ᠵᠢᠶᠠ ᠪᠦᠦ ᠯᠢᠶᠠᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/19
      10 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠢᠶᠠ ᠪᠦᠦ ᠯᠢᠶᠠᠩ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 149 ᠳ᠋ᠦ᠋ᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠹᠦᠵᠢᠶᠠᠨ ᠳᠤ ᠠᠵᠢᠯ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠤᠨ ᠣᠯᠠᠨ ᠤᠯᠤᠰ ᠤᠨ ᠨᠥᠬᠦᠷᠰᠡᠭ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠤᠨ ᠭᠠᠳᠠᠭᠠᠳᠤ ᠯᠤᠭ᠎ᠠ ᠶᠢᠨ ᠨᠥᠬᠦᠷᠰᠡᠭ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠣᠶ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠭᠰᠠᠨ ᠭᠠᠳᠠᠭᠠᠳᠤ ᠶᠢᠨ ᠬᠦᠨᠳᠦᠲᠦ ᠵᠣᠴᠢᠳ ᠲᠠᠢ ᠠᠭᠤᠯᠵᠠᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠴᠡᠷᠢᠭ ᠤᠨ ᠴᠡᠷᠢᠭ ᠤᠨ ᠶᠠᠪᠤᠳᠠᠯ ᠤᠨ ᠣᠨᠣᠯ ᠤᠨ ᠠᠵᠢᠯ ᠤᠨ ᠬᠤᠷᠠᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠷᠪᠠᠨ ᠬᠤᠶᠠᠳᠤᠭᠠᠷ ᠤᠳᠠᠭᠠᠨ ᠤ ᠪᠥᠬᠦ ᠤᠯᠤᠰ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠥᠭᠭᠦᠭᠰᠡᠨ ᠴᠢᠬᠤᠯᠠ ᠵᠠᠬᠢᠳᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ︽ᠮᠥᠩᠭᠦᠨ ᠠᠵᠢᠯᠯᠠᠭ᠎ᠠ︾ ᠶᠢᠨ ᠨᠠᠰᠤᠲᠠᠶᠢᠴᠤᠳ ᠤᠨ ᠰᠠᠶᠢᠨ ᠲᠤᠷᠠᠴᠤᠳ ᠤᠨ ᠲᠥᠯᠥᠭᠡᠯᠡᠭᠴᠢ ᠳᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠤᠨ ᠣᠯᠠᠨ ᠤᠯᠤᠰ ᠤᠨ ᠤᠶᠤᠲᠠᠳ ᠤᠨ ᠰᠢᠨ᠎ᠡ ᠶᠢ ᠡᠭᠦᠳᠬᠦ ᠤᠷᠤᠯᠳᠤᠭᠠᠨ ᠤ ᠰᠤᠷᠤᠭᠴᠢᠳ ᠲᠤ ᠥᠭᠭᠦᠭᠰᠡᠨ ᠴᠢᠬᠤᠯᠠ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠠᠷᠬᠠᠨ  ᠮᠤᠤᠮᠢᠩᠭᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠢᠭᠡ ᠴᠤᠬᠴᠠᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠡᠨᠧᠷᠭᠢ ᠶᠢᠨ ᠲᠣᠭᠤᠷᠢᠨ ᠳᠤ ᠠᠵᠤ ᠦᠢᠯᠡᠰ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠣᠳᠠᠲᠠᠶ ᠠᠳᠬᠤᠵᠤ᠂ ᠪᠣᠳᠠᠲᠤ ᠴᠣᠭᠴᠠ ᠶᠢᠨ ᠠᠵᠤ ᠠᠬᠤᠶ ᠶᠢ ᠬᠦᠴᠦᠷᠬᠡᠭᠵᠢᠭᠦᠯᠵᠦ᠂ ᠮᠠᠨ ᠤ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠵᠤ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠶᠢ ᠥᠨᠳᠥᠷ ᠬᠢᠷᠢ ᠲᠦᠪᠰᠢᠨ ᠢᠶᠠᠷ᠂ ᠴᠢᠨᠠᠷ ᠰᠠᠶᠢᠲᠠᠶ ᠠᠬᠢᠭᠤᠯᠵᠤ᠂ ᠰᠢᠨ᠎ᠡ ᠠᠵᠤ ᠠᠬᠤᠶ ᠶᠢᠨ ᠨᠡᠮᠡᠭᠳᠡᠯ ᠤᠨ ᠲᠦᠢᠯ ᠢ ᠲᠦᠷᠭᠡᠨ ᠴᠣᠭᠴᠠᠯᠠᠬᠤ ᠬᠡᠷᠡᠭᠲᠡᠶ᠃ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠭᠦᠨᠵᠡᠭᠡᠶ ᠠᠭᠤᠰᠤᠯᠴᠠᠯ ᠢ ᠠᠬᠢᠭᠤᠯᠵᠤ᠂ ᠰᠣᠶᠣᠯ ᠵᠢᠭᠤᠯᠴᠢᠯᠠᠯ ᠤᠨ ᠦᠢᠯᠡᠰ ᠢ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠯᠭᠠᠭᠤᠷᠢ ᠠᠵᠤ ᠦᠢᠯᠡᠰ᠂ ᠠᠷᠠᠳ ᠢ ᠪᠠᠶᠠᠵᠢᠭᠤᠯᠬᠤ ᠠᠵᠤ ᠦᠢᠯᠡᠰ ᠪᠣᠯᠭᠠᠬᠤ ᠬᠡᠷᠡᠭᠲᠡᠶ᠃ ᠰᠤᠷᠲᠠᠯ ᠢᠶᠠᠨ ᠦᠷᠭᠦᠯᠵᠢᠯᠡᠨ ᠭᠦᠨᠵᠡᠭᠡᠢ ᠰᠠᠶᠢᠵᠢᠷᠠᠭᠤᠯᠵᠤ᠂ ᠰᠢᠯᠢᠳᠡᠭ ᠰᠤᠷᠲᠠᠯ ᠢᠶᠠᠷ ᠲᠡᠷᠢᠭᠦᠨ ᠤ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠵᠤ᠂ ᠳᠥᠷᠪᠡᠳᠦᠭᠡᠷ ᠤᠯᠠᠷᠢᠯ ᠤᠨ ᠠᠵᠤ ᠠᠬᠤᠢ᠂ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃    ᠬᠤᠷᠠᠯ ᠠᠴᠠ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠨᠡᠶᠢᠲᠡᠯᠢᠭ ᠠᠰᠠᠭᠤᠳᠠᠯ ᠢ ᠬᠠᠷᠭᠤᠭᠤᠯᠤᠨ ᠪᠠᠶᠢᠴᠠᠭᠠᠵᠤ ᠮᠡᠳᠡᠭᠳᠡᠬᠦ ᠠᠵᠢᠯ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠪᠣᠯᠤᠨ ᠲᠥᠪ ᠤᠨ ᠳᠠᠪᠬᠤᠷᠭ᠎ᠠ ᠶᠢᠨ ᠬᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠰᠢᠭᠤᠨ ᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃  ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ︽ᠲᠣᠭᠲᠠᠭᠠᠯ ᠤᠳ︾ ᠳᠤ ᠲᠣᠳᠣᠷᠬᠠᠶᠢᠯᠠᠭᠰᠠᠨ ᠠᠭᠤᠯᠭ᠎ᠠ ᠵᠢᠴᠢ ᠳᠡᠭᠡᠳᠦ ᠱᠠᠲᠤᠨ ᠠᠴᠠ ᠵᠠᠷᠯᠠᠨ ᠮᠡᠳᠡᠭᠳᠡᠭᠰᠡᠨ ᠡᠯ᠎ᠡ ᠲᠦᠷᠦᠯ ᠤᠨ ᠠᠰᠠᠭᠤᠳᠠᠯ ᠲᠠᠢ ᠬᠠᠷᠭᠤᠭᠤᠯᠤᠨ᠂ ᠪᠦᠬᠦ ᠲᠠᠯ᠎ᠠ ᠪᠠᠷ ᠡᠮᠬᠢᠯᠡᠨ ᠪᠦᠷᠢᠳᠬᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠪᠠᠷᠢᠨ ᠮᠡᠳᠡᠵᠦ ᠪᠠᠷᠢᠨ ᠰᠠᠶᠢᠵᠢᠷᠠᠭᠤᠯᠵᠤ᠂ ᠦᠨᠳᠦᠰᠦᠨ ᠱᠠᠲᠤᠨ ᠤ ᠲᠤᠰᠬᠠᠯ ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠢ ᠨᠢᠭᠡ ᠶᠢ  ᠢᠯᠡᠷᠡᠬᠦᠯᠪᠡᠯ᠂ ᠨᠢᠭᠡ ᠶᠢ ᠴᠡᠭᠴᠡᠯᠡᠨ ᠵᠠᠰᠠᠬᠤ ᠶᠢ ᠪᠡᠶᠡᠯᠡᠭᠦᠯᠬᠦ ᠬᠡᠷᠡᠭᠲᠡᠢ᠃     ᠬᠤᠷᠠᠯ ᠠᠴᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠭᠤᠣᠯᠳᠠᠯᠭ᠎ᠠ ᠲᠠᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠪᠠ᠃  ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠤᠯᠤᠰ ᠲᠥᠷᠥ ᠶᠢᠨ ᠵᠣᠭᠰᠣᠴᠠ ᠪᠠᠨ ᠲᠡᠭᠡᠭᠰᠢᠯᠡᠬᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠠᠵᠢᠯ ᠤᠨ ᠴᠢᠬᠤᠯᠠ ᠴᠢᠨᠠᠷ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠬᠢᠨᠠᠨ ᠰᠢᠯᠭᠠᠬᠤ ᠭᠤᠤᠯᠳᠠᠯᠭ᠎ᠠ ᠶᠢ ᠴᠢᠩᠭ᠎ᠠ ᠠᠩᠬᠠᠷᠴᠤ᠂  ᠲᠤᠳᠠᠭᠳᠠᠯ ᠢᠶᠠᠨ ᠪᠥᠬᠦ ᠲᠠᠯ᠎ᠠ ᠪᠠᠷ ᠪᠠᠶᠢᠴᠠᠭᠠᠨ ᠨᠥᠬᠦᠪᠥᠷᠢᠯᠡᠵᠦ᠂ ᠪᠥᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠡᠯ᠎ᠡ  ᠵᠦᠢᠯ ᠤᠨ ᠠᠵᠢᠯ ᠤᠨ ᠡᠭᠦᠷᠭᠡ ᠶᠢ ᠪᠣᠳᠠᠲᠠᠶ ᠪᠥᠭᠡᠳ ᠨᠠᠷᠢᠯᠢᠭ ᠬᠢᠬᠦ ᠬᠡᠷᠡᠭᠲᠡᠶ᠃ ᠪᠣᠳᠠᠲᠠᠢ ᠠᠵᠢᠯ ᠢ ᠪᠣᠳᠠᠲᠠᠢ ᠠᠳᠬᠤᠵᠤ᠂ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠠᠵᠤ ᠦᠢᠯᠡᠰ ᠪᠣᠯᠤᠨ ᠠᠵᠢᠯ ᠣᠯᠭᠤᠯᠲᠠ ᠶᠢᠨ ︽ᠬᠤᠶᠠᠷ ᠵᠠᠩᠭᠢᠯᠠᠭ᠎ᠠ︾ ᠶᠢ ᠴᠢᠩᠭ᠎ᠠ ᠠᠳᠬᠤᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠤᠯᠠᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠡᠯ᠎ᠡ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ᠂ ᠡᠯ᠎ᠡ ᠰᠤᠮᠤ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ  ᠪᠠᠶᠢᠭᠤᠯᠭ᠎ᠠ ᠨᠢᠭᠡᠴᠡ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠠᠬᠢᠵᠢᠭᠦᠯᠦᠨ ᠵᠣᠯᠭᠠᠭᠤᠯᠬᠤ ᠠᠵᠢᠯ ᠢ ᠰᠤᠳᠤᠯᠬᠤ᠂ ᠪᠠᠶᠢᠷᠢᠯᠠᠭᠤᠯᠬᠤ᠂ ᠠᠬᠢᠭᠤᠯᠬᠤ ᠶᠢ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠤᠨ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠷᠠᠯ ᠠᠴᠠ ᠪᠥᠬᠦ ᠬᠤᠰᠢᠭᠤᠨ ᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠠᠮᠠᠷᠠᠭᠤᠯᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ︽ᠡᠪᠡᠰᠦ  ᠪᠡᠯᠴᠢᠭᠡᠷ  ᠬᠡᠷᠡᠯᠴᠢ ᠴᠡᠨᠡᠭ ᠢ  ᠬᠠᠷᠢᠯᠴᠠᠨ ᠨᠥᠬᠦᠪᠥᠷᠢᠯᠡᠬᠦ︾ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠰᠣᠨᠣᠰᠪᠠ᠃ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠲᠤᠬᠠᠶ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠢ ᠦᠷᠭᠦᠯᠵᠢᠯᠡᠨ ᠠᠰᠢᠭᠯᠠᠬᠤ ᠪᠠᠷ ᠬᠠᠷᠠᠯᠲᠠ ᠪᠣᠯᠭᠠᠵᠤ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ᠂ ︽ᠡᠪᠡᠰᠦ  ᠪᠡᠯᠴᠢᠭᠡᠷ  ᠬᠡᠷᠡᠯᠴᠢ ᠴᠡᠨᠡᠭ ᠢ ᠬᠠᠷᠢᠯᠴᠠᠨ ᠨᠥᠬᠦᠪᠥᠷᠢᠯᠡᠬᠦ︾ ᠲᠤᠷᠰᠢᠯᠲᠠ ᠶᠢᠨ ᠴᠡᠭ᠂ ᠮᠠᠯ ᠪᠡᠯᠴᠢᠭᠡᠷ ᠢ ᠨᠢᠭᠡ ᠴᠤᠭᠴᠠᠵᠢᠭᠤᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ ᠠᠬᠢᠭᠤᠯᠵᠤ᠂ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠶᠢᠨ ᠴᠢᠳᠠᠪᠤᠷᠢ ᠶᠢ ᠭᠦᠢᠴᠡᠳ ᠪᠣᠳᠣᠯᠬᠢᠯᠠᠨ᠂ ᠲᠠᠴᠢᠷᠳᠠᠭᠰᠠᠨ ᠨᠤᠲᠤᠭ ᠪᠡᠯᠴᠢᠭᠡᠷ ᠢ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠡᠷᠭᠦᠭᠡᠵᠦ᠂ ᠠᠮᠢ ᠠᠬᠤᠶ ᠶᠢᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠬᠤᠶᠠᠷ ᠲᠥᠯᠥᠭᠡᠯᠡᠭᠴᠢ ᠨᠢᠭᠡ ᠭᠡᠰᠢᠬᠦᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃ ᠠᠵᠢᠯ ᠤᠨ ᠡᠯ᠎ᠡ ᠵᠦᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠲᠠᠪᠴᠠᠩ ᠢ ᠦᠷᠭᠦᠯᠵᠢᠯᠡᠨ ᠪᠠᠶᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠲᠤᠯᠠᠭ᠎ᠠ ᠶᠢ ᠰᠠᠶᠢᠲᠤᠷ ᠬᠢᠵᠦ᠂ ᠥᠷᠭᠡᠨ ᠤᠯᠠᠨ ᠲᠥᠯᠥᠭᠡᠯᠡᠭᠴᠢ ᠭᠡᠰᠢᠭᠦᠳ ᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠶᠢ ᠬᠦᠳᠦᠯᠦᠨ ᠵᠢᠯᠣᠭᠤᠳᠴᠤ᠂ ᠤᠯᠠᠨ ᠲᠦᠮᠡᠨ ᠤ ᠳᠡᠷᠭᠡᠳᠡᠬᠢ  ᠪᠠᠴᠢᠮᠳᠠᠨ ᠰᠠᠨᠳᠤᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠲᠥᠯᠥᠭᠡᠯᠡᠭᠴᠢ ᠭᠡᠰᠢᠭᠦᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠳᠤ ︽  ᠤᠴᠢᠷ ᠪᠤᠯᠭᠠᠨ ᠳᠤ ᠬᠠᠷᠢᠭᠤ ᠥᠭᠴᠦ᠂ ᠶᠠᠪᠤᠳᠠᠯ ᠪᠦᠬᠦᠨ ᠳᠤ ᠨᠠᠶᠢᠳᠠᠪᠤᠷᠢᠵᠢᠭᠤᠯᠤᠯᠲᠠ ᠲᠠᠢ︾ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠪᠦᠬᠦ ᠬᠤᠳᠠ ᠶᠢᠨ 2023 ᠣᠨ ᠤ ᠲᠦᠷᠦᠭᠦᠦ ᠭᠤᠷᠪᠠᠨ ᠤᠯᠠᠷᠢᠯ ᠪᠣᠯᠤᠨ 2024 ᠣᠨ ᠤ ᠨᠢᠭᠡᠳᠦᠭᠡᠷ᠂ ᠬᠤᠶᠠᠳᠤᠭᠠᠷ ᠤᠯᠠᠷᠢᠯ ᠤᠨ ᠲᠣᠭᠤᠷᠢᠨ ᠦᠵᠡᠬᠦ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠱᠠᠯᠠᠪᠳᠠᠭᠤᠯᠤᠨ ᠪᠠᠶᠢᠴᠠᠭᠠᠬᠤ ᠲᠤᠰᠬᠠᠢ ᠮᠡᠳᠡᠭᠦᠯᠦᠯᠲᠡ ᠵᠢᠴᠢ ᠭᠤᠷᠪᠠᠳᠤᠭᠠᠷ ᠤᠯᠠᠷᠢᠯ ᠤᠨ ᠪᠦᠬᠦ ᠬᠤᠳᠠ ᠶᠢᠨ ᠴᠢᠬᠤᠯᠠ ᠶᠡᠭᠡ ᠲᠦᠷᠦᠯ ᠵᠦᠢᠯ ᠤᠨ ᠦᠵᠡᠭᠦᠯᠦᠯᠭᠡ ᠶᠢᠨ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ  ᠰᠤᠨᠤᠰᠪᠠ᠃ ᠲᠦᠷᠦᠯ ᠵᠦᠢᠯ ᠤᠨ ᠦᠵᠡᠭᠦᠯᠦᠯᠭᠡ ᠪᠠᠷ ᠠᠵᠠ ᠲᠣᠬᠢᠶᠠᠯ ᠪᠣᠯᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠦᠴᠦᠯᠡᠬᠦ ᠴᠡᠭ ᠪᠣᠯᠤᠨ ᠰᠢᠪᠲᠤᠯᠤᠯᠲᠠ ᠶᠢᠨ ᠴᠡᠭ ᠢ ᠦᠨᠡᠨ ᠬᠦ ᠣᠨᠣᠪᠴᠢᠲᠠᠢ ᠣᠯᠵᠤ᠂ ᠳᠠᠪᠠᠭᠤᠯᠢᠭ ᠲᠠᠯ᠎ᠠ ᠪᠠᠨ ᠡᠷᠡᠰ ᠭᠤᠶᠢᠪᠢᠰᠢ ᠦᠭᠡᠢ ᠳᠠᠪᠲᠠᠨ ᠪᠣᠯᠪᠠᠰᠤᠷᠠᠭᠤᠯᠵᠤ᠂  ᠲᠤᠳᠠᠭᠳᠠᠯ ᠢᠶᠠᠨ ᠨᠥᠬᠦᠪᠥᠷᠢᠯᠡᠵᠦ᠂ ᠠᠯᠳᠠᠰᠢ ᠭᠠᠷᠬᠤ ᠶᠢ ᠬᠤᠷᠢᠭᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠡᠮᠬᠢ ᠵᠢᠷᠤᠮ ᠲᠠᠢ ᠬᠠᠮᠵᠢᠯᠴᠠᠵᠤ᠂ ᠲᠣᠭᠤᠷᠢᠨ ᠦᠵᠡᠬᠦ ᠴᠡᠭ ᠢ ᠡᠭᠦᠳᠬᠦ ᠵᠡᠷᠭᠡ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠵᠦ᠂ ᠲᠣᠭᠤᠷᠢᠨ ᠦᠵᠡᠬᠦ ᠠᠵᠢᠯᠯᠠᠭ᠎ᠠ ᠳᠤ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠠᠯᠤᠰ ᠬᠡᠲᠦ ᠶᠢ ᠪᠣᠳᠣᠯᠬᠢᠯᠠᠨ᠂ ᠠᠵᠠ ᠲᠣᠬᠢᠶᠠᠯ ᠢ ᠡᠵᠡᠮᠳᠡᠵᠦ᠂ ᠮᠠᠨ ᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠣᠨᠴᠠᠯᠢᠭ ᠲᠠᠢ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢ ᠢᠳᠡᠪᠬᠢᠲᠡᠶ ᠰᠤᠳᠤᠯᠵᠤ᠂ ᠬᠤᠳᠠᠯᠳᠤᠭᠠᠴᠢᠨ ᠤᠷᠢᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠨᠢᠭᠡ ᠪᠦᠯᠦᠭ ᠰᠠᠭᠤᠷᠢ ᠲᠠᠯᠪᠢᠬᠤ᠂ ᠰᠡᠯᠭᠦᠬᠦ ᠬᠦᠴᠦᠨ ᠢ ᠨᠡᠮᠡᠭᠳᠡᠭᠦᠯᠬᠦ᠂ ᠠᠯᠤᠰ ᠬᠡᠲᠦ ᠳᠤ ᠠᠰᠢᠭᠲᠠᠶ ᠰᠠᠶᠢᠨ ᠲᠥᠷᠥᠯ ᠵᠦᠢᠯ ᠢ ᠴᠢᠨᠠᠷ ᠰᠠᠶᠢᠲᠠᠶ ᠲᠥᠯᠥᠪᠯᠡᠨ ᠨᠥᠭᠡᠴᠡᠯᠡᠵᠦ᠂ ᠪᠦᠲᠦᠮᠵᠢᠲᠡᠶ ᠪᠠᠯᠠ ᠣᠷᠣᠭᠤᠯᠤᠯᠲᠠ ᠶᠢ ᠢᠳᠡᠪᠬᠢᠲᠡᠶ ᠥᠷᠭᠡᠳᠬᠡᠨ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号