠᠰᠢᠭᠤᠯᠬᠤ ᠬᠤᠰᠢᠭᠤ ᠰᠢᠶᠠᠨ᠂ ᠭᠠᠴᠠᠭ᠎ᠠ ᠲᠣᠰᠬᠤᠨ︾ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/10/18
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ2023 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠡᠭᠦᠷᠭᠡᠯᠡᠭᠰᠡᠨ 10 ᠠᠶᠢᠮᠠᠭ ᠬᠤᠲᠠ ᠳᠤ ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠪᠡ᠃ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠰᠠᠶᠢᠨ ᠬᠤᠰᠢᠭᠤ ᠰᠢᠶᠠᠨ ᠳᠤ 100 ᠲᠦᠮᠡᠨ ᠲᠥᠭᠦᠷᠢᠭ ᠤᠨ ᠱᠠᠩᠨᠠᠯ ᠣᠯᠭᠤᠵᠤ᠂ ᠱᠠᠩᠨᠠᠯ ᠤᠨ ᠪᠡᠯᠡ ᠮᠥᠩᠭᠦ ᠶᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠠᠮᠢᠶᠠᠷᠴᠤ ᠬᠠᠮᠠᠭᠠᠯᠠᠬᠤ ᠵᠡᠷᠭᠡ ᠲᠠᠯ᠎ᠠ ᠶᠢᠨ ᠵᠠᠷᠤᠯᠭ᠎ᠠ ᠳᠤ ᠨᠢᠭᠡᠳᠦᠯᠲᠡᠶ ᠲᠥᠯᠥᠪᠯᠡᠨ ᠬᠡᠷᠡᠭᠯᠡᠨ᠎ᠡ︔ ᠬᠠᠮᠢᠶᠠᠷᠴᠤ ᠬᠠᠮᠠᠭᠠᠯᠠᠭᠰᠠᠨ ᠦᠷ᠎ᠡ ᠪᠦᠲᠦᠮᠵᠢ ᠪᠠᠷ ᠰᠠᠶᠢᠨ ᠭᠠᠴᠠᠭ᠎ᠠ ᠲᠣᠰᠬᠤᠨ ᠤ ᠬᠠᠮᠲᠤ ᠨᠡᠶᠢᠲᠡ ᠳᠤ 10 ᠲᠦᠮᠡᠨ ᠲᠥᠭᠦᠷᠢᠭ ᠤᠨ ᠣᠷᠮᠠᠰᠢᠭᠤᠯᠬᠤ ᠱᠠᠩᠨᠠᠯ ᠣᠯᠭᠤᠵᠤ᠂ ᠱᠠᠩᠨᠠᠯ ᠤᠨ ᠪᠡᠯᠡ ᠮᠥᠩᠭᠦ ᠶᠢ ᠭᠤᠣᠯᠳᠠᠭᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ ᠠᠵᠢᠯ ᠵᠢᠴᠢ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠵᠡᠷᠭᠡ ᠲᠠᠯ᠎ᠠ ᠶᠢᠨ ᠵᠠᠷᠤᠯᠭ᠎ᠠ ᠳᠤ ᠬᠡᠷᠡᠭᠯᠡᠨ᠎ᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠢᠪᠡᠷᠬᠥ᠋ᠷᠢᠶ᠎ᠡ ᠪᠠᠯᠭᠠᠰᠤᠨ ᠤ ᠰᠠᠶᠢᠬᠤᠰᠤ ᠳᠣᠰᠬᠤᠨ ᠤᠷᠮᠠᠰᠢᠭᠤᠯᠬᠤ ᠭᠠᠴᠠᠭ᠎ᠠ ᠳᠣᠰᠬᠤᠨ ᠪᠠᠷ ᠰᠤᠩᠭᠤᠭᠳᠠᠵᠤ᠂ ᠱᠠᠩᠨᠠᠯ ᠤᠨ ᠪᠡᠯᠡ ᠮᠥᠩᠭᠦ ᠣᠯᠪᠠ᠃ ᠲᠠᠷᠠᠭᠠᠴᠢ ᠶᠢᠨ ᠠᠯᠬᠤᠮ ᠳᠤ᠂ ᠪᠤᠭᠤᠲᠤ ᠬᠤᠲᠠ ᠵᠥᠪ ᠲᠠᠯ᠎ᠠ ᠶᠢᠨ ᠰᠢᠯᠢᠳᠡᠭ ᠢ ᠨᠢ ᠰᠣᠩᠭᠤᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠤᠷᠮᠠᠰᠢᠭᠤᠯᠬᠤ ᠡᠲᠡᠭᠡᠳ ᠤᠨ ᠲᠡᠷᠢᠭᠦᠨ ᠤ ᠵᠠᠭᠪᠤᠷ ᠢ ᠳ᠋ᠦᠩᠨᠡᠬᠦ ᠪᠠ ᠤᠬᠠᠭᠤᠯᠤᠨ ᠳᠡᠯᠭᠡᠷᠡᠭᠦᠯᠬᠦ ᠪᠠᠨ ᠴᠢᠩᠭᠠᠷᠠᠭᠤᠯᠤᠨ᠂ ᠤᠷᠮᠠᠰᠢᠭᠤᠯᠬᠤ ᠡᠲᠡᠭᠡᠳ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠨᠡᠶᠢᠲᠡᠯᠢᠭ ᠵᠠᠭᠪᠤᠷ ᠤᠨ ︽ᠴᠣᠯᠭᠤᠢ ᠦᠵᠡᠮᠵᠢ︾ ᠶᠢ ︽ᠣᠶ ᠰᠢᠭᠤᠶ ᠶᠢᠨ ᠦᠵᠡᠮᠵᠢ︾ ᠪᠣᠯᠭᠠᠨ ᠬᠤᠪᠢᠷᠠᠭᠤᠯᠬᠤ ᠶᠢ ᠠᠬᠢᠭᠤᠯᠤᠨ᠂ ᠪᠥᠬᠦ ᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ︽ᠪᠥᠲᠥᠭᠡᠨ ᠪᠠᠶᠢᠭᠤᠯᠵᠤ ᠬᠡᠷᠡᠭᠯᠡᠬᠦ︾ ᠶᠢ ᠪᠦᠲᠦᠮᠵᠢᠲᠡᠶ ᠳᠡᠭᠡᠭᠰᠢᠯᠡᠭᠦᠯᠬᠦ ᠶᠢ ᠳᠠᠶᠢᠴᠢᠯᠠᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号