ᠪᠦᠷᠢᠳᠭᠡᠯ ᠤᠨ ᠲᠤᠭ᠎ᠠ ᠪᠠᠷᠢᠮᠲᠠ ᠶᠢᠨ ᠨᠡᠮᠡᠭᠳᠡᠯ ᠨᠢᠳᠦ ᠭᠢᠯᠠᠰᠤᠮ᠎ᠠ ᠪᠠᠶᠢᠪᠠ
ᠨᠡᠶᠢᠲᠡᠯᠡᠭᠰᠡᠨ ᠴᠠᠭ᠄
2024/10/22
      ᠠᠵᠢᠯᠯᠠᠭ᠎ᠠ ᠳᠤ ᠣᠷᠣᠯᠴᠠᠭᠰᠠᠨ ᠬᠥᠮᠦᠨ ᠤ ᠲᠤᠭ᠎ᠠ      9 ᠳ᠋ᠦ᠋ᠭᠡᠷ ᠰᠠᠷ᠎ᠠ ᠶᠢᠨ 30 ᠤ ᠡᠳᠦᠷ ᠠᠴᠠ 10 ᠳ᠋ᠤᠭᠠᠷ ᠰᠠᠷ᠎ᠠ ᠶᠢᠨ 5 ᠤ ᠡᠳᠦᠷ ᠪᠣᠯᠲᠠᠯᠠᠬᠢ ᠬᠤᠭᠤᠴᠠᠭᠠᠨ ᠳᠤ᠂ ᠪᠥᠬᠦ ᠬᠤᠰᠢᠭᠤᠨ ᠳᠤ ᠨᠡᠶᠢᠲᠡ 5 ᠲᠠᠯᠠᠪᠠᠶ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ᠨᠡᠶᠢᠲᠡ 1982 ᠬᠥᠮᠦᠨ ᠣᠷᠣᠯᠴᠠᠵᠤ᠂ ᠠᠳᠠᠯᠢ ᠬᠤᠭᠤᠴᠠᠭᠠᠨ ᠤ ᠬᠢ ᠠᠴᠠ 37.16% ᠪᠠᠷ ᠨᠡᠮᠡᠭᠳᠡᠪᠡ᠃ ᠡᠯ᠎ᠡ ᠵᠦᠢᠯ ᠤᠨ ᠠᠵᠢᠯᠯᠠᠭ᠎ᠠ ᠶᠢᠨ ᠰᠢᠭᠤᠳ ᠡᠵᠡᠩᠨᠡᠯᠲᠡ ᠶᠢᠨ ᠣᠷᠣᠯᠭ᠎ᠠ 9.6 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.18% ᠪᠠᠷ ᠨᠡᠮᠡᠭᠳᠡᠪᠡ᠃ ᠡᠭᠦᠨ ᠳᠤ ᠳᠠᠭᠤᠯᠠᠯᠲᠤ ᠦᠪᠦᠷ ᠮᠤᠩᠭᠤᠯ ᠤᠨ ᠲᠠᠷᠬᠠᠨ ᠮᠤᠤᠮᠢᠩᠭᠠᠨ • ᠲᠠᠯ᠎ᠠ ᠨᠤᠳᠤᠭ ᠤᠨ ᠸᠢᠶᠧᠨᠠ ᠶᠢᠨ ᠤᠯᠠᠨ ᠤᠯᠤᠰ ᠤᠨ ᠮᠤᠷᠢᠨ ᠬᠤᠭᠤᠷ ᠤᠨ ᠶᠡᠭᠡ ᠪᠠᠭᠰᠢ ᠯᠢ ᠪᠦᠸᠧ ᠲᠠᠭᠤᠤ ᠬᠦᠭᠵᠢᠮ ᠤᠨ ᠴᠤᠭᠯᠠᠭᠠᠨ ᠤ ᠲᠤᠰ ᠡᠳᠦᠷ ᠤᠨ ᠲᠢᠶᠠᠲᠷ ︵613 ᠰᠠᠭᠤᠳᠠᠯ︶ ᠤᠨ ᠵᠤᠴᠢᠳ ᠤᠨ ᠰᠠᠭᠤᠳᠠᠯ ᠤᠨ ᠨᠤᠷᠮ᠎ᠠ ᠪᠠᠷᠤᠭ 90% ᠳᠤ ᠬᠦᠷᠴᠦ᠂ ᠠᠵᠢᠯᠯᠠᠭ᠎ᠠ ᠳᠤ ᠤᠷᠤᠯᠴᠠᠭᠰᠠᠨ ᠬᠦᠮᠦᠨ ᠤ ᠲᠤᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 106.7% ᠪᠠᠷ ᠨᠡᠮᠡᠭᠳᠡᠪᠡ᠃ ᠪᠤᠭᠤᠲᠤ ᠬᠤᠲᠠ ᠳᠠᠭᠤᠴᠢᠨ ᠤ ᠲᠤᠰᠬᠠᠢ ᠲᠣᠭᠯᠠᠯᠲᠠ ᠶᠢᠨ ᠲᠤᠰ ᠡᠳᠦᠷ ᠤᠨ ᠲᠣᠭᠯᠠᠯᠲᠠ ᠶᠢᠨ ᠲᠠᠰᠤᠭ ︵200︶ ᠤᠨ ᠵᠣᠴᠢᠨ ᠤ ᠰᠠᠭᠤᠳᠠᠯ ᠤᠨ ᠨᠣᠷᠮ᠎ᠠ 98% ᠳᠤ ᠬᠦᠷᠴᠡᠢ᠃ ᠲᠠᠷᠬᠠᠨ ᠮᠤᠤᠮᠢᠩᠭᠠᠨ ᠤ ᠸᠠᠩ ᠲᠡᠮᠡᠴᠡᠯᠳᠦᠬᠦ ᠤᠷᠤᠯᠳᠤᠭᠠᠨ ᠳᠤ ᠪᠦᠬᠦ ᠤᠷᠤᠨ ᠤ ᠡᠯ᠎ᠡ ᠠᠶᠢᠮᠠᠭ ᠬᠤᠲᠠ ᠵᠢᠴᠢ ᠪᠡᠭᠡᠵᠢᠩ᠂ ᠾᠧᠪᠸᠢ ᠵᠡᠷᠭᠡ ᠪᠤᠰᠤᠳ ᠮᠤᠵᠢ ᠬᠤᠲᠡ ᠶᠢᠨ 300 ᠭᠠᠷᠤᠢ ᠤᠷᠤᠯᠴᠠᠭᠴᠢ ᠶᠢ ᠲᠠᠲᠠᠨ ᠤᠷᠤᠯᠴᠠᠭᠤᠯᠵᠦ᠂ ᠡᠭᠦᠨ ᠳᠤ ᠤᠯᠠᠮᠵᠢᠯᠠᠯᠲᠦ ᠬᠠᠷᠪᠤᠭ᠎ᠠ ᠳᠤ ᠤᠷᠤᠯᠴᠠᠭᠰᠠᠳ ᠨᠡᠶᠢᠲᠡ 162 ᠬᠦᠮᠦᠨ ᠤᠳᠠᠭ᠎ᠠ ᠳᠤ ᠬᠦᠷᠴᠦ᠂ ᠬᠠᠷᠪᠤᠭ᠎ᠠ ᠶᠢᠨ ᠤᠷᠤᠯᠲᠤᠭᠠᠨ ᠳᠤ 186 ᠬᠦᠮᠦᠨ ᠤᠳᠠᠭ᠎ᠠ ᠤᠷᠤᠯᠴᠠᠵᠦ᠂ ᠠᠵᠢᠯᠯᠠᠭ᠎ᠠ ᠳᠤ ᠤᠷᠤᠯᠴᠠᠭᠰᠠᠳ ᠨᠢᠲᠤᠨᠤᠨ ᠤ ᠠᠲᠠᠯᠢ ᠬᠤᠭᠤᠴᠠᠭᠠᠨ ᠤ ᠬᠢ ᠠᠴᠠ 54.3% ᠪᠠᠷ ᠨᠡᠮᠡᠭᠲᠡᠵᠠᠢ᠃      ᠲᠡᠷᠭᠡᠨ ᠤ ᠤᠷᠤᠰᠬᠠᠯ ᠤᠨ ᠬᠡᠮᠵᠢᠶ᠎ᠡ      ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ᠂ ᠪᠦᠬᠦ ᠬᠤᠰᠢᠭᠤᠨ ᠤ ᠬᠢᠯᠢ ᠳᠤ ᠤᠷᠤᠵᠦ ᠢᠷᠡᠭᠰᠡᠨ ᠲᠡᠷᠭᠡ ᠬᠦᠰᠭᠡ ᠨᠡᠶᠢᠳᠡ 27582 ᠪᠠᠶᠢᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.2% ᠪᠠᠷ ᠨᠡᠮᠡᠭᠳᠡᠵᠡᠢ᠃ ᠡᠭᠦᠨ ᠳᠤ᠄ 7 ᠰᠠᠭᠤᠳᠠᠯ ᠠᠴᠠ ᠳᠣᠷᠣᠭᠰᠢᠬᠢ ᠲᠡᠷᠭᠡ ᠬᠥᠰᠬᠡ 27302 ᠪᠠᠶᠢᠵᠤ᠂ 99.0% ᠶᠢ ᠡᠵᠡᠯᠡᠪᠡ︔ 7 ᠰᠠᠭᠤᠳᠠᠯ ᠠᠴᠠ ᠳᠡᠭᠡᠭᠰᠢᠬᠢ ᠲᠡᠷᠭᠡ ᠬᠦᠰᠭᠡ 232 ᠪᠠᠶᠢᠵᠤ᠂ 0.8% ᠶᠢ ᠡᠵᠡᠯᠡᠪᠡ︔ ᠲᠣᠮᠣ ᠬᠡᠯᠪᠡᠷᠢ ᠶᠢᠨ ᠠᠶᠠᠨᠴᠢᠳ ᠤᠨ ᠲᠡᠷᠭᠡ 48 ᠪᠠᠶᠢᠵᠤ᠂ 0.2% ᠢ ᠡᠵᠡᠯᠡᠪᠡ᠃ ᠪᠥᠬᠦ ᠬᠤᠰᠢᠭᠤᠨ ᠤ ᠬᠢᠯᠢ ᠪᠠᠷ ᠣᠷᠣᠵᠤ ᠢᠷᠡᠭᠰᠡᠨ ᠬᠥᠮᠦᠰ ᠪᠠᠷᠤᠭ 14 ᠲᠦᠮᠡ ᠪᠠᠶᠢᠵᠤ᠂ 10 ᠳ᠋ᠤᠭᠠᠷ ᠰᠠᠷ᠎ᠠ ᠶᠢᠨ 1 ᠤ ᠡᠳᠦᠷ ᠬᠢᠯᠢ ᠪᠠᠷ ᠣᠷᠣᠵᠤ ᠢᠷᠡᠭᠰᠡᠨ ᠬᠥᠮᠦᠨ ᠬᠠᠮᠤᠭ ᠠᠷᠪᠢᠨ᠂ ᠪᠠᠷᠤᠭ 2.5 ᠲᠦᠮᠡᠨ ᠬᠥᠮᠦᠨ ᠪᠠᠶᠢᠪᠠ᠃      ᠪᠠᠭᠤᠳᠠᠯ ᠳᠤ ᠬᠤᠨᠤᠭᠰᠠᠳ ᠤᠨ ᠪᠠᠶᠢᠳᠠᠯ      ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ᠂ ᠪᠠᠲᠤᠬᠠᠭᠠᠯᠭ᠎ᠠ ᠪᠠᠯᠭᠠᠰᠤᠨ ᠤ ᠪᠠᠭᠤᠳᠠᠯ ᠤᠨ ᠬᠤᠨᠤᠭ ᠤᠨ ᠬᠦᠮᠦᠨ ᠨᠡᠶᠢᠳᠡ 5617 ᠪᠠᠶᠢᠵᠦ᠂ ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠵᠡᠢ ᠃ ᠪᠠᠭᠤᠳᠠᠯ ᠤᠨ ᠬᠤᠨᠤᠭ ᠤᠨ ᠪᠠᠶᠢᠳᠠᠯ ᠠᠴᠠ ᠦᠵᠡᠪᠡᠯ᠂ 10 ᠳ᠋ᠤᠭᠠᠷ ᠰᠠᠷ᠎ᠠ ᠶᠢᠨ 5 ᠤ ᠡᠳᠦᠷ ᠤᠨ ᠪᠠᠭᠠᠴᠤᠳ ᠪᠠᠲᠤ ᠯᠤᠤ ᠤᠷᠤᠯᠳᠤᠭᠠᠨ ᠤ ᠠᠵᠢᠯᠯᠠᠭ᠎ᠠ ᠶᠢᠨ ᠳᠠᠶᠢᠴᠢᠯᠠᠬᠤ ᠦᠢᠯᠡᠳᠦᠯ ᠬᠠᠮᠤᠭ ᠤᠨ ᠢᠯᠡᠷᠬᠡᠢ ᠪᠠᠶᠢᠵᠤ᠂ ᠪᠠᠭᠤᠳᠠᠯ ᠳᠤ ᠬᠤᠨᠣᠭᠰᠠᠨ ᠬᠥᠮᠥᠨ 809 ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 41.2% ᠢᠶᠠᠷ ᠨᠡᠮᠡᠭᠳᠡᠪᠡ︔ 10 ᠳ᠋ᠤᠭᠠᠷ ᠰᠠᠷ᠎ᠠ ᠶᠢᠨ 3 ᠤ ᠡᠳᠦᠷ ᠬᠤᠨᠣᠭᠰᠠᠨ ᠬᠥᠮᠥᠨ 1051 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠪᠡ︔ 9 ᠳ᠋ᠦ᠋ᠭᠡᠷ ᠰᠠᠷ᠎ᠠ ᠶᠢᠨ 30 ᠤ ᠡᠳᠦᠷ ᠪᠠᠭᠤᠳᠠᠯ ᠳᠤ ᠬᠤᠨᠣᠭᠰᠠᠨ ᠬᠥᠮᠥᠨ 832 ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠪᠡ᠃     
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号