ᠰᠢᠪᠡᠷᠬᠦ᠋ᠷᠢᠶ᠎ᠡ ᠪᠠᠯᠭᠠᠰᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠪᠦᠯᠬᠦᠮ ᠳᠠᠭᠠᠭᠤᠯᠤᠨ ᠬᠡᠰᠡᠭ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠳᠤ ᠭᠦᠨᠵᠡᠭᠡᠶᠢᠷᠡᠨ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/10/21
      ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠷᠢᠯᠠᠭᠤᠯᠤᠯᠲᠠ ᠵᠢᠴᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ 10 ᠰᠠᠷ᠎ᠠ ᠶᠢᠨ 2 ᠤᠨ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠴᠠᠩ ᠬᠤᠩ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠪᠢᠯᠢᠭᠦᠨ ᠬᠤᠪᠢᠳᠠᠨ ᠬᠠᠮᠢᠶᠠᠷᠬᠤ ᠤᠳᠣᠷᠢᠳᠣᠯᠭ᠎ᠠ ᠵᠢᠴᠢ ᠬᠠᠮᠢᠶ᠎ᠠ ᠪᠥᠬᠦᠶ ᠠᠵᠢᠯᠲᠠᠨ ᠢᠶᠠᠨ ᠳᠠᠭᠠᠭᠤᠯᠤᠨ ᠰᠠᠶᠢᠬᠤᠰᠣ ᠲᠣᠰᠬᠤᠨ᠂ ᠬᠦᠨᠳᠡᠢ ᠲᠠᠯ᠎ᠠ ᠲᠣᠰᠬᠤᠨ ᠵᠢᠴᠢ ᠥᠨᠳᠥᠷᠪᠤᠯᠤᠩ ᠲᠣᠰᠬᠤᠨ ᠤ ᠬᠡᠰᠡᠭ ᠣᠷᠣᠯᠭ᠎ᠠ ᠶᠢᠨ ᠳᠠᠷᠠᠭᠠᠬᠢ 20% ᠶᠢᠨ ᠶᠠᠳᠠᠭᠤ ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠬᠡᠮᠵᠢᠬᠦ ᠡᠷᠦᠬᠡ ᠳᠤ ᠭᠦᠨᠵᠡᠭᠡᠶᠢᠷᠡᠵᠦ᠂ ᠣᠷᠣᠯᠭ᠎ᠠ ᠶᠢᠨ ᠪᠠᠶᠢᠳᠠᠯ ᠢ ᠨᠠᠷᠢᠨ ᠠᠰᠠᠭᠤᠵᠤ᠂ ᠰᠢᠪᠡᠷᠬᠦ᠋ᠷᠢᠶ᠎ᠡ ᠪᠠᠯᠭᠠᠰᠤᠨ ᠤ ᠵᠠᠰᠠᠭ ᠤᠨ ᠣᠷᠳᠣᠨ ᠶᠠᠳᠠᠭᠤ ᠠᠴᠠ ᠠᠩᠭᠢᠵᠢᠷᠠᠭᠰᠠᠨ ᠡᠷᠦᠬᠡ ᠵᠢᠴᠢ ᠬᠢᠨᠠᠨ ᠬᠡᠮᠵᠢᠬᠦ ᠡᠷᠦᠬᠡ ᠳᠤ ᠴᠢᠭᠯᠡᠭᠦᠯᠥᠨ ᠠᠵᠤ ᠦᠢᠯᠡᠰ ᠤᠨ ᠬᠥᠭᠵᠢᠯᠲᠡ ᠪᠠ ᠠᠵᠢᠯ ᠣᠯᠭᠤᠯᠲᠠ ᠶᠢᠨ ᠲᠠᠯ᠎ᠠ ᠪᠠᠷ ᠥᠪᠡᠷ ᠢᠶᠠᠨ ᠲᠣᠭᠲᠠᠭᠠᠭᠰᠠᠨ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠠᠨᠢᠯᠴᠠᠭᠤᠯᠬᠤ ᠶᠢᠨ ᠬᠠᠮᠲᠤ ᠡᠷᠦᠬᠡ ᠶᠢᠨ ᠵᠣᠷᠯᠣᠩ ᠢ ᠬᠡᠷᠡᠭᠯᠡᠵᠦ ᠪᠠᠶᠢᠭ᠎ᠠ ᠪᠠᠶᠢᠳᠠᠯ ᠵᠢᠴᠢ ᠬᠠᠪᠰᠤᠷᠤᠨ ᠲᠡᠳᠬᠦᠬᠦ ᠮᠢᠬᠠᠨ ᠤ ᠬᠤᠨᠢ ᠶᠢ ᠡᠷᠦᠬᠡ ᠳᠤ ᠬᠥᠷᠭᠡᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠡᠳᠡᠨ ᠢ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ ᠪᠠ ᠥᠪᠡᠷ ᠤᠨ ᠴᠢᠷᠮᠠᠶᠢᠯᠭ᠎ᠠ ᠪᠠᠷ ᠢᠶᠠᠨ ᠳᠠᠮᠵᠢᠭᠤᠯᠤᠨ᠂ ᠠᠮᠢᠳᠤᠷᠠᠯ ᠢᠶᠠᠨ ᠤᠯᠠᠮ ᠰᠠᠶᠢᠵᠢᠷᠠᠭᠤᠯᠬᠤ ᠶᠢ ᠵᠣᠷᠢᠭᠵᠢᠭᠤᠯᠪᠠ᠃      ᠴᠠᠩ ᠬᠤᠩ ᠲᠣᠰᠬᠤᠨ ᠤ ᠨᠠᠮ ᠤᠨ ᠡᠭᠦᠷ ᠲᠤ᠂ ᠠᠵᠠ ᠵᠠᠪᠰᠢᠶᠠᠨ ᠢᠶᠠᠷ ᠪᠣᠭᠤᠮᠲᠠ ᠰᠢᠪᠲᠤᠯᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢᠨ ᠮᠠᠲ᠋ᠧᠷᠢᠶᠠᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠭᠰᠡᠨ ᠡᠲᠡᠭᠡᠳ ᠤᠨ ᠣᠷᠣᠯᠭ᠎ᠠ ᠵᠠᠷᠤᠯᠭ᠎ᠠ ᠶᠢᠨ ᠬᠤᠪᠢᠷᠠᠯᠲᠠ ᠶᠢᠨ ᠪᠠᠶᠢᠳᠠᠯ ᠢ ᠣᠨᠣᠪᠴᠢᠲᠠᠶ ᠬᠠᠷᠭᠤᠭᠤᠯᠵᠤ᠂ ᠲᠠᠩᠰᠠ ᠪᠠ ᠪᠣᠳᠠᠲᠠᠶ ᠪᠠᠶᠢᠬᠤ ᠶᠢ ᠪᠠᠲᠤᠯᠠᠬᠤ ᠶᠢᠨ ᠬᠠᠮᠲᠤ ᠰᠢᠪᠡᠷᠬᠦ᠋ᠷᠢᠶ᠎ᠡ ᠪᠠᠯᠭᠠᠰᠤᠨ ᠤ ᠨᠠᠮ ᠤᠨ ᠬᠤᠷᠢᠶᠠᠨ ᠤ ᠥᠪᠡᠰᠦᠪᠡᠨ ᠨᠡᠶᠢᠲᠡᠯᠡᠭᠰᠡᠨ ᠠᠵᠤ ᠦᠢᠯᠡᠰ ᠪᠠ ᠠᠵᠢᠯ ᠣᠯᠭᠤᠯᠲᠠ ᠶᠢᠨ ᠨᠥᠬᠦᠪᠥᠷᠢ ᠶᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠥᠷᠭᠡᠨ ᠢᠶᠠᠷ ᠤᠬᠠᠭᠤᠯᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠬᠢᠨᠠᠨ ᠬᠡᠮᠵᠢᠭᠰᠡᠨ ᠡᠷᠦᠬᠡ ᠶᠢᠨ ᠥᠪᠡᠰᠦᠪᠡᠨ ᠭᠤᠶᠤᠴᠢᠯᠠᠨ ᠮᠡᠳᠡᠭᠦᠯᠬᠦ ᠶᠢ ᠬᠥᠲᠥᠯᠦᠨ ᠵᠢᠯᠣᠭᠤᠳᠬᠤ ᠶᠢᠨ ᠬᠠᠮᠲᠤ ᠡᠯ᠎ᠡ ᠱᠠᠲᠤᠨ ᠤ ᠬᠢᠨᠠᠨ ᠵᠢᠯᠣᠭᠤᠳᠬᠤ ᠳᠤᠮᠳᠠ ᠳᠤᠷᠠᠳᠤᠭᠰᠠᠨ ᠲᠣᠰᠬᠤᠨ ᠤ ᠱᠠᠲᠤᠨ ᠤ ᠠᠰᠠᠭᠤᠳᠠᠯ ᠢ ᠨᠢᠭᠡ ᠠᠴᠠ ᠵᠦᠢᠴᠢᠯᠡᠵᠦ᠂ ᠨᠥᠭᠦᠭᠡ ᠶᠢ ᠮᠡᠳᠡᠵᠥ᠂ ᠥᠪᠡᠷ ᠢᠶᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ ᠭᠡᠵᠦ ᠳᠤᠷᠠᠳᠪᠠ᠃      ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠤᠨᠳᠤᠷ᠂ ᠤᠬᠠᠭᠤᠯᠬᠤ ᠭᠡᠰᠢᠭᠦᠨ ᠠᠶᠤᠩᠭ᠎ᠠ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠰᠦ᠋ ᠰᠢᠤᠢ ᠳ᠋ᠦᠩ ᠵᠢᠴᠢ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠯᠢᠦ ᠫᠦ᠋ ᠴᠢᠶᠠᠨ ᠰᠤᠷᠪᠤᠯᠵᠢᠯᠠᠭ᠎ᠠ ᠳᠤ ᠣᠷᠣᠯᠴᠠᠪᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号