ᠤᠯᠤᠰ ᠤᠨ ᠠᠮᠠᠷᠠᠯᠲᠠ ᠶᠢᠨ ᠪᠠᠶᠠᠷ ᠢᠶᠠᠷ᠂ ᠳᠠᠷᠬᠠᠨ ᠮᠤᠤᠮᠢᠩᠭᠠᠨ ᠤ ᠰᠤᠶᠤᠯ ᠵᠢᠭᠤᠯᠴᠢᠯᠠᠯ ︽ᠬᠢᠷᠢ ᠪᠦᠲᠦᠮᠵᠢ ᠶᠢᠨ ᠬᠠᠭᠤᠳᠠᠰᠤ︾ ᠪᠠᠨ ᠭᠠᠷᠭᠠᠵᠠᠢ
ᠨᠡᠶᠢᠲᠡᠯᠡᠭᠰᠡᠨ ᠴᠠᠭ᠄
2024/10/22
     ᠤᠯᠤᠰ ᠤᠨ ᠪᠠᠶᠠᠷ ᠤᠨ ᠠᠮᠠᠷᠠᠯᠲᠠ ᠪᠠᠷ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠨᠢᠭᠡ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ      ᠳᠠᠭᠤᠯᠠᠯᠲᠤ ᠦᠪᠤᠷ ᠮᠤᠩᠭᠤᠯ ᠤᠨ ᠲᠠᠷᠬᠠᠨ ᠮᠤᠤᠮᠢᠩᠭᠠᠨ • ᠲᠠᠯ᠎ᠠ ᠨᠤᠳᠤᠭ ᠤᠨ ᠸᠢᠶᠧᠨᠠ ᠶᠢᠨ ᠤᠯᠠᠨ ᠤᠯᠤᠰ ᠤᠨ ᠮᠤᠷᠢᠨ ᠬᠤᠭᠤᠷ ᠤᠨ ᠶᠡᠭᠡ ᠪᠠᠭᠰᠢ ᠯᠢ ᠪᠦᠸᠧ ᠲᠠᠭᠤᠤ ᠬᠦᠭᠵᠢᠮ ᠤᠨ ᠴᠤᠭᠯᠠᠭᠠᠨ᠂ ᠲᠠᠷᠬᠠᠨ ᠮᠤᠤᠮᠢᠩᠭᠠᠨ ᠤ ᠸᠠᠩ ᠲᠡᠮᠡᠴᠡᠯᠳᠦᠬᠦ ᠤᠷᠤᠯᠳᠤᠭᠠᠨ᠂ ᠮᠣᠷᠢᠨ ᠤᠷᠤᠯᠳᠤᠭᠠᠨ ᠤ ᠲᠤᠰᠬᠤᠨ ᠤ ᠬᠡᠳᠦ᠂ ᠪᠤᠭᠤᠲᠤ ᠬᠤᠳᠠ ᠶᠢᠨ ᠲᠠᠭᠤᠤ ᠬᠦᠭᠵᠢᠮᠴᠢᠨ ᠤ ᠲᠤᠰᠬᠠᠢ ᠲᠤᠭᠯᠠᠯᠳᠠ᠂ ᠪᠠᠭᠠᠴᠤᠳ ᠪᠠᠳᠤ ᠯᠤᠤ ᠶᠢᠨ ᠦᠷᠢᠰᠦᠯᠳᠦᠬᠡᠨ ᠤ ᠤᠷᠤᠯᠳᠤᠭᠠᠨ · · · ·      ᠠᠵᠢᠯᠯᠠᠭ᠎ᠠ ᠶᠢᠨ ᠬᠡᠯᠪᠡᠷᠢ ᠨᠢ ᠰᠢᠨ᠎ᠡ ᠰᠡᠪᠡᠭᠦᠨ᠂ ᠠᠭᠤᠯᠭ᠎ᠠ ᠨᠢ ᠪᠠᠶᠠᠯᠢᠭ ᠪᠠᠶᠢᠵᠤ᠂ ᠪᠠᠶᠠᠷ ᠤᠨ ᠡᠳᠦᠷ ᠤᠨ ᠠᠭᠤᠷ ᠠᠮᠢᠰᠬᠤᠯ ᠭᠦᠨ ᠵᠤᠵᠠᠭᠠᠨ      ᠲᠠᠷᠬᠠᠨ ᠮᠤᠤᠮᠢᠩᠭᠠᠨ ᠤ ᠰᠣᠶᠣᠯ ᠵᠢᠭᠤᠯᠴᠢᠯᠠᠯ ᠤᠨ ᠬᠢᠨ ᠨᠢᠭᠡᠨ ᠨᠢᠳᠦ ᠭᠢᠯᠠᠰᠤᠭᠤᠯᠮ᠎ᠠ ᠬᠢᠷᠢ ᠪᠦᠲᠦᠮᠵᠢ ᠶᠢᠨ ᠬᠠᠭᠤᠳᠠᠰᠤ ᠲᠤᠰᠢᠶᠠᠪᠠ01      ᠰᠤᠶᠤᠯ ᠵᠢᠭᠤᠯᠴᠢᠯᠠᠯ ᠤᠨ ᠠᠵᠢᠯᠯᠠᠭ᠎ᠠ ᠭᠤᠴᠣ ᠰᠠᠶᠢᠬᠠᠨ ᠶᠠᠪᠤᠭᠳᠠᠪᠠ      10 ᠳ᠋ᠤᠭᠠᠷ ᠰᠠᠷ᠎ᠠ ᠶᠢᠨ 1 ᠤ ᠤᠷᠤᠢ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠣᠭᠯᠠᠯᠲᠠ ᠶᠢᠨ ᠤᠷᠠᠯᠢᠭ ᠤᠨ ᠲᠥᠪ ᠲᠤ ᠮᠣᠷᠢᠨ ᠬᠤᠭᠤᠷ ᠤᠨ ᠳᠠᠭᠤᠨ ᠬᠠᠩᠭᠢᠨᠠᠨ ᠴᠤᠤᠷᠢᠶᠠᠲᠤᠵᠤ᠂ ︽ᠥᠪᠥᠷ ᠮᠣᠩᠭᠤᠯ ᠤᠨ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠸᠢᠶᠧᠨᠠ ᠶᠢᠨ ᠤᠯᠠᠨ ᠤᠯᠤᠰ ᠤᠨ ᠮᠣᠷᠢᠨ ᠬᠤᠭᠤᠷ ᠤᠨ ᠶᠡᠭᠡ ᠪᠠᠭᠰᠢ ᠯᠢ ᠪᠥᠸᠧ ᠳᠠᠭᠤᠤ ᠬᠥᠭᠵᠢᠮ ᠤᠨ ᠦᠳᠡᠰᠢᠯᠡᠭᠡ︾ ᠠᠳᠡ ᠭᠤᠶᠢᠳᠠ ᠰᠠᠶᠢᠬᠠᠨ ᠲᠣᠭᠯᠠᠵᠤ᠂ ᠴᠢᠪᠬᠠᠳᠠᠰᠤ ᠶᠢᠨ ᠬᠤᠷᠤᠭᠤᠨ ᠦᠵᠦᠭᠦᠷ ᠲᠠᠬᠢ ᠲᠠᠯ᠎ᠠ ᠨᠤᠲᠤᠭ ᠤᠨ ᠪᠠᠶᠢᠭᠠᠯᠢ ᠶᠢᠨ ᠡᠭᠡᠰᠢᠭ ᠢᠶᠠᠷ ᠰᠢᠨ᠎ᠡ ᠳᠤᠮᠳᠠᠳᠤ ᠤᠯᠤᠰ ᠤᠨ 75 ᠵᠢᠯ ᠤᠨ ᠰᠦᠷᠯᠢᠭ ᠰᠠᠶᠢᠬᠠᠨ ᠬᠠᠭᠤᠳᠠᠰᠤ ᠶᠢ ᠮᠠᠭᠲᠠᠨ ᠰᠠᠶᠢᠰᠢᠶᠠᠪᠠ᠃      10 ᠳ᠋ᠤᠭᠠᠷ ᠰᠠᠷ᠎ᠠ ᠶᠢᠨ 2 ᠤᠨ ᠡᠳᠦᠷ᠂ ᠰᠢᠯᠦᠭ ᠵᠢᠷᠤᠭ ᠤᠨ ᠲᠠᠯ᠎ᠠ ᠨᠤᠲᠤᠭ ᠤᠨ ᠤᠷᠭ᠎ᠠ ᠬᠤᠨᠳᠠᠭᠠᠲᠤ 2024 ᠣᠨ ᠤ ᠥᠪᠥᠷ ᠮᠣᠩᠭᠤᠯ • ᠳᠠᠷᠬᠠᠨ ᠮᠤᠤᠮᠢᠩᠭᠠᠨ ᠤ ᠸᠠᠩ ᠲᠡᠮᠡᠴᠡᠯᠳᠦᠬᠦ ᠤᠷᠤᠯᠳᠤᠭᠠᠨ ᠪᠠᠲᠤᠬᠠᠭᠠᠯᠭ᠎ᠠ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠬᠥᠷ ᠬᠥᠭᠵᠢᠶᠡᠨ ᠲᠠᠢ ᠶᠠᠪᠤᠭᠳᠠᠵᠤ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 300 ᠰᠢᠬᠠᠮ ᠲᠠᠮᠢᠷᠴᠢᠳ ᠲᠠᠷᠬᠠᠨ ᠮᠤᠤᠮᠢᠩᠭᠠᠨ ᠳᠤ ᠴᠤᠭᠯᠠᠷᠠᠵᠤ᠂ ᠪᠣᠳᠠᠲᠤ ᠬᠦᠴᠦᠨ ᠪᠣᠯᠤᠨ ᠴᠤᠭ ᠵᠢᠪᠬᠤᠭ᠎ᠠ ᠪᠠᠨ ᠢᠯᠡᠷᠡᠭᠦᠯᠪᠡ᠃      10 ᠳ᠋ᠤᠭᠠᠷ ᠰᠠᠷ᠎ᠠ ᠶᠢᠨ 3 ᠤ ᠡᠳᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠮᠣᠷᠢᠨ ᠤᠷᠤᠯᠳᠤᠭᠠᠨ ᠤ ︽ᠲᠣᠰᠬᠤᠨ ᠤ ᠬᠡᠳᠦ︾ ᠶᠢᠨ ᠬᠤᠯᠪᠣᠭᠠᠲᠤ ᠤᠷᠤᠯᠳᠤᠭᠠᠨ ᠤ ᠶᠢᠰᠦᠳᠦᠭᠡᠷ ᠲᠠᠯᠠᠪᠤᠷ ᠪᠠᠲᠤᠬᠠᠭᠠᠯᠭ᠎ᠠ ᠨᠠᠭᠠᠳᠤᠮ ᠤᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠬᠥᠷ ᠬᠥᠭᠵᠢᠶᠡᠨ ᠲᠠᠢ ᠡᠬᠢᠯᠡᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠠᠴᠠ ᠢᠷᠡᠭᠰᠡᠨ 36 ᠰᠢᠯᠢᠳᠡᠭ ᠤᠶᠠᠭᠠᠴᠢᠳ ᠮᠣᠷᠢ ᠪᠠᠷ ᠢᠶᠠᠨ ᠬᠠᠨᠢᠯᠠᠵᠤ᠂ ᠠᠭᠲᠠ ᠶᠢᠨ ᠨᠢᠷᠤᠭᠤᠨ ᠳᠡᠭᠡᠷᠡᠬᠢ ︽ᠬᠤᠷᠳᠤᠴᠠ ᠪᠠ ᠣᠷᠭᠢᠯᠤᠮ᠎ᠠ ᠰᠡᠳᠬᠢᠯᠭᠡ︾ ᠶᠢ ᠬᠠᠮᠲᠤ ᠪᠠᠷ ᠳᠡᠯᠭᠡᠨ ᠦᠵᠡᠭᠦᠯᠪᠡ᠃      10 ᠳ᠋ᠤᠭᠠᠷ ᠰᠠᠷ᠎ᠠ ᠶᠢᠨ 3 ᠤ ᠣᠷᠣᠢ᠂ ᠪᠤᠭᠤᠲᠤ ᠬᠤᠲᠠ ᠳᠠᠭᠤᠴᠢᠨ᠂ ᠪᠢᠳᠡᠨ ᠤ ᠥᠪᠡᠷᠰᠡᠳ ᠤᠨ ᠳᠠᠭᠤᠤ ᠬᠥᠭᠵᠢᠮ ᠤᠨ ᠦᠳᠡᠰᠢᠯᠡᠭᠡ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠭᠤᠶᠢᠲᠠ ᠰᠠᠶᠢᠬᠠᠨ ᠶᠠᠪᠤᠭᠳᠠᠵᠤ᠂ ᠮᠠᠰᠢ ᠣᠯᠠᠨ ᠪᠤᠭᠤᠲᠤ ᠬᠤᠲᠠ ᠶᠢᠨ ᠨᠡᠷᠡᠲᠦ ᠳᠠᠭᠤᠤ ᠬᠥᠭᠵᠢᠮ ᠤᠨ ᠬᠥᠮᠦᠰ ᠨᠢᠭᠡ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠦᠵᠡᠭᠴᠢᠳ ᠲᠤ ᠨᠢᠭᠡ ᠤᠳᠠᠭᠠᠨ ᠤ ᠥᠪᠡᠷᠮᠢᠴᠡ ᠦᠵᠡᠵᠦ ᠰᠣᠨᠣᠰᠬᠤ ᠨᠠᠨᠳᠢᠨ ᠳᠤᠷᠠᠳᠬᠠᠯ ᠢ ᠬᠤᠴᠤᠷᠭᠠᠪᠠ᠃      10 ᠳ᠋ᠤᠭᠠᠷ ᠰᠠᠷ᠎ᠠ ᠶᠢᠨ 3 ᠤ ᠡᠳᠦᠷ᠂ ᠪᠠᠲᠤ ᠯᠤᠤ ᠪᠠᠭᠠᠲᠤᠷ ᠰᠠᠭᠠᠳ ᠬᠠᠷᠰᠢ ᠶᠢᠨ ᠤᠷᠤᠯᠳᠤᠭᠠᠨ᠂ ᠵᠢᠶᠠ ᠪᠢᠨ ᠰᠣᠶᠣᠯ ᠤᠨ ᠬᠠᠮᠵᠢᠯᠴᠠᠭᠠᠨ ᠤ ᠡᠷᠬᠢᠯᠡᠭᠰᠡᠨ ᠪᠠᠲᠤ ᠯᠤᠤ ᠪᠠᠭᠠᠲᠤᠷ ︵ᠪᠠᠭᠠᠴᠤᠳ︶ ᠤᠨ ᠰᠠᠭᠠᠳ ᠦᠭᠡᠢ ᠤᠷᠤᠯᠳᠤᠭᠠᠨ ︵ᠳᠠᠷᠬᠠᠨ ᠮᠤᠤᠮᠢᠩᠭᠠᠨ ᠥᠷᠲᠡᠭᠡ︶ ᠤ ᠠᠩᠬᠠᠳᠠᠭᠴᠢ ᠤᠷᠤᠯᠳᠤᠭᠠᠨ ᠤᠷᠮ᠎ᠠ ᠰᠡᠳᠬᠢᠯᠭᠡ ᠶᠢ ᠬᠥᠭᠵᠢᠭᠡᠵᠦ᠂ ᠡᠷᠬᠢᠨ ᠲᠣᠭᠤᠷᠢᠨ ᠤ ᠡᠯ᠎ᠡ ᠭᠠᠵᠠᠷ ᠤᠨ 300 ᠭᠠᠷᠤᠶ ᠤᠷᠤᠯᠳᠤᠭᠠᠨ ᠳᠤ ᠣᠷᠣᠯᠴᠠᠭᠰᠠᠳ ᠪᠠ ᠦᠵᠡᠭᠴᠢᠳ ᠢ ᠲᠠᠲᠠᠵᠤ᠂ ᠪᠡᠶ᠎ᠡ ᠶᠢᠨ ᠲᠠᠮᠢᠷ ᠤᠨ ᠤᠷᠤᠯᠳᠤᠭᠠᠨ ᠢ ᠠᠭᠤᠰᠤᠯᠴᠠᠭᠤᠯᠬᠤ᠂ ᠲᠠᠯ᠎ᠠ ᠨᠤᠲᠤᠭ ᠤᠨ ᠵᠠᠩ ᠦᠢᠯᠡ ᠶᠢ ᠨᠢᠭᠡ ᠴᠤᠭᠴᠠᠵᠢᠭᠤᠯᠤᠭᠰᠠᠨ ᠭᠤᠶᠢᠳᠠ ᠰᠠᠶᠢᠬᠠᠨ ᠦᠪᠡᠳᠡᠭᠰᠢ ᠴᠤᠭᠯᠠᠭᠠᠨ ᠢ ᠬᠠᠮᠲᠤ ᠪᠠᠷ ᠭᠡᠷᠡᠴᠢᠯᠡᠪᠡ᠃02      ᠵᠠᠭᠤᠴᠢ ᠶᠢᠨ ᠠᠩᠬᠠᠷᠤᠯ ᠳᠠᠬᠢᠨ ᠨᠢᠭᠡ ᠤᠳᠠᠭ᠎ᠠ ᠬᠦᠷᠢᠶᠡᠨ ᠠᠴᠠ ᠭᠠᠷᠪᠠ      ᠤᠯᠤᠰ ᠤᠨ ᠪᠠᠶᠠᠷ ᠤᠨ ᠬᠤᠭᠤᠴᠠᠭᠠᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠣᠰ ᠲᠣᠰ ᠤᠨ ᠣᠨᠴᠠᠯᠢᠭ ᠲᠠᠢ ᠰᠣᠶᠣᠯ ᠵᠢᠭᠤᠯᠴᠢᠯᠠᠯ ᠤᠨ ᠠᠵᠢᠯᠯᠠᠭ᠎ᠠ ᠨᠢ ᠡᠯ᠎ᠡ ᠱᠠᠲᠤᠨ ᠤ ᠵᠠᠭᠤᠴᠢᠯᠠᠭᠤᠷ ᠤᠨ ᠠᠩᠬᠠᠷᠤᠯ ᠢ ᠳᠠᠬᠢᠨᠲᠠ ᠲᠠᠲᠠᠵᠠᠶ᠂ ᠠᠷᠠᠳ ᠤᠨ ᠰᠦᠯᠵᠢᠶ᠎ᠡ᠂ ᠰᠢᠨᠬᠤᠸᠠ ᠰᠦᠯᠵᠢᠶ᠎ᠡ᠂ ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ᠂ ᠲᠠᠯ᠎ᠠ ᠨᠤᠲᠤᠭ ᠤᠨ ᠡᠭᠦᠯᠡ᠂ ᠥᠪᠥᠷ ᠮᠣᠩᠭᠤᠯ ᠤᠨ ᠡᠳᠦᠷ ᠤᠨ ᠰᠣᠨᠢᠨ᠂ ᠪᠤᠭᠤᠲᠤ ᠶᠢᠨ ᠰᠣᠨᠢᠨ ᠮᠡᠳᠡᠭᠡᠨ ᠤ ᠰᠦᠯᠵᠢᠶ᠎ᠡ ᠵᠡᠷᠭᠡ ᠵᠠᠭᠤᠴᠢᠯᠠᠭᠤᠷ ᠤᠳ ᠣᠯᠠᠨ ᠤᠳᠠᠭ᠎ᠠ ᠠᠩᠬᠠᠷᠤᠯ ᠢᠶᠠᠨ ᠲᠥᠪᠯᠡᠷᠡᠭᠦᠯᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠳᠠᠬᠢᠨᠲᠠ ᠬᠦᠷᠢᠶᠡᠨ ᠠᠴᠠ ᠭᠠᠷᠪᠠ᠃03     ᠪᠦᠷᠢᠳᠭᠡᠯ ᠤᠨ ᠲᠤᠭ᠎ᠠ ᠪᠠᠷᠢᠮᠲᠠ ᠶᠢᠨ ᠨᠡᠮᠡᠭᠳᠡᠯ ᠨᠢᠳᠦ ᠭᠢᠯᠠᠰᠤᠮ᠎ᠠ ᠪᠠᠶᠢᠪᠠ      ᠠᠵᠢᠯᠯᠠᠭ᠎ᠠ ᠳᠤ ᠣᠷᠣᠯᠴᠠᠭᠰᠠᠨ ᠬᠥᠮᠦᠨ ᠤ ᠲᠤᠭ᠎ᠠ      9 ᠳ᠋ᠦ᠋ᠭᠡᠷ ᠰᠠᠷ᠎ᠠ ᠶᠢᠨ 30 ᠤ ᠡᠳᠦᠷ ᠠᠴᠠ 10 ᠳ᠋ᠤᠭᠠᠷ ᠰᠠᠷ᠎ᠠ ᠶᠢᠨ 5 ᠤ ᠡᠳᠦᠷ ᠪᠣᠯᠲᠠᠯᠠᠬᠢ ᠬᠤᠭᠤᠴᠠᠭᠠᠨ ᠳᠤ᠂ ᠪᠥᠬᠦ ᠬᠤᠰᠢᠭᠤᠨ ᠳᠤ ᠨᠡᠶᠢᠲᠡ 5 ᠲᠠᠯᠠᠪᠠᠶ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ᠨᠡᠶᠢᠲᠡ 1982 ᠬᠥᠮᠦᠨ ᠣᠷᠣᠯᠴᠠᠵᠤ᠂ ᠠᠳᠠᠯᠢ ᠬᠤᠭᠤᠴᠠᠭᠠᠨ ᠤ ᠬᠢ ᠠᠴᠠ 37.16% ᠪᠠᠷ ᠨᠡᠮᠡᠭᠳᠡᠪᠡ᠃ ᠡᠯ᠎ᠡ ᠵᠦᠢᠯ ᠤᠨ ᠠᠵᠢᠯᠯᠠᠭ᠎ᠠ ᠶᠢᠨ ᠰᠢᠭᠤᠳ ᠡᠵᠡᠩᠨᠡᠯᠲᠡ ᠶᠢᠨ ᠣᠷᠣᠯᠭ᠎ᠠ 9.6 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 32.18% ᠪᠠᠷ ᠨᠡᠮᠡᠭᠳᠡᠪᠡ᠃ ᠡᠭᠦᠨ ᠳᠤ ᠳᠠᠭᠤᠯᠠᠯᠲᠤ ᠦᠪᠦᠷ ᠮᠤᠩᠭᠤᠯ ᠤᠨ ᠲᠠᠷᠬᠠᠨ ᠮᠤᠤᠮᠢᠩᠭᠠᠨ • ᠲᠠᠯ᠎ᠠ ᠨᠤᠳᠤᠭ ᠤᠨ ᠸᠢᠶᠧᠨᠠ ᠶᠢᠨ ᠤᠯᠠᠨ ᠤᠯᠤᠰ ᠤᠨ ᠮᠤᠷᠢᠨ ᠬᠤᠭᠤᠷ ᠤᠨ ᠶᠡᠭᠡ ᠪᠠᠭᠰᠢ ᠯᠢ ᠪᠦᠸᠧ ᠲᠠᠭᠤᠤ ᠬᠦᠭᠵᠢᠮ ᠤᠨ ᠴᠤᠭᠯᠠᠭᠠᠨ ᠤ ᠲᠤᠰ ᠡᠳᠦᠷ ᠤᠨ ᠲᠢᠶᠠᠲᠷ ︵613 ᠰᠠᠭᠤᠳᠠᠯ︶ ᠤᠨ ᠵᠤᠴᠢᠳ ᠤᠨ ᠰᠠᠭᠤᠳᠠᠯ ᠤᠨ ᠨᠤᠷᠮ᠎ᠠ ᠪᠠᠷᠤᠭ 90% ᠳᠤ ᠬᠦᠷᠴᠦ᠂ ᠠᠵᠢᠯᠯᠠᠭ᠎ᠠ ᠳᠤ ᠤᠷᠤᠯᠴᠠᠭᠰᠠᠨ ᠬᠦᠮᠦᠨ ᠤ ᠲᠤᠭ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 106.7% ᠪᠠᠷ ᠨᠡᠮᠡᠭᠳᠡᠪᠡ᠃ ᠪᠤᠭᠤᠲᠤ ᠬᠤᠲᠠ ᠳᠠᠭᠤᠴᠢᠨ ᠤ ᠲᠤᠰᠬᠠᠢ ᠲᠣᠭᠯᠠᠯᠲᠠ ᠶᠢᠨ ᠲᠤᠰ ᠡᠳᠦᠷ ᠤᠨ ᠲᠣᠭᠯᠠᠯᠲᠠ ᠶᠢᠨ ᠲᠠᠰᠤᠭ ︵200︶ ᠤᠨ ᠵᠣᠴᠢᠨ ᠤ ᠰᠠᠭᠤᠳᠠᠯ ᠤᠨ ᠨᠣᠷᠮ᠎ᠠ 98% ᠳᠤ ᠬᠦᠷᠴᠡᠢ᠃ ᠲᠠᠷᠬᠠᠨ ᠮᠤᠤᠮᠢᠩᠭᠠᠨ ᠤ ᠸᠠᠩ ᠲᠡᠮᠡᠴᠡᠯᠳᠦᠬᠦ ᠤᠷᠤᠯᠳᠤᠭᠠᠨ ᠳᠤ ᠪᠦᠬᠦ ᠤᠷᠤᠨ ᠤ ᠡᠯ᠎ᠡ ᠠᠶᠢᠮᠠᠭ ᠬᠤᠲᠠ ᠵᠢᠴᠢ ᠪᠡᠭᠡᠵᠢᠩ᠂ ᠾᠧᠪᠸᠢ ᠵᠡᠷᠭᠡ ᠪᠤᠰᠤᠳ ᠮᠤᠵᠢ ᠬᠤᠲᠡ ᠶᠢᠨ 300 ᠭᠠᠷᠤᠢ ᠤᠷᠤᠯᠴᠠᠭᠴᠢ ᠶᠢ ᠲᠠᠲᠠᠨ ᠤᠷᠤᠯᠴᠠᠭᠤᠯᠵᠦ᠂ ᠡᠭᠦᠨ ᠳᠤ ᠤᠯᠠᠮᠵᠢᠯᠠᠯᠲᠦ ᠬᠠᠷᠪᠤᠭ᠎ᠠ ᠳᠤ ᠤᠷᠤᠯᠴᠠᠭᠰᠠᠳ ᠨᠡᠶᠢᠲᠡ 162 ᠬᠦᠮᠦᠨ ᠤᠳᠠᠭ᠎ᠠ ᠳᠤ ᠬᠦᠷᠴᠦ᠂ ᠬᠠᠷᠪᠤᠭ᠎ᠠ ᠶᠢᠨ ᠤᠷᠤᠯᠲᠤᠭᠠᠨ ᠳᠤ 186 ᠬᠦᠮᠦᠨ ᠤᠳᠠᠭ᠎ᠠ ᠤᠷᠤᠯᠴᠠᠵᠦ᠂ ᠠᠵᠢᠯᠯᠠᠭ᠎ᠠ ᠳᠤ ᠤᠷᠤᠯᠴᠠᠭᠰᠠᠳ ᠨᠢᠲᠤᠨᠤᠨ ᠤ ᠠᠲᠠᠯᠢ ᠬᠤᠭᠤᠴᠠᠭᠠᠨ ᠤ ᠬᠢ ᠠᠴᠠ 54.3% ᠪᠠᠷ ᠨᠡᠮᠡᠭᠲᠡᠵᠠᠢ᠃      ᠲᠡᠷᠭᠡᠨ ᠤ ᠤᠷᠤᠰᠬᠠᠯ ᠤᠨ ᠬᠡᠮᠵᠢᠶ᠎ᠡ      ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ᠂ ᠪᠦᠬᠦ ᠬᠤᠰᠢᠭᠤᠨ ᠤ ᠬᠢᠯᠢ ᠳᠤ ᠤᠷᠤᠵᠦ ᠢᠷᠡᠭᠰᠡᠨ ᠲᠡᠷᠭᠡ ᠬᠦᠰᠭᠡ ᠨᠡᠶᠢᠳᠡ 27582 ᠪᠠᠶᠢᠵᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.2% ᠪᠠᠷ ᠨᠡᠮᠡᠭᠳᠡᠵᠡᠢ᠃ ᠡᠭᠦᠨ ᠳᠤ᠄ 7 ᠰᠠᠭᠤᠳᠠᠯ ᠠᠴᠠ ᠳᠣᠷᠣᠭᠰᠢᠬᠢ ᠲᠡᠷᠭᠡ ᠬᠥᠰᠬᠡ 27302 ᠪᠠᠶᠢᠵᠤ᠂ 99.0% ᠶᠢ ᠡᠵᠡᠯᠡᠪᠡ︔ 7 ᠰᠠᠭᠤᠳᠠᠯ ᠠᠴᠠ ᠳᠡᠭᠡᠭᠰᠢᠬᠢ ᠲᠡᠷᠭᠡ ᠬᠦᠰᠭᠡ 232 ᠪᠠᠶᠢᠵᠤ᠂ 0.8% ᠶᠢ ᠡᠵᠡᠯᠡᠪᠡ︔ ᠲᠣᠮᠣ ᠬᠡᠯᠪᠡᠷᠢ ᠶᠢᠨ ᠠᠶᠠᠨᠴᠢᠳ ᠤᠨ ᠲᠡᠷᠭᠡ 48 ᠪᠠᠶᠢᠵᠤ᠂ 0.2% ᠢ ᠡᠵᠡᠯᠡᠪᠡ᠃ ᠪᠥᠬᠦ ᠬᠤᠰᠢᠭᠤᠨ ᠤ ᠬᠢᠯᠢ ᠪᠠᠷ ᠣᠷᠣᠵᠤ ᠢᠷᠡᠭᠰᠡᠨ ᠬᠥᠮᠦᠰ ᠪᠠᠷᠤᠭ 14 ᠲᠦᠮᠡ ᠪᠠᠶᠢᠵᠤ᠂ 10 ᠳ᠋ᠤᠭᠠᠷ ᠰᠠᠷ᠎ᠠ ᠶᠢᠨ 1 ᠤ ᠡᠳᠦᠷ ᠬᠢᠯᠢ ᠪᠠᠷ ᠣᠷᠣᠵᠤ ᠢᠷᠡᠭᠰᠡᠨ ᠬᠥᠮᠦᠨ ᠬᠠᠮᠤᠭ ᠠᠷᠪᠢᠨ᠂ ᠪᠠᠷᠤᠭ 2.5 ᠲᠦᠮᠡᠨ ᠬᠥᠮᠦᠨ ᠪᠠᠶᠢᠪᠠ᠃      ᠪᠠᠭᠤᠳᠠᠯ ᠳᠤ ᠬᠤᠨᠤᠭᠰᠠᠳ ᠤᠨ ᠪᠠᠶᠢᠳᠠᠯ      ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ᠂ ᠪᠠᠲᠤᠬᠠᠭᠠᠯᠭ᠎ᠠ ᠪᠠᠯᠭᠠᠰᠤᠨ ᠤ ᠪᠠᠭᠤᠳᠠᠯ ᠤᠨ ᠬᠤᠨᠤᠭ ᠤᠨ ᠬᠦᠮᠦᠨ ᠨᠡᠶᠢᠳᠡ 5617 ᠪᠠᠶᠢᠵᠦ᠂ ᠠᠳᠠᠯᠢ ᠬᠤᠭᠤᠴᠠᠭᠠᠨ ᠤ ᠬᠢ ᠠᠴᠠ 13.9% ᠪᠠᠷ ᠨᠡᠮᠡᠭᠳᠡᠵᠡᠢ ᠃ ᠪᠠᠭᠤᠳᠠᠯ ᠤᠨ ᠬᠤᠨᠤᠭ ᠤᠨ ᠪᠠᠶᠢᠳᠠᠯ ᠠᠴᠠ ᠦᠵᠡᠪᠡᠯ᠂ 10 ᠳ᠋ᠤᠭᠠᠷ ᠰᠠᠷ᠎ᠠ ᠶᠢᠨ 5 ᠤ ᠡᠳᠦᠷ ᠤᠨ ᠪᠠᠭᠠᠴᠤᠳ ᠪᠠᠲᠤ ᠯᠤᠤ ᠤᠷᠤᠯᠳᠤᠭᠠᠨ ᠤ ᠠᠵᠢᠯᠯᠠᠭ᠎ᠠ ᠶᠢᠨ ᠳᠠᠶᠢᠴᠢᠯᠠᠬᠤ ᠦᠢᠯᠡᠳᠦᠯ ᠬᠠᠮᠤᠭ ᠤᠨ ᠢᠯᠡᠷᠬᠡᠢ ᠪᠠᠶᠢᠵᠤ᠂ ᠪᠠᠭᠤᠳᠠᠯ ᠳᠤ ᠬᠤᠨᠣᠭᠰᠠᠨ ᠬᠥᠮᠥᠨ 809 ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 41.2% ᠢᠶᠠᠷ ᠨᠡᠮᠡᠭᠳᠡᠪᠡ︔ 10 ᠳ᠋ᠤᠭᠠᠷ ᠰᠠᠷ᠎ᠠ ᠶᠢᠨ 3 ᠤ ᠡᠳᠦᠷ ᠬᠤᠨᠣᠭᠰᠠᠨ ᠬᠥᠮᠥᠨ 1051 ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 20.5% ᠪᠠᠷ ᠨᠡᠮᠡᠭᠳᠡᠪᠡ︔ 9 ᠳ᠋ᠦ᠋ᠭᠡᠷ ᠰᠠᠷ᠎ᠠ ᠶᠢᠨ 30 ᠤ ᠡᠳᠦᠷ ᠪᠠᠭᠤᠳᠠᠯ ᠳᠤ ᠬᠤᠨᠣᠭᠰᠠᠨ ᠬᠥᠮᠥᠨ 832 ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.4% ᠪᠠᠷ ᠨᠡᠮᠡᠭᠳᠡᠪᠡ᠃      ᠵᠢᠭᠤᠯᠴᠢᠯᠠᠯ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠪᠠ      ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠦᠷᠭᠦᠯᠵᠢᠯᠡᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠣᠴᠢᠳ ᠤᠨ ᠪᠠᠭᠤᠳᠠᠯ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠲᠠᠯ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠴᠢᠩᠭᠠᠳᠬᠠᠵᠤ᠂ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号