ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠳᠠᠷᠬᠠᠨ ᠰᠤᠮᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/10/18
      10 ᠰᠠᠷ᠎ᠠ ᠶᠢᠨ 16 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠵᠠᠩ ᡁᠢ ᠴᠢᠶᠠᠩ᠂ ᠳᠡᠳ᠋ ᠬᠤᠷᠢᠶᠠᠨ ᠳᠠᠷᠤᠭ᠎ᠠ ᠵᠢᠴᠢ ᠭᠦᠢᠴᠡᠳᠭᠡᠬᠦ ᠲᠣᠪᠴᠢᠶᠠᠨ ᠤ ᠳᠠᠷᠤᠭ᠎ᠠ ᠨᠠᠷ ᠶᠠᠷᠢᠯᠴᠠᠬᠤ ᠬᠤᠷᠠᠯ ᠬᠤᠷᠠᠯᠳᠣᠭᠤᠯᠤᠭᠰᠠᠨ ᠪᠠ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠬᠡᠯᠪᠡᠷᠢ ᠪᠠᠷ ᠳᠠᠷᠬᠠᠨ ᠰᠤᠮᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠯᠣᠭᠤᠳᠪᠠ᠂ ᠳᠠᠷᠬᠠᠨ ᠰᠤᠮᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠤᠮᠤᠨ ᠳᠠᠷᠤᠭ᠎ᠠ ᠱᠢ ᠶᠠᠨ ᠵᠢᠴᠢ ᠤᠳᠤᠷᠢᠳᠬᠤ ᠪᠠᠭ ᠤᠨ ᠪᠦᠷᠢᠯᠳᠦᠬᠦᠨ᠂ ᠬᠠᠤᠯᠢ ᠴᠠᠭᠠᠵᠠ ᠶᠢᠨ ᠭᠠᠵᠠᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠶᠠᠷᠢᠯᠴᠠᠬᠤ ᠬᠤᠷᠠᠯ ᠳᠡᠭᠡᠷ᠎ᠡ᠂ ᠱᠢ ᠶᠠᠨ ᠡᠨᠡ ᠵᠢᠯ ᠤᠨ ᠳᠠᠷᠬᠠᠨ ᠰᠤᠮᠤ ᠶᠢᠨ ︽ᠰᠢᠭᠦᠭᠴᠢ ᠶᠢᠨ ᠠᠵᠢᠯ ᠤᠨ ᠥᠷᠲᠡᠭᠡ︾ ᠶᠢᠨ ᠠᠵᠢᠯ ᠤᠨ ᠦᠷ᠎ᠡ ᠪᠦᠲᠦᠭᠡᠯ᠂ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠴᠡ ᠵᠢᠴᠢ ᠣᠳᠣᠬᠠᠨ ᠤ ᠠᠵᠢᠯ ᠳᠤ ᠲᠤᠯᠭᠠᠷᠠᠵᠤ ᠪᠠᠶᠢᠭ᠎ᠠ ᠪᠣᠳᠠᠲᠠᠶ ᠬᠦᠴᠢᠷᠳᠡᠯ ᠤᠨ ᠲᠤᠬᠠᠶ ᠰᠠᠨᠠᠯ ᠢᠶᠠᠨ ᠰᠣᠯᠢᠯᠴᠠᠨ ᠬᠤᠪᠢᠶᠠᠯᠴᠠᠵᠤ᠂ ᠬᠤᠷᠠᠯ ᠳᠤ ᠣᠷᠣᠯᠴᠠᠭᠰᠠᠳ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠢᠳᠡ ᠭᠥᠴᠥᠨ  ᠲᠠᠢ ᠪᠠᠷ ᠶᠠᠷᠢᠯᠴᠠᠪᠠ᠃ ᠦᠢᠯᠡᠳᠦᠯᠭᠡ ᠳᠤ ᠰᠠᠭᠤᠷᠢᠯᠠᠨ᠂ ︽ᠡᠬᠢ ᠠᠴᠠ ᠨᠢ ᠠᠳᠬᠤᠵᠤ᠂ ᠭᠠᠷᠬᠤ ᠠᠴᠠ ᠨᠢ ᠡᠮᠦᠨ᠎ᠡ ᠵᠠᠰᠠᠬᠤ ︾ ᠶᠢ ᠪᠠᠷᠢᠮᠲᠠᠯᠠᠵᠤ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠵᠦ᠂ ᠳᠣᠲᠣᠭᠠᠳᠤ ᠳᠠᠭᠠᠨ ᠳᠠᠯᠳᠠ ᠴᠢᠳᠠᠪᠤᠷᠢ ᠪᠠᠨ ᠠᠭᠤᠳᠠᠯᠤᠨ᠂ ᠭᠠᠳᠠᠭᠰᠢ ᠬᠠᠮᠲᠤᠷᠠᠯ ᠬᠦᠴᠦᠨ ᠢᠶᠠᠨ ᠨᠢᠭᠲᠠᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠦᠨᠡᠨ ᠬᠦ ᠳᠡᠭᠡᠭᠰᠢᠯᠡᠭᠦᠯᠦᠨ᠂ ᠠᠷᠠᠳ ᠤᠨ ᠰᠢᠭᠦᠬᠦ ᠬᠤᠷᠢᠶ᠎ᠠ ᠬᠢᠭᠡᠳ ᠦᠨᠳᠦᠰᠦᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ︽ᠬᠠᠮᠲᠤᠪᠠᠷ ᠪᠠᠶᠢᠭᠤᠯᠵᠤ ᠬᠠᠮᠲᠤᠪᠠᠷ ᠵᠠᠰᠠᠵᠤ ᠬᠠᠮᠲᠤᠪᠠᠷ ᠡᠳ᠋ᠯᠡᠬᠦ︾ ᠨᠡᠶᠢᠭᠡᠮ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠣᠶ ᠪᠣᠯᠭᠠᠬᠤ ᠬᠡᠷᠡᠭᠲᠡᠶ ᠭᠡᠵᠦ ᠵᠠᠩ ᡁᠢ ᠴᠢᠶᠠᠩ ᠢᠯᠡᠷᠬᠡᠶᠢᠯᠡᠪᠡ᠃      ᠳᠠᠷᠠᠭᠠᠴᠢ ᠶᠢᠨ ᠠᠯᠬᠤᠮ ᠳᠤ᠂ ᠳᠠᠷᠬᠠᠨ ᠰᠤᠮᠤ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠬᠤ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠷᠭ᠎ᠠ ᠵᠠᠮ ᠢ ᠥᠷᠭᠡᠳᠬᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠶᠡᠳᠡᠭᠦᠯᠬᠦ ᠶᠠᠪᠤᠴᠠ ᠳᠤ ᠬᠠᠤᠯᠢ᠂ ᠶᠣᠰᠣ᠂ ᠨᠠᠶᠢᠷ ᠰᠡᠳᠬᠢᠯᠭᠡ ᠲᠠᠢ ᠪᠠᠷ ᠬᠠᠷᠢᠯᠴᠠᠨ ᠬᠥᠳᠡᠯᠦᠯᠴᠡᠵᠦ᠂ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠰᠢᠢᠳᠪᠦᠷᠢᠯᠡᠵᠦ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠨᠢ ᠬᠠᠮᠢᠭ᠎ᠠ ᠪᠠᠶᠢᠪᠠᠯ᠂ ᠪᠢᠳᠡ ᠳᠡᠨᠳᠡ ᠨᠢ ᠣᠴᠢᠵᠤ ᠦᠢᠯᠡᠴᠢᠯᠡᠭᠦ ᠶᠢ ᠪᠡᠶᠡᠯᠡᠭᠦᠯᠵᠥ᠂ ᠥᠨᠳᠥᠷ ᠲᠦᠪᠰᠢᠨ ᠪᠦᠬᠦᠢ ᠬᠠᠤᠯᠢᠵᠢᠯ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号