ᠮᠠᠨᠳᠤᠯ ᠪᠠᠯᠭᠠᠰᠤᠨ ᠤ ᠮᠠᠯᠴᠢᠳ ᠲᠠᠷᠢᠶᠠᠴᠢᠳ  ᠲᠤ᠄ ︽ᠳᠥᠷᠪᠡᠨ ᠪᠠᠲᠤᠯᠠᠭ᠎ᠠ︾ ᠢᠷᠡᠯ᠎ᠡ︕
ᠨᠡᠶᠢᠲᠡᠯᠡᠭᠰᠡᠨ ᠴᠠᠭ᠄
2024/10/22
      ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠦᠷᠭᠦᠯᠵᠢᠯᠡᠨ ᠨᠡᠮᠡᠭᠳᠡᠨ᠎ᠡ      ᠡᠨᠡ ᠵᠢᠯ᠂ ᠮᠠᠨᠳᠤᠯ ᠪᠠᠯᠭᠠᠰᠤ ︽ᠨᠠᠮ ᠤᠨ ᠡᠭᠦᠷ + ᠤᠯᠤᠰ ᠤᠨ ᠥᠮᠴᠢᠯᠡᠯᠲᠦ ᠺᠣᠮᠫᠠᠨᠢ + ᠬᠠᠮᠲᠤ ᠶᠢᠨ ᠠᠵᠤ ᠠᠬᠤᠶ + ᠮᠠᠯᠵᠢᠬᠤ ᠲᠠᠷᠢᠶᠠᠯᠠᠬᠤ ᠡᠷᠦᠬᠡ︾ ᠶᠢᠨ ᠬᠥᠭᠵᠢᠯᠲᠡ ᠶᠢᠨ ᠬᠡᠪ ᠵᠠᠭᠪᠤᠷ ᠢ ᠢᠳᠡᠪᠬᠢᠲᠡᠶ ᠪᠠᠷ ᠰᠦᠪᠡᠭᠴᠢᠯᠡᠨ ᠦᠢᠯᠡᠳᠦᠯᠭᠡᠵᠢᠭᠦᠯᠵᠦ᠂ ᠢᠯᠡᠳᠲᠡ ᠦᠷ᠎ᠡ ᠪᠦᠲᠦᠮᠵᠢ ᠤᠯᠪᠠ᠃ ᠬᠥᠭᠵᠢᠯᠲᠡ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠰᠠᠭᠤᠭᠠᠯᠢ ᠠᠷᠠᠳ ᠨᠢᠭᠡᠪᠦᠷᠢ ᠴᠥᠮ ᠥᠭᠡᠷᠡᠴᠢᠯᠡᠯᠲᠡ ᠶᠢᠨ ᠠᠰᠢᠭ ᠲᠤᠰᠠ ᠶᠢ ᠭᠥᠷᠳᠡᠬᠦ ᠶᠢ ᠪᠠᠲᠤᠯᠠᠬᠤ ᠶᠢᠨ ᠲᠥᠯᠥᠭᠡ᠂ ᠮᠠᠨᠳᠤᠯ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠤᠳᠤᠯᠤᠨ ᠲᠣᠭᠲᠠᠭᠠᠵᠤ᠂ ︽ᠳᠥᠷᠪᠡᠨ ᠪᠠᠲᠤᠯᠠᠭ᠎ᠠ︾ ᠶᠢᠨ ᠲᠥᠷᠥ ᠶᠢᠨ ᠪᠣᠳᠣᠯᠭ᠎ᠠ ᠶᠢ ᠨᠠᠷᠢᠨ ᠨᠢᠮᠪᠠᠶ ᠲᠣᠭᠲᠠᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠣᠯ ᠵᠢᠷᠭᠠᠯ ᠤᠨ ᠴᠡᠴᠡᠭ ᠢ ᠮᠠᠨᠳᠤᠯ ᠲᠠᠯ᠎ᠠ ᠨᠤᠲᠤᠭ ᠲᠤ ᠨᠠᠩ ᠭᠡᠷᠡᠯ ᠰᠠᠴᠤᠷᠠᠩᠭᠤᠶ ᠳᠡᠯᠭᠡᠷᠡᠭᠦᠯᠬᠦ ᠶᠢᠨ ᠲᠥᠯᠥᠭᠡ ᠶᠤᠮ᠃ᠶᠠᠭᠤ ᠶᠢ ︽ᠳᠦᠷᠪᠡᠨ ᠪᠠᠲᠤᠯᠠᠭ᠎ᠠ︾ ᠭᠡᠬᠦ ᠪᠤᠢ︖      ᠨᠢᠭᠡ᠂ ︽ᠵᠢᠷᠭᠠᠬᠤ ᠨᠡᠷᠡᠨ ᠤ ᠤᠯᠠᠪᠤᠷ ᠲᠤᠶᠠᠭ᠎ᠠ︾ ᠵᠣᠪᠠᠨᠢᠯ ᠦᠭᠡᠢ ᠲᠦᠯᠦᠪᠯᠡᠭᠡ      ᠮᠠᠨᠳᠤᠯ ᠪᠠᠯᠭᠠᠰᠤᠨ ᠤ 60 ᠨᠠᠰᠤᠨ ᠠᠴᠠ ᠳᠡᠭᠡᠭᠰᠢᠬᠢ ᠰᠠᠭᠤᠭᠠᠯᠢ ᠠᠷᠠᠳ ᠪᠦᠬᠦᠨ ᠢᠶᠠᠷ ᠢᠶᠠᠨ ᠡᠮᠴᠢᠯᠡᠭᠡᠨ ᠤ ᠳᠠᠭᠠᠳᠬᠠᠯ ᠲᠤᠰᠢᠶᠠᠵᠤ᠂ ᠲᠡᠳᠡᠨ ᠢ ᠥᠲᠡᠯᠦᠭᠡ ᠨᠠᠰᠤᠨ ᠤ ᠠᠮᠢᠳᠤᠷᠠᠯ ᠢ ᠨᠢ ᠡᠳ᠋ᠯᠡᠭᠦᠯᠬᠦ ᠶᠢᠨ ᠬᠠᠮᠲᠤ ᠡᠮᠴᠢᠯᠡᠭᠡᠨ ᠤ ᠵᠠᠷᠤᠳᠠᠯ ᠤᠨ ᠠᠰᠠᠭᠤᠳᠠᠯ ᠳᠤ ᠳᠠᠬᠢᠨ ᠰᠠᠨᠠᠭ᠎ᠠ ᠵᠣᠪᠠᠭ᠋ᠤ ᠥᠬᠡᠶ᠂ ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠤᠯᠭᠠᠭᠤᠷᠢ ᠲᠠᠢ ᠪᠠᠶᠢᠬᠤ ᠶᠢ ᠦᠨᠡᠨ ᠬᠦ ᠪᠡᠶᠡᠯᠡᠭᠦᠯᠦᠨ᠎ᠡ᠃      ᠬᠤᠶᠠᠷ᠂ ᠪᠠᠭᠤᠷᠠᠶᠢᠴᠤᠤᠯ ᠢ ᠬᠠᠯᠠᠮᠵᠢᠯᠠᠬᠤ ᠠᠵᠢᠯᠯᠠᠭ᠎ᠠ      ᠮᠠᠨᠳᠤᠯ ᠪᠠᠯᠭᠠᠰᠤᠨ ᠤ ᠵᠡᠮᠳᠡᠭᠴᠦᠳ᠂ ᠶᠠᠳᠠᠭᠤ ᠬᠦᠴᠢᠷᠳᠡᠯᠲᠡᠢ ᠡᠮᠡᠭᠲᠡᠶᠢᠴᠦᠳ ᠬᠡᠦᠬᠡᠳ ᠲᠤ ᠡᠮᠴᠢᠯᠡᠭᠡᠨ ᠤ ᠳᠠᠭᠠᠳᠬᠠᠯ ᠲᠤᠰᠢᠶᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠡᠶᠢᠭᠡᠮ ᠤᠨ ᠡᠷᠬᠡ ᠲᠡᠭᠰᠢ ᠪᠠ ᠬᠠᠶᠢᠷ᠎ᠠ ᠬᠠᠯᠠᠮᠵᠢ ᠶᠢ ᠲᠠᠶᠢᠯᠪᠤᠷᠢᠯᠠᠵᠤ᠂ ᠬᠥᠮᠦᠨ ᠨᠢᠭᠡᠪᠦᠷᠢ ᠴᠥᠮ ᠡᠷᠡᠭᠦᠯ ᠮᠡᠨᠳᠦ ᠶᠢᠨ ᠡᠷᠬᠡ ᠲᠡᠭᠰᠢ ᠪᠠᠷ ᠦᠢᠯᠡᠴᠢᠯᠡᠭᠡ ᠬᠦᠷᠲᠡᠬᠦ ᠡᠷᠬᠡ ᠲᠠᠢ ᠪᠠᠶᠢᠬᠤ ᠶᠢ ᠪᠠᠲᠤᠯᠠᠨ᠎ᠠ᠃      ᠭᠤᠷᠪᠠ᠂ ᠵᠠᠯᠠᠭᠤ ᠰᠤᠷᠤᠭᠴᠢᠳ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ      2024 ᠣᠨ ᠠᠴᠠ ᠡᠬᠢᠯᠡᠨ᠂ ᠮᠠᠨᠳᠤᠯ ᠪᠠᠯᠭᠠᠰᠤ ᠪᠤᠢ ᠪᠦᠬᠦᠢ ᠰᠤᠷᠭᠠᠭᠤᠯᠢ ᠳᠤ ᠪᠠᠶᠢᠭ᠎ᠠ ᠤᠶᠤᠲᠠᠳ ᠲᠤ ᠬᠥᠮᠦᠨ ᠪᠦᠷᠢ ᠵᠢᠯ ᠳᠤ 1000 ᠲᠥᠭᠦᠷᠢᠭ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠳᠡᠮᠵᠢᠯᠭᠡ ᠬᠠᠩᠭᠠᠵᠤ᠂ ᠵᠠᠯᠠᠭᠤ ᠰᠤᠷᠤᠭᠴᠢᠳ ᠤᠨ ᠵᠣᠷᠢᠭᠲᠠᠢ ᠪᠠᠷ ᠮᠡᠳᠡᠯᠭᠡ ᠶᠢᠨ ᠨᠣᠶᠠᠨ ᠤᠷᠬᠢᠯ ᠳᠤ ᠭᠠᠷᠬᠤ ᠶᠢ ᠵᠣᠷᠢᠭᠵᠢᠭᠤᠯᠤᠨ᠎ᠠ᠃      ᠳᠥᠷᠪᠡ᠂ ᠬᠦᠨᠳᠦ ᠡᠪᠡᠳᠴᠢᠲᠡᠨ ᠢ ᠳᠠᠬᠢᠨ ᠳᠠᠩᠰᠠ ᠲᠠᠶᠢᠯᠪᠠ      ᠮᠠᠨᠳᠤᠯ ᠪᠠᠯᠭᠠᠰᠤᠨ ᠤ ᠬᠦᠨᠳᠦ ᠡᠪᠡᠳᠴᠢᠯᠡᠭᠰᠡᠳ ᠲᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠬᠤ ᠠᠴᠠ ᠭᠠᠳᠠᠨ᠎ᠠ᠂ ᠪᠠᠰᠠ 10% ᠶᠢᠨ ᠬᠤᠶᠠᠳᠠᠬᠢ ᠤᠳᠠᠭᠠᠨ ᠤ ᠳᠠᠩᠰᠠ ᠲᠠᠶᠢᠯᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ ︵ᠬᠤᠪᠢ ᠬᠥᠮᠦᠨ ᠤ ᠲᠠᠩᠰᠠ ᠲᠠᠶᠢᠯᠤᠭᠰᠠᠨ ᠤ ᠳᠠᠷᠠᠭ᠎ᠠ 5 ᠲᠦᠮᠡᠨ ᠲᠥᠭᠦᠷᠢᠭ ᠠᠴᠠ ᠬᠡᠲᠦᠷᠡᠬᠦ ᠥᠬᠡᠶ ᠪᠠᠶᠢᠳᠠᠯ ᠳᠤ ᠴᠢᠭᠯᠡᠭᠦᠯᠦᠨ᠎ᠡ︶᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号