ᠭᠡᠷᠰᠡᠦᠯᠡᠭᠡᠷᠡᠢ︕ ᠡᠶᠢᠮᠦ ᠴᠡᠷ ᠠᠷᠢᠯᠭᠠᠵᠤ ᠬᠠᠨᠢᠶᠠᠳᠤ ᠶᠢ ᠵᠣᠭᠰᠣᠭᠠᠬᠤ ᠡᠮ ᠳᠤ ᠥᠮᠡᠨ ᠡᠭᠦᠰᠭᠡᠬᠦ ᠪᠣᠳᠠᠰ ᠠᠭᠤᠯᠤᠬᠳᠠᠵᠤ ᠪᠠᠶᠢᠬᠤ ᠮᠠᠭᠠᠳ ᠦᠭᠡᠢ︕
ᠨᠡᠶᠢᠲᠡᠯᠡᠭᠰᠡᠨ ᠴᠠᠭ᠄
2024/10/24
      ᠠᠮᠧᠷᠢᠺᠠ ᠶᠢᠨ ︽ᠡᠳ᠋ ᠪᠠᠶᠠᠯᠢᠭ︾ ᠰᠡᠳᠭᠦᠯ ᠨᠢ 12 ᠤ ᠡᠳᠦᠷ ᠫᠧᠩ ᠪᠦᠸᠧ ᠬᠤᠷᠢᠶ᠎ᠠ ᠶᠢᠨ ᠡᠰᠢ ᠲᠠᠲᠠᠭᠰᠠᠨ ᠵᠠᠳᠠᠯᠤᠯᠲᠠ ᠶᠢᠨ ᠮᠡᠳᠡᠭᠡᠯᠡᠯ ᠢ ᠦᠨᠳᠦᠰᠦᠯᠡᠪᠡᠯ᠂ ᠠᠮᠧᠷᠢᠺᠠ ᠶᠢᠨ ᠸᠤᠯᠮ᠎ᠠ ᠵᠡᠷᠭᠡ ᠲᠣᠮᠣ ᠬᠡᠯᠪᠡᠷᠢ ᠶᠢᠨ ᠬᠡᠳᠦ ᠳᠡᠯᠭᠡᠭᠦᠷ ᠤᠨ ᠪᠣᠷᠣᠯᠠᠭᠤᠯᠤᠨ ᠬᠤᠳᠠᠯᠳᠤᠭᠰᠠᠨ ᠨᠢᠭᠡ ᠵᠦᠢᠯ ᠤᠨ ᠵᠣᠷ ᠤᠨ ᠪᠤᠰᠤ ᠴᠠᠷ ᠠᠷᠢᠯᠭᠠᠵᠤ ᠬᠠᠨᠢᠶᠠᠳᠤ ᠶᠢ ᠵᠣᠭᠰᠣᠭᠠᠬᠤ ᠡᠮ Mucinex ᠳᠤ ᠥᠮᠡᠨ ᠡᠭᠦᠰᠭᠡᠬᠦ ᠪᠣᠳᠠᠰ ᠪᠧᠨ᠋ᠽᠧᠨ ᠠᠭᠤᠯᠤᠬᠳᠠᠵᠤ ᠪᠠᠶᠢᠬᠤ ᠮᠠᠭᠠᠳ ᠦᠭᠡᠢ ᠭᠡᠪᠡ᠃ ᠣᠶᠢᠯᠠᠭᠠᠭᠰᠠᠨ ᠢᠶᠠᠷ᠂ ᠲᠣᠰ ᠡᠮ ᠢ ᠨᠠᠷᠠᠲᠤ ᠲᠡᠮᠳᠡᠭᠲᠦ ᠡᠮ ᠪᠠ ᠬᠡᠲᠦ ᠳᠡᠯᠭᠡᠭᠦᠷ ᠲᠤ ᠪᠣᠷᠣᠯᠠᠭᠤᠯᠬᠤ ᠨᠡᠶᠢᠳᠡᠮ ᠬᠡᠷᠡᠭᠯᠡᠬᠦ ᠡᠮ ᠭᠡᠬᠦ ᠬᠤᠶᠠᠷ ᠲᠥᠷᠥᠯ ᠳᠤ ᠬᠤᠪᠢᠶᠠᠵᠦ ᠪᠤᠢ᠃ ᠬᠡᠳᠦ᠋ᠢᠪᠡᠷ ᠬᠤᠶᠠᠷ ᠡᠮ ᠤᠨ ᠦᠢᠯᠡᠳᠦᠯ ᠨᠢ ᠠᠳᠠᠯᠢ ᠪᠣᠯᠪᠠᠴᠤ ᠨᠡᠶᠢᠳᠡᠮ ᠬᠡᠷᠡᠭᠯᠡᠬᠦ ᠡᠮ ᠳᠤ ᠬᠡᠷᠡᠭᠯᠡᠭᠰᠡᠨ ᠢᠳᠡᠪᠬᠢ ᠪᠣᠰᠣ ᠪᠦᠷᠢᠯᠳᠦᠬᠦᠨ ᠳᠤ ᠪᠧᠨ᠋ᠽᠧᠨ ᠠᠭᠤᠯᠤᠬᠳᠠᠵᠤ ᠪᠠᠶᠢᠵᠤ ᠮᠡᠳᠡᠨ᠎ᠡ᠃ ᠫᠡᠩ ᠪᠦᠸᠧ ᠬᠤᠷᠢᠶ᠎ᠠ ᠶᠢᠨ ᠵᠠᠰᠠᠭ ᠤᠨ ᠣᠷᠳᠣᠨ ᠤ ᠲᠤᠭ᠎ᠠ ᠪᠠᠷᠢᠮᠲᠠ ᠳᠤ ᠵᠠᠳᠠᠯᠤᠯᠳᠡ ᠬᠢᠭᠰᠡᠨ ᠠᠴᠠ ᠦᠵᠡᠪᠡᠯ᠂ ᠬᠡᠳᠦᠨ ᠵᠠᠭᠤᠨ ᠲᠦᠮᠡᠨ ᠬᠡᠷᠡᠭᠯᠡᠭᠴᠢ ᠪᠠᠶᠢᠳᠠᠯ ᠢ ᠮᠡᠳᠡᠬᠦ ᠦᠭᠡᠢ ᠪᠠᠶᠢᠳᠠᠯ ᠳᠣᠣᠷ᠎ᠠ ᠪᠧᠨ᠋ᠽᠧᠨ ᠠᠭᠤᠯᠤᠭᠰᠠᠨ ᠡᠮ ᠬᠤᠳᠠᠯᠳᠤᠨ ᠠᠪᠴᠤ ᠮᠡᠳᠡᠨ᠎ᠡ᠃ ᠪᠧᠨ᠋ᠽᠧᠨ ᠪᠣᠯ ᠨᠢᠭᠡᠨᠲᠡ ᠮᠡᠳᠡᠭᠰᠡᠨ ᠬᠦᠴᠦᠲᠡᠶ ᠥᠮᠡᠨ ᠡᠭᠦᠰᠭᠡᠬᠦ ᠪᠣᠳᠠᠰ ᠪᠤᠯᠬᠤ ᠪᠦᠭᠡᠳ ᠲᠡᠷᠡ ᠨᠢ ᠴᠢᠰᠤᠨ ᠤ ᠥᠮᠡᠨ ︵ᠵᠢᠱᠢᠶᠡᠯᠡᠪᠡᠯ ᠴᠢᠰᠤ ᠴᠠᠶᠢᠬᠤ ᠡᠪᠡᠳᠴᠢᠨ ᠪᠠ ᠯᠢᠮᠹᠠ ᠶᠢᠨ ᠬᠠᠪᠤᠳᠠᠷ︶ ᠡᠪᠡᠳᠴᠢᠨ ᠡᠭᠦᠰᠭᠡᠬᠦ ᠲᠠᠢ ᠨᠢᠭᠲᠠ ᠬᠤᠯᠪᠣᠭ᠎ᠠ ᠲᠠᠢ ᠪᠠᠶᠢᠳᠠᠭ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号