ᠡᠨᠡ ᠨᠣᠮᠧᠷ ᠢ ᠴᠡᠭᠡᠵᠢᠯᠡᠵᠦ ᠠᠪᠤᠭᠠᠷᠠᠢ᠂ ᠵᠠᠩᠭᠢᠯᠠᠭ᠎ᠠ ᠶᠢᠨ ᠦᠶ᠎ᠡ ᠳᠤ ᠠᠮᠢ ᠶᠢ ᠴᠢᠨᠢ ᠠᠪᠤᠷᠠᠨ᠎ᠠ ᠰᠢᠦ︕
ᠨᠡᠶᠢᠲᠡᠯᠡᠭᠰᠡᠨ ᠴᠠᠭ᠄
2024/10/22
      ︽ᠳᠤᠮᠳᠠᠳᠤ ᠤᠯᠤᠰ ᠤᠨ ᠴᠠᠭᠳᠠᠭᠠᠨ ᠤ ᠲᠠᠯ᠎ᠠ ᠶᠢᠨ ᠬᠢᠨ︾ ᠣᠶᠢᠷ᠎ᠠ ᠳᠤ ᠰᠠᠨᠠᠭᠤᠯᠤᠮᠵᠢ ᠨᠡᠶᠢᠲᠡᠯᠡᠵᠦ᠄ ᠳᠠᠮᠵᠢᠭᠤᠯᠤᠨ ᠪᠣᠷᠤᠯᠠᠭᠤᠯᠭ᠎ᠠ ᠶᠢᠨ ᠡᠭᠦᠷ ᠲᠤ ᠤᠨᠠᠬᠤ᠂ ᠭᠡᠷ ᠲᠤ ᠴᠢᠨᠢ ᠬᠤᠯᠠᠭᠠᠶᠢᠴᠢ ᠣᠷᠣᠵᠤ ᠬᠤᠯᠠᠭᠠᠢ ᠬᠢᠬᠦ ᠲᠤᠨᠤᠵᠦ ᠳᠡᠭᠡᠷᠡᠮᠳᠡᠬᠦ ᠪᠠᠶᠢᠳᠠᠯ ᠳᠤ ᠲᠤᠯᠭᠠᠷᠠᠬᠤ ᠪᠠ ᠳᠦᠯᠡᠢ ᠶᠠᠪᠠ ᠬᠥᠮᠥᠨ ᠴᠠᠭᠳᠠᠭ᠎ᠠ ᠳᠤ ᠮᠡᠳᠡᠭᠦᠯᠬᠦ ᠪᠠᠷ ᠤᠲᠠᠰᠤ ᠠᠪᠬᠤ ᠳᠤ ᠳᠥᠭᠦᠮ ᠦᠭᠡᠢ ᠪᠠᠶᠢᠳᠠᠯ ᠳᠤ ᠳᠤᠯᠠᠭᠠᠷᠠᠬᠤ ᠳᠤ ᠬᠦᠷᠪᠡᠯ᠂ ᠤᠴᠠᠷᠠᠵᠤ ᠪᠠᠶᠢᠭ᠎ᠠ ᠬᠠᠯᠳᠠᠯᠭ᠎ᠠ᠂ ᠴᠠᠭᠳᠠᠭᠠᠨ ᠤ ᠲᠠᠯ᠎ᠠ ᠶᠢᠨ ᠬᠢᠨ ᠤ ᠤᠲᠠᠰᠤ ᠶᠢ ᠲᠣᠰᠬᠤ ᠳᠤ ᠲᠥᠬᠦᠮ ᠡᠰᠡᠬᠦ ᠶᠢᠨ ᠲᠤᠬᠠᠢ ᠣᠬᠤᠷ ᠠᠪᠰᠠᠷᠬᠠᠨ ᠮᠡᠳᠡᠭᠡ ᠶᠠᠪᠤᠭᠤᠯᠵᠤ ᠪᠣᠯᠣᠨ᠎ᠠ᠂ ᠳᠠᠷᠠᠭ᠎ᠠ ᠨᠢ 12110 ᠳᠤ ᠳᠠᠷᠤᠢ ᠲᠦᠷᠭᠡᠨ ᠣᠬᠤᠷ ᠮᠡᠳᠡᠭᠡ ᠶᠠᠪᠤᠭᠤᠯᠵᠤ ᠲᠦᠭᠰᠢᠭᠦᠷᠢ ᠮᠡᠳᠡᠭᠦᠯᠪᠡᠯ᠂ ᠴᠠᠭᠳᠠᠭᠠᠨ ᠤ ᠲᠠᠯ᠎ᠠ ᠶᠢᠨ ᠬᠢᠨ ᠪᠠᠷᠢᠨ ᠳᠣᠣᠷ᠎ᠠ ᠨᠢ ᠲᠦᠭᠰᠢᠭᠦᠷᠢ ᠶᠢᠨ ᠠᠰᠠᠭᠤᠳᠠᠯ ᠢ ᠰᠢᠢᠳᠪᠦᠷᠢᠯᠡᠵᠦ᠂ ᠴᠢᠮᠠᠶᠢ ᠠᠶᠤᠯ ᠠᠴᠠ ᠠᠪᠤᠷᠠᠵᠤ ᠭᠠᠷᠭᠠᠨ᠎ᠠ ᠭᠡᠵᠡᠢ᠃       ᠠᠶᠤᠯ ᠲᠤᠯᠭᠠᠷᠠᠭᠰᠠᠨ ᠦᠶ᠎ᠡ ᠳᠤ᠂ ᠴᠠᠭᠳᠠᠭ᠎ᠠ ᠳᠤ ᠮᠡᠳᠡᠭᠦᠯᠬᠦ ᠤᠲᠠᠰᠤ 110 ᠶᠢ ᠤᠲᠠᠰᠤᠳᠠᠭᠠᠷᠠᠢ᠃       ᠣᠬᠤᠷ ᠮᠡᠳᠡᠭᠡ ᠪᠠᠷ ᠮᠡᠳᠡᠭᠦᠯᠬᠦ ᠨᠣᠮᠧᠷ᠄ 12110᠃       12110 ᠨᠢ ᠶᠠᠭᠤ ᠪᠤᠢ︖       12110 ᠭᠡᠳᠡᠭ ᠳᠤᠮᠳᠠᠳᠤ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠵᠣᠷᠢᠭᠤᠯᠤᠭᠰᠠᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠬᠤᠷ ᠮᠡᠳᠡᠭᠡ ᠪᠠᠷ ᠲᠦᠭᠰᠢᠭᠦᠷᠢ ᠮᠡᠳᠡᠭᠦᠯᠬᠦ ᠨᠢᠭᠡᠳᠦᠯᠲᠡᠢ ᠨᠣᠮᠧᠷ ᠪᠣᠯ ᠣᠬᠤᠷ ᠮᠡᠳᠡᠭᠡ ᠪᠠᠷ ᠲᠦᠭᠰᠢᠭᠦᠷᠢ ᠮᠡᠳᠡᠭᠦᠯᠬᠦ ᠨᠢᠭᠡᠨ ᠬᠡᠯᠪᠡᠷᠢ ᠮᠥᠨ᠂ ᠡᠨᠡ ᠨᠢ 110 ᠤᠲᠠᠰᠤ ᠪᠠᠷ ᠲᠦᠭᠰᠢᠭᠦᠷᠢ ᠮᠡᠳᠡᠭᠦᠯᠬᠦ ᠶᠢᠨ ᠨᠥᠬᠦᠪᠦᠷᠢ ᠪᠣᠯᠤᠭᠰᠠᠨ ᠤ ᠬᠤᠪᠢ ᠳᠤ᠂ ᠨᠢᠭᠡ ᠵᠦᠢᠯ ᠤᠨ ᠲᠤᠰᠠᠯᠠᠬᠤ ᠴᠢᠨᠠᠷᠲᠠᠢ᠂ ᠲᠦᠭᠰᠢᠭᠦᠷᠢ ᠮᠡᠳᠡᠭᠦᠯᠵᠦ ᠲᠤᠰᠠᠯᠠᠮᠵᠢ ᠭᠤᠶᠤᠴᠢᠯᠠᠬᠤ ᠪᠠᠴᠢᠮ ᠪᠤᠰᠤ ᠠᠷᠭ᠎ᠠ ᠮᠠᠶ᠋ᠢᠭ ᠪᠣᠯᠣᠨ᠎ᠠ᠃ ᠳᠣᠲᠣᠭᠠᠳᠤ ᠶᠢ ᠬᠠᠮᠠᠭᠠᠯᠠᠬᠤ ᠶᠠᠮᠤᠨ 2012 ᠣᠨ ᠠᠴᠠ ᠪᠥᠬᠦ ᠤᠯᠤᠰ ᠲᠤ 12110 ᠣᠬᠤᠷ ᠮᠡᠳᠡᠭᠡ ᠪᠠᠷ ᠲᠦᠭᠰᠢᠭᠦᠷᠢ ᠮᠡᠳᠡᠭᠦᠯᠬᠦ ᠦᠢᠯᠡᠴᠢᠯᠡᠭᠡ ᠶᠢ ᠨᠡᠶᠢᠳᠡᠮ ᠥᠷᠨᠢᠭᠦᠯᠵᠡᠢ᠃ 
 
ᠢᠷᠡᠯᠲᠡ᠄ ᠲᠥᠩᠯᠢᠶᠤᠤ ᠬᠤᠲᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号