ᠦᠢᠷ᠎ᠡ ᠬᠠᠷᠠᠭᠠᠨ ᠤ ᠮᠡᠰᠡ ᠵᠠᠰᠠᠯ ᠬᠢᠵᠦ ᠪᠣᠯᠬᠤ᠂ ᠶᠠᠮᠠᠷ ᠬᠥᠮᠦᠨ ᠬᠢᠵᠤ ᠪᠣᠯᠬᠤ ᠦᠭᠡᠢ ᠭᠡᠳᠡᠭ ᠲᠤ | ᠲᠤᠰᠬᠠᠢ ᠮᠡᠷᠭᠡᠵᠢᠯᠳᠡᠨ ᠠᠴᠠ ᠵᠦᠪᠯᠡᠯᠭᠡ ᠰᠠᠨᠠᠭᠤᠯᠤᠮᠵᠢ ᠦᠭᠬᠦᠭᠰᠡᠨ ᠪᠠᠶᠢᠳᠠᠭ᠃ ᠤᠯᠤᠰ ᠤᠨ ᠨᠢᠭᠡᠳᠦᠯᠲᠡᠶ | ᠰᠢᠯᠭᠠᠯᠲᠠ ᠶᠢᠨ ᠳᠠᠷᠠᠭ᠎ᠠ ᠣᠶᠢᠷ᠎ᠠ ᠬᠠᠷᠠᠭ᠎ᠠ ᠶᠢᠨ ᠮᠡᠰᠡ ᠵᠠᠰᠠᠯ ᠬᠢᠬᠦ ᠨᠢ ᠤᠯᠠᠨ ᠬᠦᠮᠦᠰ ᠤᠨ ᠰᠤᠩᠭᠤᠯᠳᠠ | ᠪᠤᠯᠳᠠᠭ ᠤᠨ ᠤᠴᠢᠷ ᠨᠢ ᠡᠨᠡ ᠨᠠᠰᠤᠨ ᠤ ᠦᠶ᠎ᠡ ᠳᠤ ᠬᠥᠮᠦᠨ ᠤ ᠪᠡᠶ᠎ᠡ ᠶᠢᠨ ᠬᠡᠷᠡᠯ ᠤᠨ ᠨᠤᠭᠤᠷᠠᠯᠲᠠ ᠶᠢᠨ ᠪᠠᠶᠢᠳᠠᠯ | ᠬᠠᠷᠢᠴᠠᠩᠭᠤᠶ ᠲᠣᠭᠲᠠᠪᠤᠷᠢᠲᠠᠶ ᠪᠠᠶᠢᠳᠠᠭ ᠠᠴᠠ ᠪᠤᠯᠤᠭᠰᠠᠨ ᠶᠤᠮ᠃ | 18 — 40 ᠨᠠᠰᠤᠨ ᠤ ᠬᠤᠭᠤᠷᠤᠨᠳᠦ ᠪᠣᠯ ᠦᠢᠷ᠎ᠡ ᠬᠠᠷᠠᠭ᠎ᠠ ᠶᠢᠨ ᠮᠡᠰᠡ ᠵᠠᠰᠠᠯ ᠬᠢᠬᠦ ᠳᠤ ᠨᠡᠯᠢᠶᠡᠳ | ᠲᠤᠬᠢᠷᠠᠮᠵᠢᠳᠠᠢ ᠬᠤᠭᠤᠴᠠᠭ᠎ᠠ ᠪᠣᠯᠤᠨ᠎ᠠ᠃ ᠨᠠᠰᠤ ᠬᠡᠲᠦᠷᠬᠡᠶ ᠪᠠᠭ᠎ᠠ ᠪᠤᠯ ᠬᠠᠷᠠᠭᠠᠨ ᠰᠡᠷᠡᠯ ᠤᠨ ᠪᠤᠶᠢᠵᠢᠯᠲᠠ | ᠪᠣᠯᠪᠠᠰᠤᠷᠠᠭᠠᠳᠤᠢ ᠪᠠᠶᠢᠵᠤ᠂ ᠨᠠᠰᠤ ᠳᠡᠩᠳᠡᠭᠦᠦ ᠶᠡᠭᠡ ᠪᠤᠯᠪᠠᠯ᠂ ᠦᠢᠷ᠎ᠡ ᠬᠠᠷᠠᠭᠠᠨ ᠤ ᠮᠡᠰᠡ ᠵᠠᠰᠠᠯ ᠢᠶᠠᠷ ᠡᠳᠡᠭᠡᠷ | ᠠᠰᠠᠭᠤᠳᠠᠯ ᠢ ᠰᠢᠢᠳᠪᠦᠷᠢᠯᠡᠵᠦ ᠳᠡᠶᠢᠯᠬᠦ ᠦᠭᠡᠢ ᠪᠤᠯᠳᠠᠭ᠃ | ᠭᠡᠪᠡᠴᠦ ᠡᠮᠴᠢᠯᠡᠭᠡᠨ ᠳᠡᠭᠡᠷ᠎ᠡ᠂ ᠵᠠᠷᠢᠮ ᠪᠠᠶᠢᠳᠠᠯ ᠳᠤ ᠯᠠᠶᠢᠰᠧᠷ ᠢᠶᠠᠷ ᠣᠶᠢᠷ᠎ᠠ ᠬᠠᠷᠠᠭ᠎ᠠ ᠶᠢ ᠵᠠᠰᠠᠵᠤ ᠪᠣᠯᠬᠤ | ᠦᠭᠡᠢ᠃ ᠡᠶᠢᠮᠦ ᠠᠴᠠ ᠣᠶᠢᠷ᠎ᠠ ᠬᠠᠷᠠᠭᠠᠨ ᠤ ᠮᠡᠰᠡ ᠵᠠᠰᠠᠯ ᠬᠢᠬᠦ ᠶᠢ ᠪᠣᠳᠣᠯᠬᠢᠯᠠᠵᠤ ᠪᠠᠶᠢᠭ᠎ᠠ ᠬᠥᠮᠦᠰ ᠤᠷᠢᠳ ᠢᠶᠠᠷ | ᠡᠮᠨᠡᠯᠭᠡ ᠳᠤ ᠣᠴᠢᠵᠤ ᠮᠡᠰᠡ ᠵᠠᠰᠠᠯ ᠠᠴᠠ ᠡᠮᠦᠨᠡᠬᠢ ᠪᠠᠶᠢᠴᠠᠭᠠᠯᠲᠠ ᠪᠠ ᠨᠢᠳᠦᠨ ᠤ ᠬᠡᠰᠡᠭ ᠤᠨ ᠪᠠᠶᠢᠴᠠᠭᠠᠯᠲᠠ ᠬᠢᠵᠦ ᠂ | ᠮᠡᠰᠡ ᠵᠠᠰᠠᠯ ᠬᠢᠬᠦ ᠳᠤ ᠲᠣᠬᠢᠷᠠᠬᠤ ᠡᠪᠡᠳᠴᠢᠨ ᠪᠠᠶᠢᠪᠠᠯ ᠰᠠᠶ᠋ᠢ ᠮᠡᠰᠡ ᠵᠠᠰᠠᠯ ᠬᠢᠯᠭᠡᠬᠦ ᠬᠡᠷᠡᠭᠳᠡᠢ᠃ ᠮᠡᠰᠡ | ᠵᠠᠰᠠᠯ ᠤᠨ ᠡᠮᠦᠨ᠎ᠡ ᠬᠤᠶᠢᠨ᠎ᠠ ᠡᠮᠴᠢ ᠶᠢᠨ ᠵᠢᠭᠠᠪᠤᠷᠢ ᠶᠢ ᠴᠢᠩᠭ᠎ᠠ ᠰᠠᠬᠢᠵᠤ᠂ ᠨᠢᠳᠦᠨ ᠤ ᠡᠮ ᠢᠶᠠᠨ ᠳᠤᠰᠤᠭᠠᠵᠤ᠂ | ᠮᠡᠰᠡ ᠵᠠᠰᠠᠯ ᠤᠨ ᠳᠠᠷᠠᠭᠠᠬᠢ ᠬᠠᠯᠳᠠᠪᠤᠷᠢᠯᠠᠯ ᠠᠴᠠ ᠰᠡᠷᠭᠡᠶᠢᠯᠡᠵᠦ᠂ ᠬᠠᠷᠠᠭ᠎ᠠ ᠪᠠᠨ ᠰᠡᠷᠭᠦᠭᠡᠬᠦ ᠳᠤ ᠠᠰᠢᠭᠲᠠᠢ | ᠪᠣᠯᠭᠠᠨ᠎ᠠ᠃ | ᠮᠡᠰᠡ ᠵᠠᠰᠠᠯ ᠤᠨ ᠳᠠᠷᠠᠭ᠎ᠠ ᠨᠢᠭᠡ ᠭᠠᠷᠠᠭ ᠲᠤ ᠭᠦᠶᠦᠬᠦ᠂ ᠪᠡᠶ᠎ᠡ ᠪᠣᠯᠪᠠᠰᠤᠷᠠᠬᠤ ᠵᠡᠷᠭᠡ ᠲᠠᠮᠢᠷ ᠤᠨ | ᠬᠥᠳᠡᠯᠭᠡᠭᠡᠨ ᠢ ᠬᠢᠵᠦ᠂ ᠨᠢᠳᠦ ᠪᠠᠨ ᠨᠤᠬᠤᠯᠠᠬᠤ ᠠᠴᠠ ᠬᠢᠴᠢᠶᠡᠨ᠎ᠡ᠃ | ᠮᠡᠰᠡ ᠵᠠᠰᠠᠯ ᠤᠨ ᠳᠠᠷᠠᠭ᠎ᠠ 3 ᠰᠠᠷ᠎ᠠ ᠶᠢᠨ ᠳᠣᠲᠣᠷ᠎ᠠ ᠡᠯᠧᠺᠳ᠋ᠷᠣᠨ ᠪᠦᠲᠦᠭᠡᠭᠳᠡᠬᠦᠨ ᠬᠡᠷᠡᠭᠯᠡᠬᠦ ᠶᠢ ᠴᠢᠩᠭ᠎ᠠ | ᠬᠢᠵᠠᠭᠠᠷᠯᠠᠵᠤ᠂ ᠰᠥᠨᠢᠵᠢᠨ ᠰᠠᠭᠤᠬᠤ ᠠᠴᠠ ᠵᠠᠶᠢᠯᠠᠰᠭᠢᠪᠡᠯ ᠮᠡᠰᠡ ᠵᠠᠰᠠᠯ ᠤᠨ ᠳᠠᠷᠠᠭ᠎ᠠ ᠤᠶᠢᠷ᠎ᠠ ᠬᠠᠷᠠᠭ᠎ᠠ ᠳᠠᠭᠠᠨ | ᠪᠤᠴᠠᠬᠤ ᠪᠤᠶᠤ ᠨᠢᠳᠦ ᠬᠠᠭᠤᠷᠠᠶᠢᠰᠢᠬᠤ ᠠᠴᠠ ᠪᠦᠲᠦᠮᠵᠢᠲᠡᠶ ᠵᠠᠶᠢᠯᠠᠰᠭᠢᠵᠦ ᠴᠢᠳᠠᠨ᠎ᠠ᠃ | ᠮᠡᠰᠡ ᠵᠠᠰᠠᠯ ᠬᠢᠭᠰᠡᠨ ᠤ ᠳᠠᠷᠠᠭ᠎ᠠ ᠨᠢᠳᠦ ᠪᠠᠨ ᠰᠠᠶᠢᠲᠤᠷ ᠬᠠᠮᠠᠭᠠᠯᠠᠬᠤ ᠥᠬᠡᠶ᠂ ᠵᠢᠷᠤᠮᠵᠢᠭᠤᠨ ᠬᠡᠷᠡᠭᠯᠡᠬᠦ | ᠥᠬᠡᠶ ᠪᠣᠯ ᠮᠥᠨ ᠯᠡ ᠣᠶᠢᠷ᠎ᠠ ᠬᠠᠷᠠᠭ᠎ᠠ ᠪᠤᠯᠵᠦ ᠮᠡᠳᠡᠭᠦ ᠠᠶᠤᠯᠳᠠᠢ ᠭᠡᠳᠡᠭ ᠢ ᠲᠤᠰᠬᠠᠢ ᠮᠡᠷᠭᠡᠵᠢᠯᠳᠡᠨ ᠠᠴᠠ | ᠰᠠᠨᠠᠭᠤᠯᠵᠠᠢ᠃ | ᠦᠢᠷ᠎ᠡ ᠬᠠᠷᠠᠭᠠᠨ ᠤ ᠮᠡᠰᠡ ᠵᠠᠰᠠᠯ ᠬᠢᠬᠦ ᠳᠤ ᠲᠤᠤᠷᠠᠬᠢ 5 ᠵᠦᠢᠯ ᠢ ᠤᠨᠴᠠᠭᠠᠢ ᠠᠩᠬᠠᠷᠬᠤ ᠴᠢᠬᠤᠯᠠᠳᠠᠢ᠃ | · ᠪᠦᠬᠦᠯᠢ 18 ᠨᠠᠰᠤᠨ ᠠᠴᠠ ᠳᠡᠭᠡᠭᠰᠢ᠃ ᠤᠴᠢᠷ ᠨᠢ 18 ᠨᠠᠰᠤ ᠬᠦᠷᠦᠭᠡᠳᠦᠢ ᠬᠥᠮᠦᠨ ᠤ ᠨᠢᠳᠦᠨ ᠤ | ᠪᠦᠲᠦᠴᠡ ᠨᠢ ᠪᠦᠷᠢᠮᠦᠰᠦᠨ ᠲᠣᠭᠲᠠᠪᠤᠷᠢ ᠦᠭᠡᠢ᠂ ᠡᠶᠢᠮᠦ ᠠᠴᠠ ᠮᠡᠰᠡ ᠵᠠᠰᠠᠯ ᠬᠢᠬᠦ ᠳᠤ ᠲᠣᠬᠢᠷᠠᠬᠤ ᠦᠭᠡᠢ᠃ | · ᠡᠪᠡᠳᠴᠢᠲᠡᠨ ᠡᠨᠡ ᠬᠦ ᠮᠡᠰᠡ ᠵᠠᠰᠠᠯ ᠢᠶᠠᠷ ᠳᠠᠮᠵᠢᠨ ᠦᠢᠷ᠎ᠡ ᠬᠠᠷᠠᠭ᠎ᠠ ᠪᠠᠨ ᠰᠠᠶᠢᠵᠢᠷᠠᠭᠤᠯᠬᠤ ᠬᠦᠰᠡᠯ᠂ | ᠰᠡᠳᠭᠢᠴᠡ ᠶᠢᠨ ᠡᠷᠡᠭᠦᠯ ᠮᠡᠨᠳᠦ᠂ ᠮᠡᠰᠡ ᠵᠠᠰᠠᠯ ᠤᠨ ᠦᠷ᠎ᠡ ᠳ᠋ᠦᠩ ᠳᠤ ᠵᠥᠪ ᠣᠨᠣᠪᠴᠢᠲᠠᠶ ᠵᠢᠱᠢᠯᠲᠡ | ᠲᠦᠰᠦᠭᠡᠯᠡᠯ ᠲᠠᠢ ᠪᠠᠶᠢᠬᠤ᠃ | · ᠣᠶᠢᠷ᠎ᠠ ᠬᠠᠷᠠᠭ᠎ᠠ ᠶᠢᠨ ᠭᠷᠠᠳᠦ᠋ᠰ ᠤᠨ ᠲᠤᠭ᠎ᠠ ᠨᠢ ᠬᠠᠷᠢᠴᠠᠩᠭᠤᠶ ᠲᠣᠭᠲᠠᠪᠤᠷᠢᠲᠠᠶ᠂ ᠲᠤᠬᠠᠶᠢᠯᠠᠪᠠᠯ 2 ᠵᠢᠯ | ᠳᠠᠷᠠᠭᠠᠯᠠᠨ ᠵᠢᠯ ᠪᠦᠷᠢ ᠶᠢᠨ ᠣᠶᠢᠷ᠎ᠠ ᠬᠠᠷᠠᠭ᠎ᠠ ᠶᠢᠨ ᠨᠡᠮᠡᠭᠳᠡᠯ 50 ᠭᠷᠠᠳᠦ᠋ᠰ ᠠᠴᠠ ᠬᠡᠲᠦᠷᠡᠭᠰᠡᠨ ᠦᠭᠡᠢ ᠪᠠᠶᠢᠬᠤ᠃ | · ᠡᠪᠡᠷᠯᠢᠭ ᠪᠦᠷᠬᠦᠪᠴᠢ ᠶᠢᠨ ᠬᠦᠷᠦᠯᠴᠡᠬᠦ ᠰᠢᠯ ᠢ ᠬᠡᠷᠡᠭᠯᠡᠬᠦ ᠪᠠᠨ ᠵᠣᠭᠰᠣᠭᠠᠳ ᠵᠣᠬᠢᠬᠤ ᠬᠤᠭᠤᠴᠠᠭ᠎ᠠ | ᠪᠤᠯᠤᠭᠰᠠᠨ᠂ ᠵᠥᠭᠡᠯᠡᠨ ᠴᠢᠨᠠᠷᠲᠠᠶ ᠡᠪᠡᠷᠯᠢᠭ ᠪᠦᠷᠬᠦᠪᠴᠢ ᠶᠢᠨ ᠬᠦᠷᠦᠯᠴᠡᠬᠦ ᠰᠢᠯ ᠢ ᠵᠡᠭᠦᠬᠦ ᠪᠠᠨ ᠵᠣᠭᠰᠤᠭᠠᠳ ᠨᠢᠭᠡ | ᠭᠠᠷᠠᠭ ᠬᠡᠲᠦᠷᠡᠭᠰᠡᠨ᠂ ᠬᠠᠲᠠᠭᠤ ᠴᠢᠨᠠᠷᠲᠠᠶ ᠡᠪᠡᠷᠯᠢᠭ ᠪᠦᠷᠬᠦᠪᠴᠢ ᠶᠢᠨ ᠬᠦᠷᠦᠯᠴᠡᠬᠦ ᠰᠢᠯ ᠢ ᠵᠡᠭᠦᠬᠦ ᠪᠠᠨ | ᠵᠣᠭᠰᠣᠭᠠᠳ ᠨᠢᠭᠡ ᠰᠠᠷ᠎ᠠ ᠬᠡᠲᠦᠷᠡᠭᠰᠡᠨ᠂ ᠡᠪᠡᠷᠯᠢᠭ ᠪᠦᠷᠬᠦᠪᠴᠢ ᠶᠢᠨ ᠰᠦᠯᠢᠶᠣᠣ ᠰᠢᠯ ᠵᠡᠭᠦᠬᠦ ᠪᠠᠨ ᠵᠣᠭᠰᠣᠭᠠᠳ | ᠭᠤᠷᠪᠠᠨ ᠰᠠᠷ᠎ᠠ ᠬᠡᠳᠦᠷᠡᠭᠰᠡᠨ ᠪᠠᠶᠢᠬᠤ᠃ | · ᠬᠢᠷᠢ ᠬᠡᠮ ᠲᠠᠢ ᠡᠮᠴᠢ ᠶᠢᠨ ᠲᠤᠰᠬᠠᠶ ᠮᠡᠷᠭᠡᠵᠢᠯ ᠤᠨ ᠪᠠᠶᠢᠴᠠᠭᠠᠯᠲᠠ ᠪᠠᠷ ᠳᠠᠮᠵᠢᠨ ᠬᠠᠷᠰᠢᠬᠤ ᠬᠡᠮ ᠪᠠᠶᠢᠬᠤ | ᠡᠰᠡᠬᠦ ᠶᠢ ᠪᠠᠶᠢᠴᠠᠭᠠᠬᠤ᠃ | ᠯᠠᠶᠢᠰᠧᠷ ᠮᠡᠰᠡ ᠵᠠᠰᠠᠯ ᠳᠤ ᠡᠷᠡᠰ ᠴᠡᠭᠡᠷᠯᠡᠬᠦ ᠡᠪᠡᠳᠴᠢᠨ ᠭᠡᠮ᠄ | ᠱᠣᠪᠣᠭᠤᠷ ᠡᠪᠡᠷᠯᠢᠭ ᠪᠦᠷᠬᠦᠪᠴᠢ᠂ ᠡᠪᠡᠷᠯᠢᠭ ᠪᠦᠷᠬᠦᠪᠴᠢ ᠶᠢᠨ ᠲᠡᠯᠡᠭᠳᠡᠬᠦ ᠴᠢᠨᠠᠷᠲᠠᠶ ᠡᠪᠡᠳᠴᠢᠨ᠃ | ᠥᠪᠡᠷ ᠤᠨ ᠪᠡᠶ᠎ᠡ ᠶᠢᠨ ᠴᠠᠷᠤᠯᠲᠠ ᠶᠢᠨ ᠴᠢᠨᠠᠷᠲᠠᠶ ᠡᠪᠡᠳᠴᠢᠨ᠃ ᠵᠢᠱᠢᠶᠡᠯᠡᠪᠡᠯ ᠰᠢᠰᠲ᠋ᠧᠮᠲᠦ ᠴᠢᠨᠠᠷᠲᠠᠢ | ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ᠂ ᠲᠤᠯᠠᠢ ᠶᠢᠨ ᠴᠢᠨᠠᠷᠲᠠᠢ ᠦᠶ᠎ᠡ ᠭᠡᠰᠢᠭᠦᠨ ᠤ ᠦᠷᠪᠢᠰᠦᠯ᠂ ᠣᠯᠠᠨ ᠡᠭᠦᠰᠭᠦ | ᠴᠢᠨᠠᠷᠲᠠᠢ ᠬᠠᠲᠠᠭᠤᠷᠠᠯ ᠵᠡᠷᠭᠡ᠃ | ᠪᠦᠬᠦ ᠪᠡᠶ᠎ᠡ ᠶᠢᠨ ᠰᠢᠰᠲ᠋ᠧᠮ ᠤᠨ ᠴᠢᠨᠠᠷᠲᠠᠶ ᠪᠤᠶᠤ ᠬᠡᠰᠡᠭ ᠰᠣᠯᠢᠯᠴᠠᠭᠠᠨ ᠤ ᠴᠢᠨᠠᠷᠲᠠᠶ ᠡᠪᠡᠳᠴᠢᠨ᠃ | ᠵᠢᠱᠢᠶᠡᠯᠡᠪᠡᠯ ᠬᠦᠨᠳᠦ ᠨᠣᠴᠢᠲᠠᠢ ᠪᠠᠮᠪᠠᠢ ᠪᠤᠯᠴᠢᠷᠬᠠᠶ ᠶᠢᠨ ᠡᠪᠡᠳᠴᠢᠨ ᠪᠤᠶᠤ ᠪᠠᠮᠪᠠᠢ ᠪᠤᠯᠴᠢᠷᠬᠠᠶ ᠶᠢᠨ ᠠᠵᠢᠯᠯᠠᠭ᠎ᠠ | ᠴᠢᠩᠭᠠᠷᠠᠬᠤ ᠴᠢᠨᠠᠷᠲᠠᠶ ᠨᠢᠳᠦ ᠪᠦᠯᠲᠡᠶᠢᠬᠦ᠃ | ᠨᠢᠳᠤᠨ ᠬᠡᠰᠡᠭ ᠤᠨ ᠬᠥᠳᠡᠯᠭᠡᠭᠡᠨᠲᠦ ᠴᠢᠨᠠᠷᠲᠠᠶ ᠡᠪᠡᠳᠴᠢᠨ᠃ ᠵᠢᠱᠢᠶᠡᠯᠡᠪᠡᠯ ᠨᠢᠳᠦᠨ ᠳᠣᠲᠣᠷᠠᠬᠢ | ᠬᠠᠯᠳᠠᠪᠤᠷᠢᠯᠠᠯ ᠂ ᠡᠪᠡᠷᠯᠢᠭ ᠪᠦᠷᠬᠦᠪᠴᠢ ᠶᠢᠨ ᠬᠠᠯᠳᠠᠪᠤᠷᠢᠯᠠᠯ ᠵᠡᠷᠭᠡ ᠳᠤ ᠬᠠᠯᠳᠠᠪᠤᠷᠢᠯᠠᠯ ᠪᠤᠶᠤ ᠦᠷᠪᠢᠰᠦᠯ ᠤᠨ | ᠬᠤᠭᠤᠴᠠᠭᠠᠨ ᠳᠤ ᠮᠡᠰᠡ ᠵᠠᠰᠠᠯ ᠬᠢᠬᠦ ᠶᠢ ᠴᠠᠭᠠᠵᠠᠯᠠᠨ᠎ᠠ᠃ | ᠬᠦᠨᠳᠦ ᠨᠣᠴᠢᠲᠠᠶ ᠴᠠᠭᠠᠨ ᠬᠠᠷᠠᠩ᠂ ᠴᠡᠩᠬᠡᠷ ᠬᠠᠷᠠᠩ ᠡᠪᠡᠳᠴᠢᠨ᠃ ᠳᠡᠭᠡᠷᠡᠬᠢ ᠪᠠᠶᠢᠳᠠᠯ ᠠᠴᠠ ᠭᠠᠳᠠᠨ᠎ᠠ | ᠪᠠᠰᠠ ᠯᠠᠶᠢᠰᠧᠷ ᠮᠡᠰᠡ ᠵᠠᠰᠠᠯ ᠢ ᠬᠠᠷᠢᠴᠠᠩᠭᠤᠢ ᠴᠡᠭᠡᠷᠯᠡᠬᠦ ᠡᠪᠡᠳᠴᠢᠨ ᠬᠡᠮ ᠳᠤ᠂ ᠪᠦᠬᠦᠯᠢ 18 ᠨᠠᠰᠤ ᠬᠦᠷᠦᠭᠡᠳᠦᠢ | ᠬᠥᠮᠦᠨ᠂ ᠰᠢᠬᠢᠷ ᠰᠢᠵᠢᠩ ᠡᠪᠡᠳᠴᠢᠲᠡᠨ᠂ ᠨᠢᠳᠦᠨ ᠤ ᠰᠠᠯᠠᠭᠠᠨ ᠤ ᠮᠡᠰᠡ ᠵᠠᠰᠠᠯ ᠤᠨ ᠲᠡᠦᠬᠡ ᠲᠠᠢ ᠬᠥᠮᠦᠰ᠂ ᠪᠡᠶ᠎ᠡ | ᠮᠠᠬᠠᠪᠣᠳ ᠰᠤᠷᠪᠢᠳᠠᠢ ᠬᠦᠮᠦᠰ ᠴᠦ ᠠᠩᠬᠠᠷᠬᠤ ᠴᠢᠬᠤᠯᠠᠳᠠᠢ᠃ ︵︽ᠳᠤᠮᠳᠠᠳᠤ ᠤᠯᠤᠰ ᠤᠨ ᠮᠤᠩᠭᠤᠯ ᠭᠡᠯᠡᠨ ᠤ | ᠰᠤᠨᠢᠨ ᠮᠡᠳᠡᠭᠡ ᠶᠢᠨ ᠰᠦᠯᠵᠢᠶ᠎ᠠ︾ ᠠᠴᠠ ᠰᠢᠯᠵᠢᠭᠦᠯᠪᠡ︶ |