ᠰᠢ ᠾᠧ ᠰᠢᠶᠠᠩ ᠤᠨ 4 ᠡᠮᠡᠭᠲᠡᠢ ᠪᠦᠬᠦ ᠤᠯᠤᠰ ᠤᠨ ᠡᠮᠡᠭᠳᠡᠶᠢᠴᠤᠳ ᠤᠨ ᠬᠤᠯᠪᠣᠭᠠᠲᠤ ᠬᠤᠷᠠᠯ ᠤᠨ ︽ᠣᠷᠣᠯᠭ᠎ᠠ ᠪᠠᠭᠠᠲᠠᠢ ᠡᠮᠡᠭᠳᠡᠶᠢᠴᠤᠳ ᠤᠨ ᠬᠤᠶᠠᠷ ᠦᠮᠠᠨ  ᠢ ᠠᠪᠤᠷᠠᠨ ᠲᠤᠰᠠᠯᠠᠬᠤ︾ ᠲᠥᠪ ᠤᠨ ᠳᠤᠰᠬᠠᠢ ᠲᠥᠷᠥᠯ ᠤᠨ ᠱᠠᠩᠨᠠᠯᠲᠤ ᠰᠤᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠥᠩᠭᠦ ᠶᠢ ᠣᠯᠪᠠ
ᠨᠡᠶᠢᠲᠡᠯᠡᠭᠰᠡᠨ ᠴᠠᠭ᠄
2024/10/19
      10 ᠰᠠᠷ᠎ᠠ ᠶᠢᠨ 17 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ 2024 ᠣᠨ ᠤ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠣᠷᠣᠯᠭ᠎ᠠ ᠪᠠᠭᠠᠲᠠᠶ ᠡᠮᠡᠭᠲᠡᠶᠢᠴᠦᠳ ᠤᠨ ᠬᠤᠶᠠᠷ ᠥᠮᠡᠨ ᠢ ᠠᠪᠤᠷᠠᠨ ᠲᠤᠰᠠᠯᠠᠬᠤ︾ ᠲᠥᠪ ᠤᠨ ᠲᠤᠰᠬᠠᠶ ᠳᠥᠷᠥᠯ  ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠪᠠᠯᠠ ᠮᠥᠩᠭᠦ ᠲᠠᠷᠬᠠᠭᠠᠬᠤ ᠶᠣᠰᠣᠯᠠᠯ ᠶᠠᠪᠤᠭᠤᠯᠵᠤ ᠂ ᠮᠠᠨ ᠤ ᠬᠤᠰᠢᠭᠤᠨ ᠤ ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠬᠦ ︽ᠬᠤᠶᠠᠷ ᠥᠮᠡᠨ︾ ᠤ ᠡᠪᠡᠳᠴᠢᠨ ᠲᠠᠢ ᠡᠮᠡᠭᠲᠡᠶᠢᠴᠦᠳ ᠲᠤ 1 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠣᠯᠭᠤᠪᠠ᠃ ᠡᠭᠦᠨ ᠳᠤ᠂ ᠰᠢ ᠾᠧ ᠰᠢᠶᠠᠩ ᠤᠨ 4 ᠡᠮᠡᠭᠲᠡᠶᠢᠴᠦᠳ ᠪᠥᠬᠦ ᠤᠯᠤᠰ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ︽ᠣᠷᠣᠯᠭ᠎ᠠ ᠪᠠᠭᠠᠲᠠᠶ ᠡᠮᠡᠭᠲᠡᠶᠢᠴᠦᠳ ᠤᠨ ᠬᠤᠶᠠᠷ ᠥᠮᠡᠨ ᠢ ᠠᠪᠤᠷᠠᠨ ᠲᠤᠰᠠᠯᠠᠬᠤ︾ ᠲᠥᠪ ᠤᠨ ᠲᠤᠰᠬᠠᠶ ᠳᠥᠷᠥᠯ ᠤᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠨᠡᠶᠢᠲᠡ 4 ᠲᠦᠮᠡᠨ ᠲᠥᠭᠦᠷᠢᠭ ᠭᠥᠷᠳᠡᠪᠡ ᠃ ᠲᠡᠳᠡᠨ ᠳᠤ ᠡᠮᠡᠭᠲᠡᠶᠢᠴᠦᠳ ᠤᠨ ᠬᠤᠯᠪᠣᠭᠠᠨ ᠤ ︽ᠲᠥᠷᠬᠦᠮ ᠤᠨ ᠬᠥᠮᠦᠰ︾ ᠤᠨ ᠬᠠᠯᠠᠭᠤᠨ ᠳᠤᠯᠠᠭᠠᠨ ᠢ ᠮᠡᠳᠡᠷᠡᠭᠦᠯᠵᠦ᠂  ᠨᠠᠮ ᠪᠠ ᠵᠠᠰᠠᠭ ᠤᠨ ᠣᠷᠳᠣᠨ ᠤ ᠴᠢᠩ ᠰᠡᠳᠬᠢᠯ ᠤᠨ ᠬᠠᠶᠢᠷ᠎ᠠ ᠬᠠᠯᠠᠮᠵᠢ ᠶᠢ ᠦᠨᠡᠨ ᠬᠦ ᠬᠦᠷᠭᠡᠪᠡ       ᠶᠣᠰᠣᠯᠠᠯ ᠳᠡᠭᠡᠷ᠎ᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ᠠᠪᠤᠷᠠᠨ ᠲᠤᠰᠠᠯᠠᠬᠤ ᠮᠥᠩᠭᠦ ᠣᠯᠤᠭᠰᠠᠨ ᠡᠪᠡᠳᠴᠢᠨ ᠲᠠᠢ ᠡᠮᠡᠭᠲᠡᠶᠢᠴᠦᠳ ᠲᠤ ᠳᠣᠲᠣᠨᠣ ᠲᠣᠬᠤᠨᠢᠭᠤᠯᠤᠯ ᠬᠦᠷᠭᠡᠭᠰᠡᠨ ᠪᠥᠭᠡᠳ ᠲᠡᠳᠡᠨ ᠤ ᠡᠪᠡᠳᠴᠢᠨ ᠤ ᠪᠠᠶᠢᠳᠠᠯ᠂ ᠡᠳᠡᠭᠡᠷᠡᠯᠳᠡ ᠶᠢᠨ ᠪᠠᠶᠢᠳᠠᠯ ᠪᠣᠯᠤᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠤᠰᠠᠯᠠᠮᠵᠢ ᠬᠦᠷᠲᠡᠭᠰᠡᠨ ᠡᠮᠡᠭᠲᠡᠶᠢᠴᠦᠳ ᠤᠨ ᠬᠦᠴᠢᠷ ᠪᠡᠷᠬᠡᠰᠢᠶᠡᠯ ᠢ ᠵᠣᠷᠢᠭᠲᠠᠢ ᠪᠠᠷ ᠢᠯᠠᠨ ᠳᠠᠪᠠᠵᠤ᠂ ᠠᠮᠢᠳᠤᠷᠠᠯ ᠤᠨ ᠢᠲᠡᠭᠡᠯ ᠢᠶᠠᠨ ᠨᠡᠮᠡᠭᠳᠡᠭᠦᠯᠵᠦ᠂ ᠢᠷᠡᠭᠡᠳᠦᠢ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠡᠪᠡᠳᠴᠢᠨ ᠡᠮᠭᠡᠭ ᠢ ᠢᠯᠠᠨ ᠳᠠᠪᠠᠭ᠋ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠡᠷᠲᠡᠬᠡᠨ ᠡᠷᠡᠭᠦᠯᠵᠢᠬᠦ ᠪᠠᠷ ᠴᠢᠷᠮᠠᠶᠢᠵᠤ᠂ ᠢᠷᠡᠭᠡᠳᠦᠢ ᠶᠢᠨ ᠰᠠᠶᠢᠨ ᠰᠠᠶᠢᠬᠠᠨ ᠰᠢᠨ᠎ᠡ ᠠᠮᠢᠳᠤᠷᠠᠯ ᠢ ᠤᠭᠲᠤᠬᠤ ᠶᠢ ᠵᠣᠷᠢᠭᠵᠢᠭᠤᠯᠪᠠ᠃      ᠤᠢᠢᠷ᠎ᠠ ᠶᠢᠨ ᠵᠢᠯ ᠠᠴᠠ᠂ ᠰᠢ ᠾᠧ ᠰᠢᠶᠠᠩ ᠤᠨ ᠡᠮᠡᠭᠲᠡᠶᠢᠴᠦᠳ ᠤᠨ ᠬᠤᠯᠪᠣᠭ᠎ᠠ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ︽ᠬᠤᠶᠠᠷ ᠥᠮᠡᠨ︾ ᠢ ᠠᠪᠤᠷᠠᠨ ᠲᠤᠰᠠᠯᠠᠬᠤ ᠪᠠᠷ ᠭᠤᠶᠤᠴᠢᠯᠠᠨ ᠮᠡᠳᠡᠭᠦᠯᠬᠦ ᠶᠢ ᠤᠬᠠᠭᠤᠯᠬᠤ᠂ ᠳᠠᠶᠢᠴᠢᠯᠠᠬᠤ᠂ ᠪᠠᠶᠢᠴᠠᠭᠠᠬᠤ᠂ ᠪᠠᠶᠢᠳᠠᠯ ᠢ ᠣᠶᠢᠯᠠᠭᠠᠬᠤ᠂ ᠳᠠᠩᠰᠠᠯᠠᠬᠤ ᠪᠠ ᠠᠪᠤᠷᠠᠨ ᠲᠤᠰᠠᠯᠠᠬᠤ ᠮᠥᠩᠭᠦ ᠲᠠᠷᠬᠠᠭᠠᠬᠤ ᠵᠡᠷᠭᠡ ᠡᠯ᠎ᠡ ᠭᠤᠭᠴᠤᠭ᠎ᠠ ᠶᠢᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠠᠶᠢᠷ᠎ᠠ ᠬᠠᠯᠠᠮᠵᠢ ᠶᠢ ᠡᠮᠡᠭᠲᠡᠢ ᠤᠯᠠᠨ ᠲᠦᠮᠡᠨ ᠤ ᠳᠡᠷᠭᠡᠳᠡ ᠦᠨᠡᠨᠬᠦ ᠬᠦᠷᠭᠡᠪᠡ ᠃ ᠡᠭᠦᠨ ᠤ ᠬᠠᠮᠲᠤ᠂ ᠣᠯᠠᠨ ᠬᠡᠯᠪᠡᠷᠢ᠂ ᠣᠯᠠᠨ ᠠᠷᠭ᠎ᠠ ᠵᠠᠮ ᠢᠶᠠᠷ ᠤᠬᠠᠭᠤᠯᠤᠨ ᠳᠠᠶᠢᠴᠢᠯᠠᠬᠤ ᠠᠵᠢᠯ ᠢ ᠥᠷᠨᠢᠭᠦᠯᠵᠦ᠂ ᠡᠮᠡᠭᠲᠡᠶᠢᠴᠦᠳ ᠤᠨ ᠡᠷᠡᠭᠦᠯ ᠮᠡᠨᠳᠦ ᠶᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠦᠨ᠂ ︽ᠬᠤᠶᠠᠷ ᠥᠮᠡᠨ︾ ᠤ ᠪᠠᠶᠢᠴᠠᠭᠠᠯᠳᠡ ᠶᠢ ᠴᠢᠬᠤᠯᠠᠴᠢᠯᠠᠵᠤ᠂ ᠠᠯᠢ ᠴᠢᠳᠠᠬᠤ ᠪᠠᠷ ᠡᠷᠲᠡ ᠢᠯᠡᠷᠡᠭᠦᠯᠵᠦ᠂ ᠡᠷᠲᠡ ᠰᠡᠷᠭᠡᠶᠢᠯᠡᠵᠦ᠂ ᠡᠷᠲᠡ ᠡᠮᠨᠡᠭᠦᠯᠬᠦ ᠬᠡᠷᠡᠭᠲᠡᠶ᠃      ᠲᠠᠷᠠᠭᠠᠴᠢ ᠶᠢᠨ ᠠᠯᠬᠤᠮ ᠳᠤ᠂ ᠰᠢ ᠾᠧ ᠰᠢᠶᠠᠩ ᠤᠨ ᠡᠮᠡᠭᠲᠡᠶᠢᠴᠦᠳ ᠤᠨ ᠬᠤᠯᠪᠣᠭᠠᠲᠤ ᠬᠤᠷᠠᠯ ︽ᠬᠤᠶᠠᠷ ᠥᠮᠡᠨ︾ ᠤ ᠡᠷᠡᠭᠦᠯ ᠮᠡᠨᠳᠦ ᠶᠢᠨ ᠮᠡᠳᠡᠯᠭᠡ ᠵᠢᠴᠢ ᠠᠪᠤᠷᠠᠨ ᠲᠤᠰᠠᠯᠠᠬᠤ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠪᠡᠳᠴᠢᠨ ᠲᠠᠢ ᠡᠮᠡᠭᠲᠡᠶᠢᠴᠦᠳ ᠢ ᠪᠥᠬᠦ ᠬᠦᠴᠦᠨ ᠢᠶᠠᠷ ᠢᠶᠠᠨ ᠬᠠᠪᠰᠤᠷᠤᠨ ᠬᠦᠴᠢᠷ ᠬᠥᠴᠢᠷ ᠢ ᠳᠣᠭᠤᠯᠵᠤ᠂ ᠵᠣᠪᠠᠭᠤᠷᠢ ᠶᠢ ᠨᠢ ᠰᠢᠢᠳᠪᠥᠷᠢᠯᠡᠨ᠂ ᠲᠡᠳᠡᠨ ᠤ ᠠᠮᠢᠳᠤᠷᠠᠯ ᠳᠤ ᠬᠠᠯᠠᠭᠤᠨ ᠳᠤᠯᠠᠭᠠᠨ ᠬᠥᠰᠡᠯ ᠮᠥᠷᠥᠭᠡᠳᠥᠯ ᠠᠪᠴᠢᠷᠠᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号