ᠪᠤᠭᠤᠲᠤ ᠬᠤᠲᠠ ᠥᠪᠡᠷᠲᠡᠭᠡᠨ ᠵᠠᠰᠠᠬᠤ ᠣᠷᠣᠨ ᠤ ᠲᠠᠰ ᠤᠨ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠶ ᠶᠢᠨ ︽ᠲᠢᠭ ᠤᠨ ᠰᠢᠪᠲᠤᠯᠤᠯᠲᠠ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/10/24
      ᠤᠯᠤᠰ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠶᠢᠷᠢᠯᠠᠭᠤᠯᠤᠯᠲᠠ ᠶᠢ ᠲᠤᠭᠤᠰᠢᠭᠤᠯᠤᠨ ᠨᠠᠶᠢᠳᠠᠪᠤᠷᠢᠵᠢᠭᠤᠯᠵᠤ᠂ ᠮᠠᠯ ᠵᠢᠭᠦᠷᠲᠡᠨ ᠤ ᠦᠷ᠎ᠡ ᠶᠢᠨ  ᠦᠢᠯᠡᠰ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠰᠢᠭᠤᠨ ᠤ ᠠᠵᠤ ᠠᠬᠤᠶᠢᠯᠠᠯ ᠤᠨ ︽  ᠡᠯᠡᠰᠦᠨ ᠴᠦᠯ ᠤᠨ  ᠴᠠᠰᠤᠨ ᠢᠷᠪᠢᠰ ᠤᠨ ᠮᠤᠷᠢ ᠪᠤᠶᠢᠵᠢᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ︾  ᠥᠪᠡᠷᠲᠡᠭᠡᠨ ᠵᠠᠰᠠᠬᠤ ᠣᠷᠣᠨ ᠤ ᠲᠠᠰ ᠤᠨ ︽ᠮᠠᠯ ᠵᠢᠭᠦᠷᠲᠡᠨ ᠤ ᠭᠤᠤᠯ ᠡᠭᠦᠯᠳᠡᠷ ᠬᠠᠮᠠᠭᠠᠯᠠᠬᠤ ᠲᠠᠯᠠᠪᠠᠶ︾ ᠭᠡᠬᠦ ᠡᠨᠡ ᠬᠦ ᠢᠷᠠᠭᠤ ᠠᠯᠳᠠᠷ ᠢ ᠬᠦᠷᠲᠡᠵᠦ᠂ ᠪᠤᠭᠤᠲᠤ ᠬᠤᠲᠠ ᠶᠢᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠲᠠᠰ ᠤᠨ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠶ ᠶᠢᠨ ︽  ᠲᠢᠭ ᠤᠨ ᠰᠢᠪᠲᠤᠯᠤᠯᠲᠠ︾ ᠶᠢ ᠪᠡᠶᠡᠯᠡᠭᠦᠯᠪᠡ᠃    ᠣᠶᠢᠷ᠎ᠠ ᠶᠢᠨ ᠵᠢᠯ ᠤᠳ ᠲᠤ᠂ ᠳᠠᠷᠬᠠᠨ ᠮᠤᠤᠮᠢᠩᠭᠠᠨ ᠬᠤᠯᠪᠤᠭᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠣᠰ ᠭᠠᠵᠠᠷ ᠣᠷᠣᠨ ᠤ ᠪᠠᠨ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠨ ᠰᠤᠩᠭᠤᠨ ᠪᠤᠶᠢᠵᠢᠭᠤᠯᠬᠤ ᠠᠵᠢᠯ ᠢ ᠳᠡᠮᠵᠢᠬᠦ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂  ᠴᠠᠰᠤᠨ ᠢᠷᠪᠢᠰ ᠤᠨ  ᠠᠳᠤᠭᠤᠨ ᠤ ᠰᠣᠩᠭᠤᠨ ᠪᠤᠶᠢᠵᠢᠭᠤᠯᠬᠤ ᠲᠠᠯ᠎ᠠ ᠪᠠᠷ ᠭᠤᠤᠯᠳᠠᠯᠭ᠎ᠠ ᠲᠠᠢ ᠪᠠᠯᠠ ᠮᠥᠩᠭᠦ ᠪᠠ ᠮᠡᠷᠭᠡᠵᠢᠯ ᠤᠨ ᠲᠡᠳᠬᠦᠮᠵᠢ ᠦᠵᠡᠭᠦᠯᠵᠦ᠂ ᠣᠲᠣ ᠦᠶ᠎ᠡ ᠶᠢᠨ ᠬᠤᠳᠠᠯᠳᠤᠭᠠᠨ ᠤ ᠡᠵᠡᠩᠨᠡᠯᠲᠡ ᠶᠢᠨ ᠵᠠᠭᠪᠤᠷ ᠢᠶᠠᠷ ᠳᠠᠮᠵᠢᠭᠤᠯᠤᠨ ᠲᠡᠭᠦᠨ ᠤ ᠥᠷᠲᠡᠭ ᠢ ᠨᠡᠭᠡᠭᠡᠨ ᠬᠥᠭᠵᠢᠭᠦᠯᠪᠡ᠃ ᠣᠳᠣᠬᠠᠨ ᠳᠤ ᠡᠯᠡᠰᠦᠨ ᠴᠥᠯ ᠤᠨ ᠴᠠᠰᠤᠨ ᠢᠷᠪᠢᠰ ᠪᠤᠶᠢᠵᠢᠭᠤᠯᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ  ᠴᠠᠰᠤᠨ ᠢᠷᠪᠢᠰ ᠤᠨ ᠠᠳᠤᠭᠤᠨ ᠤ ᠲᠤᠭ᠎ᠠ 430 ᠭᠠᠷᠤᠶ ᠳᠤ ᠬᠦᠷᠴᠡᠢ᠃     ᠡᠨᠡ ᠬᠦ ᠴᠤᠯᠠ ᠶᠢ ᠤᠯᠤᠭᠰᠠᠨ ᠨᠢ ᠮᠠᠨ ᠤ ᠬᠤᠰᠢᠭᠤᠨ ᠤ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠳᠤ ᠲᠦᠢᠯ ᠤᠨ ᠶᠡᠭᠡ ᠵᠣᠷᠢᠭᠵᠢᠭᠤᠯᠤᠯ ᠤᠨ ᠦᠢᠯᠡᠳᠦᠯ ᠦᠵᠡᠭᠦᠯᠵᠦ᠂ ᠲᠠᠷᠠᠭᠠᠴᠢ ᠪᠠᠷ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠮᠣᠩᠭᠤᠯ ᠠᠳᠤᠭᠤ ︵ᠴᠠᠰᠤᠨ ᠢᠷᠪᠢᠰ ᠤᠨ ᠮᠣᠷᠢ︶ ᠶᠢᠨ ᠡᠭᠦᠯᠳᠡᠷ ᠢ ᠬᠠᠮᠠᠭᠠᠯᠠᠨ ᠪᠤᠶᠢᠵᠢᠭᠤᠯᠬᠤ ᠭᠤᠤᠯᠯᠠᠬᠤ ᠰᠦᠷᠦᠭ ᠤᠨ ᠰᠡᠳᠬᠢᠮᠵᠢ ᠠᠷᠭ᠎ᠠ ᠶᠢ ᠳᠡᠯᠭᠡᠷᠡᠭᠦᠯᠦᠨ ᠬᠡᠷᠡᠭᠯᠡᠵᠦ ᠂ ᠮᠠᠨ ᠤ ᠤᠯᠤᠰ ᠤᠨ ᠤᠮᠠᠷᠠᠲᠤ ᠬᠢᠯᠢ ᠵᠢᠴᠢ ᠪᠤᠰᠤᠳ ᠲᠣᠬᠢᠷᠠᠮᠵᠢᠲᠠᠶ ᠭᠠᠵᠠᠷ ᠣᠷᠣᠨ ᠳᠤ ᠳᠡᠯᠭᠡᠷᠡᠭᠦᠯᠦᠨ᠂ ᠮᠠᠯᠴᠢᠳ ᠤᠨ ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠡᠷᠭᠦᠯᠲᠡ ᠵᠡᠷᠭᠡ ᠶᠢ ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃ ᠡᠭᠦᠨ ᠤ ᠬᠠᠮᠲᠤ ᠤᠨᠴᠠᠯᠢᠬᠳᠤ ᠠᠵᠤ ᠦᠢᠯᠡᠰ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠳᠡᠮᠵᠢᠵᠦ᠂ ᠰᠢᠨ᠎ᠡ ᠬᠡᠯᠪᠡᠷᠢ ᠶᠢᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠭᠤᠤᠯ ᠴᠣᠭᠴᠠ ᠶᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠪᠠᠶᠢᠭᠠᠳ ︽ᠡᠭᠦᠯᠳᠡᠷ ᠬᠠᠮᠠᠭᠠᠯᠠᠬᠤ  + ᠰᠣᠶᠣᠯ ᠵᠢᠭᠤᠯᠴᠢᠯᠠᠯ︾ ᠳᠠᠰᠢ ᠬᠥᠭᠵᠢᠭᠦᠯᠵᠦ᠂ ᠡᠭᠦᠨ ᠤ ᠤᠯᠠᠮ ᠠᠴᠠ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠭᠦᠨᠵᠡᠭᠡᠶᠢᠷᠡᠭᠦᠯᠦᠨ᠂ ᠦᠷ᠎ᠡ ᠶᠢᠨ ᠮᠠᠯ ᠤᠨ ᠤᠳᠤᠮᠯᠠᠯ ᠤᠨ ᠡᠬᠢ ᠪᠠᠶᠠᠯᠢᠭ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠵᠡᠷᠭᠡ ᠪᠠᠷ ᠬᠥᠭᠵᠢᠭᠦᠯᠬᠦ ᠶᠢ ᠪᠡᠶᠡᠯᠡᠭᠦᠯᠦᠨ᠎ᠡ᠃
 
ᠢᠷᠡᠯᠲᠡ᠄ ᠲᠠᠷᠬᠠᠨ ᠮᠤᠤᠮᠢᠩᠭᠠᠨ ᠬᠤᠯᠪᠤᠭᠠᠳᠦ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号