ᠭᠤᠣᠯ ᠤᠨ ᠠᠮᠢ ᠠᠬᠤᠢ ᠶᠢ ᠰᠠᠬᠢᠨ ᠬᠠᠮᠠᠭᠠᠯᠠᠵᠤ᠂ ᠬᠠᠤᠯᠢ ᠪᠤᠰᠤ ᠪᠠᠷ ᠡᠯᠡᠰᠦ ᠮᠠᠯᠳᠠᠬᠤ ᠶᠢ ᠴᠢᠩᠭ᠎ᠠ ᠵᠠᠯᠬᠠᠭᠠᠨ ᠰᠢᠢᠳᠬᠡᠨ᠎ᠡ
ᠨᠡᠶᠢᠲᠡᠯᠡᠭᠰᠡᠨ ᠴᠠᠭ᠄
2024/10/21
      ᠣᠶᠢᠷ᠎ᠠ ᠶᠢᠨ ᠬᠤᠭᠤᠴᠠᠭᠠᠨ ᠳᠤ᠂ ᠪᠤᠭᠤᠲᠤ ᠬᠤᠲᠠ ᠶᠢᠨ ᠰᠢᠤᠸᠠᠢ ᠵᠦᠩ ᠬᠤᠸᠠ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ︵ᠬᠠᠤᠯᠢ ᠶᠢᠨ ᠡᠷᠬᠡᠲᠡᠨ ᠤ ᠲᠥᠯᠥᠭᠡᠯᠡᠭᠴᠢ᠄ ᠵᠠᠩ ᠾᠧ ᠫᠢᠩ︶ ᠦᠪᠤᠷ ᠮᠣᠩᠭᠤᠯ ᠤᠨ ᠦᠪᠠᠷᠳᠠᠬᠡᠠ ᠵᠠᠰᠠᠬᠤ ᠤᠷᠣᠠ ᠤ ᠪᠤᠭᠤᠲᠤ ᠬᠤᠲᠠ ᠶᠢᠨ ᠳᠠᠷᠬᠠᠨ ᠮᠤᠤᠮᠢᠩᠭᠠᠨ ᠬᠤᠯᠪᠣᠭᠠᠲᠤ  ᠬᠤᠰᠢᠭᠤᠨ ᠤ ᠰᠢᠪᠠᠷᠬᠥ᠋ᠷᠢᠶ᠎ᠡ ᠪᠠᠯᠭᠠᠰᠤᠨ ᠤ ᠴᠧᠩ ᠭᠥ᠋ ᠯᠢᠶᠧ ᠳᠣᠰᠬᠤᠨ ᠤ ᠡᠮᠥᠨ᠎ᠡ ᠳᠠᠷᠭᠤᠨ ᠭᠤᠣᠯ ᠤᠨ ᠮᠠᠯᠲᠠᠬᠤ ᠴᠡᠭ ᠲᠤ ᠭᠤᠣᠯ ᠤᠨ ᠵᠠᠮ ᠤᠨ ᠡᠯᠡᠰᠦ ᠮᠠᠯᠲᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ᠲᠡᠮᠳᠡᠭᠯᠡᠯ ᠢ ᠦᠨᠳᠦᠰᠦᠯᠡᠪᠡᠯ᠂ ᠲᠤᠰ ᠺᠣᠮᠫᠠᠨᠢ ᠶᠢᠨ ᠭᠤᠣᠯ ᠤᠨ ᠵᠠᠮ ᠤᠨ ᠡᠯᠡᠰᠦ ᠮᠠᠯᠲᠠᠬᠤ  ᠵᠥᠪᠰᠢᠶᠡᠷᠡᠯ ᠤᠨ ᠦᠨᠡᠮᠯᠡᠯ ᠨᠢ 10 ᠰᠠᠷ᠎ᠠ ᠶᠢᠨ 14 ᠤ ᠡᠳᠦᠷ ᠵᠢᠩᠬᠢᠨᠢ ᠪᠠᠷ ᠬᠤᠭᠤᠴᠠᠭ᠎ᠠ ᠲᠤᠯᠵᠠᠢ᠃ ᠭᠡᠲᠡᠯ᠎ᠡ᠂ ᠵᠥᠪᠰᠢᠶᠡᠷᠡᠯ ᠤᠨ ᠦᠨᠡᠮᠯᠡᠯ ᠨᠢ ᠬᠦᠴᠦᠨ ᠦᠭᠡᠢ ᠪᠣᠯᠣᠭᠰᠠᠨ ᠤ ᠳᠠᠷᠠᠭ᠎ᠠ᠂ ᠲᠤᠰ ᠺᠤᠮᠫᠠᠨᠢ ᠦᠷᠭᠦᠯᠵᠢᠯᠡᠨ ᠬᠠᠤᠯᠢ ᠪᠤᠰᠤ ᠪᠠᠷ ᠡᠯᠡᠰᠦ ᠮᠠᠯᠲᠠᠬᠤ ᠠᠵᠢᠯᠯᠠᠭ᠎ᠠ ᠶᠠᠪᠤᠭᠤᠯᠵᠠᠢ᠃      ᠡᠨᠡ ᠬᠦ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠵᠢᠴᠢ ᠭᠤᠤᠯ ᠤᠨ ᠵᠠᠮ ᠤᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠠᠴᠠ ᠢᠯᠡᠳᠲᠡ ᠵᠥᠷᠢᠴᠡᠭᠰᠡᠨ  ᠦᠢᠯᠡ ᠠᠵᠢᠯᠯᠠᠭ᠎ᠠ ᠶᠢᠨ ᠡᠮᠦᠨ᠎ᠡ᠂ ᠰᠢᠪᠠᠷᠬᠥ᠋ᠷᠢᠶ᠎ᠡ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠦᠳᠲᠡᠷ ᠲᠦᠷᠭᠡᠨ ᠬᠥᠳᠥᠯᠥᠯᠴᠡᠵᠥ᠂ ᠲᠤᠬᠠᠶ ᠶᠢᠨ ᠲᠠᠯᠠᠪᠠᠶ ᠳᠤ ᠬᠦᠷᠴᠦ ᠪᠤᠭᠤᠲᠤ ᠬᠤᠲᠠ ᠶᠢᠨ ᠰᠢᠤᠸᠠᠢ ᠵᠥᠩ ᠬᠤᠸᠠ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠡᠯᠡᠰᠦ ᠮᠠᠯᠲᠠᠬᠤ ᠠᠵᠢᠯᠯᠠᠭ᠎ᠠ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠺᠣᠮᠫᠠᠨᠢ ᠶᠢᠨ ᠬᠠᠷᠢᠭᠤᠴᠠᠯᠭᠠᠲᠠᠨ ᠳᠤ ᠡᠯᠡᠰᠦ ᠮᠠᠯᠲᠠᠬᠤ ᠵᠥᠪᠰᠢᠶᠡᠷᠡᠯ ᠤᠨ ᠦᠨᠡᠮᠯᠡᠯ ᠨᠢ ᠨᠢᠭᠡᠨᠲᠡ ᠬᠤᠭᠤᠴᠠᠭ᠎ᠠ ᠠᠴᠠ ᠬᠡᠲᠦᠷᠡᠭᠰᠡᠨ ᠪᠣᠯᠬᠤᠷ ᠡᠷᠬᠡᠪᠰᠢ ᠪᠣᠶ ᠪᠥᠬᠦᠶ ᠡᠯᠡᠰᠦ ᠮᠠᠯᠲᠠᠬᠤ ᠠᠵᠢᠯ ᠢ ᠲᠡᠷᠡ ᠳᠠᠷᠤᠶ ᠳᠤᠨᠢ ᠵᠣᠭᠰᠣᠭᠠᠬᠤ ᠬᠡᠷᠡᠭᠲᠡᠶ ᠭᠡᠵᠦ ᠲᠣᠳᠣᠷᠬᠠᠶ ᠮᠡᠳᠡᠭᠳᠡᠭᠰᠡᠨ ᠪᠥᠭᠡᠳ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠪᠡᠯ᠂ ᠺᠣᠮᠫᠠᠨᠢ ᠭᠤᠤᠯ ᠤᠨ ᠵᠠᠮ ᠤᠨ ᠤᠤᠯ ᠪᠠᠶᠢᠳᠠᠯ ᠢ ᠰᠡᠷᠭᠦᠭᠡᠬᠦ ᠬᠠᠷᠢᠭᠤᠴᠠᠯᠭ᠎ᠠ ᠶᠢ ᠡᠭᠦᠷᠭᠡᠯᠡᠵᠦ᠂ ᠠᠮᠢ ᠠᠬᠤᠶ ᠶᠢᠨ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠᠲᠠᠶ ᠭᠡᠵᠡᠶ᠃      ᠬᠠᠤᠯᠢ ᠬᠡᠷᠡᠭᠵᠢᠭᠦᠯᠬᠦ ᠠᠩᠭᠢ ᠶᠢᠨ ᠴᠢᠩᠭ᠎ᠠ ᠱᠠᠭᠠᠷᠳᠠᠯᠭ᠎ᠠ ᠳᠣᠤᠷ᠎ᠠ᠂ ᠪᠤᠭᠤᠲᠤ ᠬᠤᠲᠠ ᠶᠢᠨ ᠰᠢᠤᠸᠠᠢ ᠵᠥᠩ ᠬᠤᠸᠠ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠭᠤᠤᠯ ᠤᠨ ᠵᠠᠮ ᠢ ᠰᠡᠷᠭᠦᠭᠡᠬᠦ ᠠᠵᠢᠯ ᠢ ᠡᠬᠢᠯᠡᠨ ᠬᠢᠬᠦ ᠶᠢᠨ ᠬᠠᠮᠲᠤ ᠡᠯᠡᠰᠦ ᠮᠠᠯᠲᠠᠬᠤ ᠲᠥᠬᠦᠭᠡᠷᠦᠮᠵᠢ ᠶᠢ ᠲᠤᠬᠠᠶ ᠶᠢᠨ ᠲᠠᠯᠠᠪᠤᠷ ᠠᠴᠠ ᠤᠬᠤᠷᠢᠭᠤᠯᠤᠨ ᠭᠠᠷᠭᠠᠪᠠ᠃ ᠣᠳᠣᠬᠠᠨ ᠳᠤ᠂ ᠲᠣᠰ ᠺᠣᠮᠫᠠᠨᠢ ᠨᠢᠭᠡᠨᠲᠡ ᠬᠡᠰᠡᠭ ᠭᠤᠤᠯ ᠤᠨ ᠵᠠᠮ ᠢ ᠲᠡᠭᠰᠢᠯᠡᠵᠦ᠂ ᠦᠯᠡᠳᠡᠭᠰᠡᠨ ᠬᠡᠰᠡᠭ ᠭᠤᠤᠯ ᠤᠨ ᠵᠠᠮ ᠢ ᠰᠡᠷᠭᠦᠭᠡᠬᠦ ᠠᠵᠢᠯ ᠮᠥᠨ ᠬᠦ ᠶᠠᠪᠤᠭᠳᠠᠵᠤ ᠪᠠᠶᠢᠨ᠎ᠠ᠃      ᠬᠠᠤᠯᠢ ᠬᠡᠷᠡᠭᠵᠢᠭᠦᠯᠬᠦ ᠠᠩᠭᠢ ᠲᠣᠰ ᠶᠠᠪᠤᠳᠠᠯ ᠢ ᠦᠷᠭᠦᠯᠵᠢᠯᠡᠨ ᠠᠩᠬᠠᠷᠴᠤ᠂ ᠰᠢᠤᠸᠠᠢ ᠵᠥᠩ ᠬᠤᠸᠠ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠶ ᠪᠥᠬᠦᠶ ᠬᠠᠤᠯᠢ ᠪᠤᠰᠤ ᠪᠠᠷ ᠡᠯᠡᠰᠦ ᠮᠠᠯᠲᠠᠬᠤ ᠠᠵᠢᠯᠯᠠᠭ᠎ᠠ ᠶᠢ ᠲᠦᠢᠯᠪᠤᠷᠢᠲᠠᠶ ᠵᠣᠭᠰᠣᠭᠠᠬᠤ ᠶᠢᠨ ᠬᠠᠮᠲᠤ ᠭᠤᠤᠯ ᠤᠨ ᠵᠠᠮ ᠢ ᠰᠡᠷᠭᠦᠭᠡᠬᠦ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠭᠦᠢᠴᠡᠳᠭᠡᠬᠦ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ ᠪᠠᠰᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠤᠯᠠᠨ ᠲᠦᠮᠡᠨ ᠪᠠ ᠠᠵᠤ ᠠᠬᠤᠶᠢᠯᠠᠯ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠭᠤᠣᠯ ᠤᠨ ᠵᠠᠮ ᠤᠨ ᠬᠠᠮᠢᠶᠠᠷᠤᠯᠲᠠ ᠶᠢᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ᠰᠢᠪᠠᠷᠬᠥ᠋ᠷᠢᠶ᠎ᠡ ᠪᠠᠯᠭᠠᠰᠤ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠭᠲᠠᠭᠤᠨ ᠪᠠᠶᠢᠳᠠᠯ ᠢ ᠬᠠᠮᠲᠤ ᠪᠠᠷ ᠬᠠᠮᠠᠭᠠᠯᠠᠨ᠎ᠠ᠃ 
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号